ᠦᠥᠰᠢᠨ ᠬᠤᠰᠢᠭᠤᠨ ᠤ ᠣᠯᠠᠭᠠᠠᠮᠦ᠋ᠴᠢᠷ  ︽ᠰᠤᠶᠤᠯ ᠤᠨ ᠲᠡᠬᠡᠵᠢ︾ ᠲᠠᠢ ᠠᠶᠢᠯᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2019-02-12
    ᠴᠠᠭᠠᠨ ᠰᠠᠷ᠎ᠠ ᠶᠢᠨ ᠬᠤᠭᠤᠴᠠᠭᠠᠨ ᠳᠤ ᠦᠥᠰᠢᠨ ᠬᠤᠰᠢᠭᠤᠨ ᠤ ᠣᠯᠠᠭᠠᠠᠮᠦ᠋ᠴᠢᠷ ᠤᠨ ᠲᠤᠭᠯᠠᠭᠴᠢᠳ ᠦᠨᠳᠦᠰᠦᠨ ᠱᠠᠳᠤᠨ ᠤ ᠤᠯᠠᠨ ᠲᠦᠮᠡᠨ ᠳᠤ ︽ᠰᠤᠶᠤᠯ ᠤᠨ ᠲᠡᠬᠡᠵᠢ︾ ᠲᠠᠢ ᠠᠶᠢᠯᠴᠢᠯᠠᠵᠤ ᠪᠠᠶᠢᠨ᠎ᠠ᠃     ᠣᠶᠢᠷ᠎ᠠ ᠶᠢᠨ ᠡᠳᠦᠷ ᠦᠥᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠪᠤᠵᠠᠢ ᠭᠠᠴᠠᠭᠠᠨ ᠤ ᠮᠠᠰᠢᠪᠠᠳᠤ  ᠂ ᠸᠠᠩᠵᠢᠳᠬᠤᠷᠯᠤ ᠨᠠᠰᠤᠳᠠᠨ ᠤ ᠳᠤ ᠤᠨᠴᠠᠭᠠᠢ ᠨᠢᠬᠡ ᠪᠦᠯᠦᠭ ᠬᠡᠶᠢᠴᠢᠨ ᠠᠶᠢᠯᠴᠢᠯᠠᠨ ᠢᠷᠡᠯ᠎ᠡ᠃ ᠡᠳᠡᠬᠡᠷ ᠬᠡᠶᠢᠴᠢᠨ ᠪᠤᠯ ᠲᠠᠷᠤᠢ ᠦᠥᠰᠢᠨ ᠬᠤᠰᠢᠭᠤᠨ ᠤ ᠣᠯᠠᠭᠠᠠᠮᠦ᠋ᠴᠢᠷ ᠤᠨ ᠬᠡᠰᠡᠭ ᠲᠤᠭᠯᠠᠭᠴᠢᠳ ᠪᠤᠯᠤᠨ᠎ᠠ᠃ ᠬᠤᠶᠠᠷ ᠨᠠᠰᠤᠳᠠᠨ  ᠲᠠᠢ ᠵᠢᠯ ᠴᠠᠭᠠᠨ ᠰᠠᠷ᠎ᠠ ᠶᠢᠨ ᠠᠮᠣᠷ ᠮᠠᠨᠳᠣ ᠠᠰᠠᠭᠤᠨ ᠵᠣᠯᠭᠠᠵᠣ ᠰᠢᠨ᠎ᠡ ᠶᠢᠨ ᠴᠠᠢ ᠠᠮᠰᠠᠭᠰᠠᠨ ᠤ ᠳᠠᠷᠠᠭ᠎ᠠ ᠰᠢᠨ᠎ᠡ  ᠶᠢᠨ ᠲᠡᠬᠡᠵᠢ ᠪᠠᠨ ᠲᠠᠯᠪᠢᠯ᠎ᠠ᠃ ᠬᠠᠷᠢᠨ ᠡᠨᠡ ᠤᠳᠠᠭᠠᠨ ᠤ ᠰᠢᠨ᠎ᠡ ᠶᠢᠨ ᠲᠡᠬᠡᠵᠢ ᠲᠤᠳᠤᠷ᠎ᠠ ᠰᠤᠶᠤᠯ ᠤᠨ ᠲᠡᠬᠡᠵᠢ ᠪᠤᠯᠬᠤ ᠤᠯᠠᠭᠠᠨᠮᠦ᠋ᠴᠢᠷ ᠤᠨ ᠲᠤᠭᠯᠠᠯᠳᠠ ᠨᠢ ᠬᠤᠶᠠᠷ ᠨᠠᠰᠤᠳᠠᠨ ᠢ ᠠᠷᠭ᠎ᠠ ᠦᠬᠡᠢ ᠪᠠᠶᠠᠷᠯᠠᠭᠤᠯᠵᠠᠢ᠃
