ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠰᠠᠭᠢᠵᠤ ᠪᠠᠶᠢᠭ᠎ᠠ ᠺᠠᠳ᠋ᠷ ᠠᠵᠢᠯᠳᠠᠳ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2019-02-12
    ᠤᠶᠢᠷ᠎ᠠ ᠶᠢᠨ ᠡᠳᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠬᠤᠯᠪᠤᠭᠳᠠᠯ ᠪᠥᠭᠦᠢ ᠬᠠᠷᠢᠭᠤᠴᠠᠯᠭᠠᠳᠠᠳ ᠢ ᠲᠠᠭᠠᠭᠤᠯᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠥᠯᠥᠭᠡᠯᠡᠵᠣ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠰᠠᠭᠢᠵᠤ ᠪᠠᠶᠢᠭ᠎ᠠ ᠨᠢᠭᠡᠳᠤᠭᠡᠷ ᠹᠷᠤᠨᠲ ᠤᠨ ᠺᠠᠳ᠋ᠷ ᠠᠵᠢᠯᠳᠠᠳ ᠢ ᠪᠤᠯᠭᠤᠭᠠᠨ ᠲᠤᠬᠤᠨᠢᠭᠤᠯᠵᠤ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠭᠥᠭᠵᠢᠯᠳᠠ ᠳᠤ ᠬᠤᠪᠢ ᠨᠠᠮᠠᠷᠢ ᠡᠷᠬᠦᠭᠰᠡᠨ ᠳᠤ ᠨᠢ ᠲᠠᠯᠠᠷᠬᠠᠬᠤ ᠶᠢᠨ ᠬᠠᠮᠳᠤ ᠵᠢᠯ ᠴᠠᠭᠠᠨ ᠰᠠᠷ᠎ᠠ ᠶᠢᠨ ᠮᠠᠨᠳᠤᠴᠢᠯᠠᠯ ᠭᠥᠷᠭᠡᠭᠰᠠᠨ ᠪᠠᠶᠢᠨ᠎ᠠ᠃
    ᠵᠠᠩ ᡁᠢ ᠰᠢᠦ᠋ᠩ ᠨᠠᠷ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ 854 ᠲᠠᠮᠵᠢᠭᠤᠯᠬᠤ ᠥᠷᠳᠡᠭᠡ᠂ ᠬᠤᠸᠠ ᠹᠦ᠋ ᠰᠧᠨ ᠠᠳᠠᠯ ᠠᠬᠤᠢ ᠶᠢᠨ ᠣᠶᠢᠯᠡᠰ ᠤᠨ ᠺᠤᠮᠫᠠᠨᠢ᠂ ᠪᠠᠶᠢᠭᠠᠯᠢ ᠶᠢᠨ ᠰᠢᠳᠠᠮᠠᠬᠠᠢ ᠭᠡᠢ ᠶᠢᠨ ᠺᠤᠮᠫᠠᠨᠢ᠂ ᠷᠡᠳᠢᠤ᠋ ᠲᠧᠯᠸᠢᠰ ᠲᠤᠤᠷ ᠰᠥᠯᠵᠢᠶᠠᠨ ᠤ ᠺᠤᠮᠫᠠᠨᠢ ᠵᠠᠷᠭᠡ ᠰᠠᠯᠠᠭ᠎ᠠ ᠮᠥᠴᠢᠷ ᠲᠤ ᠭᠥᠨᠵᠡᠭᠡᠶᠢᠷᠠᠨ ᠠᠵᠢᠯ ᠤᠨ ᠪᠠᠶᠢᠷᠢ ᠪᠠᠨ ᠰᠠᠭᠢᠵᠤ ᠪᠠᠶᠢᠭ᠎ᠠ ᠨᠢᠭᠡᠳᠤᠭᠡᠷ ᠹᠷᠤᠨᠲ ᠤᠨ ᠺᠠᠳ᠋ᠷ ᠠᠵᠢᠯᠳᠠᠳ ᠲᠠᠢ ᠲᠤᠳᠤᠨᠤᠰᠤᠭ ᠢᠶᠠᠷ ᠶᠠᠷᠢᠯᠴᠠᠨ᠂  ᠡᠯ᠎ᠠ  ᠰᠠᠯᠠᠭ᠎ᠠ ᠮᠥᠴᠢᠷ ᠤᠨ ᠵᠢᠵᠢᠭᠦᠷᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠣ ᠲᠠᠳᠠᠨ ᠤ ᠠᠵᠢᠯ ᠤᠨ ᠪᠠᠶᠢᠷᠢ ᠪᠠᠨ ᠪᠠᠳᠤ ᠰᠠᠭᠢᠵᠤ᠂ ᠣᠯᠠᠨ ᠲᠥᠮᠡᠨ ᠤ ᠪᠠᠶᠠᠷ ᠤᠨ ᠡᠳᠤᠷ ᠤᠨ ᠬᠤᠭᠤᠴᠠᠭᠠᠨ ᠤ ᠠᠮᠢᠳᠤᠷᠠᠯ ᠤᠨ ᠡᠮᠭᠢ ᠲᠢᠭᠯᠢᠮ ᠢ ᠬᠠᠮᠠᠭᠠᠯᠠᠨ ᠡᠶ᠎ᠡ ᠵᠤᠭᠢᠴᠠᠯ ᠲᠠᠢ ᠠᠮᠤᠷ ᠲᠤᠭᠳᠠᠭᠤᠨ ᠪᠠᠶᠠᠷ ᠤᠨ ᠡᠳᠤᠷ ᠤᠨ ᠠᠭᠤᠷ ᠠᠮᠢᠰᠬᠤᠯ ᠢ ᠪᠥᠷᠢᠯᠳᠤᠭᠦᠯᠵᠤ ᠥᠭᠭᠦᠭᠰᠠᠨ ᠳᠤ ᠳᠠᠯᠠᠷᠬᠠᠯ ᠳᠠᠪᠰᠢᠬᠦᠯᠥᠭᠰᠡᠨ ᠪᠠᠶᠢᠨ᠎ᠠ᠃ ᠮᠥᠨᠴᠤ ᠲᠠᠶᠠᠭᠠᠷ ᠢᠶᠠᠨ ᠰᠢᠨ᠎ᠠ ᠨᠢᠭᠡᠨ ᠵᠢᠯ ᠳᠤ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ ᠬᠠᠷᠠᠮ ᠥᠭᠡᠢ ᠵᠢᠳᠭᠦᠭᠦ ᠵᠤᠷᠢᠭ ᠰᠠᠨᠠᠭ᠎ᠠ ᠪᠠᠨ ᠥᠷᠭᠦᠯᠵᠢᠯᠠᠨ ᠪᠠᠳᠠᠷᠠᠭᠤᠯᠵᠤ᠂ ᠠᠵᠢᠯ ᠥᠢᠯᠡᠰ ᠢᠶᠠᠨ ᠲᠡᠭᠡᠳᠤᠯᠠᠨ ᠲᠤᠬᠠᠶᠢᠯᠠᠭᠰᠠᠨ ᠠᠵᠢᠯ ᠢᠶᠠᠨ ᠰᠠᠶᠢᠨ ᠭᠢᠵᠤ ᠰᠢᠨ᠎ᠠ ᠥᠷ᠎ᠠ ᠪᠥᠳᠥᠮᠵᠢ ᠭᠠᠷᠭᠠᠨ ᠪᠥᠭᠦ ᠬᠤᠰᠢᠭᠤᠨ ᠤ ᠤᠯᠠᠨ ᠲᠥᠮᠡᠨ ᠤ ᠪᠠᠶᠠᠷ ᠪᠠᠶᠠᠰᠤᠯ ᠲᠠᠢ ᠪᠠᠷ ᠵᠢᠯ ᠴᠠᠭᠠᠨ ᠰᠠᠷ᠎ᠠ ᠪᠠᠨ ᠥᠩᠭᠡᠷᠡᠭᠦᠯᠭᠦ ᠶᠢ ᠪᠠᠳᠤᠯᠠᠨ ᠮᠠᠨ ᠤ ᠬᠤᠰᠢᠭᠤᠨ ᠤ ᠠᠵᠤ ᠠᠬᠤᠢ ᠨᠠᠶᠢᠭᠡᠮ ᠤᠨ ᠭᠥᠭᠵᠢᠯᠳᠠ ᠳᠤ ᠨᠡᠩ ᠶᠡᠭᠡ ᠬᠤᠪᠢ ᠨᠡᠮᠡᠷᠢ ᠭᠠᠷᠭᠠᠬᠤ ᠶᠢ ᠭᠥᠰᠠᠵᠤ ᠪᠠᠶᠢᠨ᠎ᠠ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号