    ᠤᠯᠠᠭᠠᠨᠮᠦ᠋ᠴᠢᠷ ᠤᠨ ᠲᠤᠭᠯᠠᠭᠴᠢᠳ ᠶᠠᠭᠤᠨ ᠤ ᠡᠮᠦᠨ᠎ᠡ ︽ᠠᠬᠢᠳᠤ ᠲᠤᠯᠤᠭᠠᠢ︾ ᠬᠡᠬᠦ ᠤᠷᠳᠤᠰ ᠠᠷᠠᠳ ᠤᠨ ᠲᠠᠭᠤᠤ ᠶᠢ ᠲᠠᠭᠤᠯᠠᠵᠤ ᠬᠤᠶᠠᠷ ᠨᠠᠰᠤᠳᠠᠨ ᠤ ᠴᠠᠭ ᠤᠨ ᠰᠠᠶᠢᠬᠠᠨ ᠳᠤ ᠤᠳᠠᠭᠠᠨ ᠵᠢᠷᠭᠠᠵᠤ ᠤᠷᠳᠤ ᠨᠠᠰᠤᠯᠠᠬᠤ ᠶᠢ ᠢᠷᠦᠬᠡᠨ ᠵᠦᠩᠨᠡᠵᠣ ᠲᠠᠷᠠᠭ᠎ᠠ ᠨᠢ ᠬᠤᠶᠠᠷ ᠨᠠᠰᠤᠳᠠᠨ ᠤ ᠰᠤᠨᠤᠰᠬᠤ ᠲᠤᠷᠠᠳᠠᠢ ︽ᠵᠢᠷᠠᠨ ᠬᠠᠶᠢᠯᠠᠰᠤ︾  ᠂ ︽ ᠰᠠᠩᠮᠠᠢ ᠪᠤᠯᠠᠭ︾  ᠵᠡᠷᠬᠡ ᠠᠷᠠᠳ ᠤᠨ ᠲᠠᠭᠤᠤ ᠪᠦᠵᠢᠭ ᠢ ᠰᠤᠨᠢᠷᠬᠠᠭᠤᠯᠤᠯ᠎ᠠ᠃ ᠬᠤᠶᠠᠷ ᠨᠠᠰᠤᠳᠠᠨ ᠴᠤ ᠲᠤᠩ ᠪᠠᠶᠠᠷᠯᠠᠵᠤ ᠣᠯᠠᠭᠠᠠᠮᠦ᠋ᠴᠢᠷ ᠤᠨ ᠲᠤᠭᠯᠠᠭᠴᠢᠳ ᠲᠠᠢ ᠬᠠᠮᠳᠤ ᠲᠠᠭᠤᠯᠠᠵᠤ ᠦᠷᠦᠬᠡ ᠲᠦᠬᠦᠷᠡᠩ ᠬᠦᠷ ᠨᠠᠷᠬᠢᠶᠠᠨ ᠴᠡᠯᠬᠢᠭᠤᠯᠵᠣ ᠵᠢᠷᠭᠠᠯᠳᠤ ᠠᠮᠢᠳᠤᠷᠠᠯ ᠤᠨ ᠬᠦᠭᠵᠢᠮᠯᠢᠭ ᠠᠶᠠᠰ ᠢ ᠲᠡᠷᠡᠬᠡᠨ ᠵᠠᠭᠤᠷ᠎ᠠ ᠬᠦᠳᠡᠭᠡ ᠨᠤᠳᠤᠭ ᠲᠤ ᠴᠤᠤᠷᠢᠶᠠᠳᠠᠭᠤᠯᠤᠯ᠎ᠠ  ᠃  ᠮᠠᠰᠢᠪᠠᠳᠤ  ᠂ ᠸᠠᠩᠵᠢᠳᠬᠤᠷᠯᠤ ᠬᠤᠶᠠᠷ ᠨᠠᠰᠤᠳᠠᠨ ᠪᠦᠷ ᠨᠠᠶᠠ ᠶᠢᠨ ᠲᠠᠪᠠᠭ᠎ᠠ ᠶᠢ ᠲᠠᠪᠠᠵᠤ᠂  ᠬᠡᠥᠬᠡᠳ ᠠᠴᠢᠨᠠᠷ ᠤᠨ ᠢᠶᠠᠨ ᠬᠠᠯᠠᠮᠵᠢᠯᠠᠯ᠂ ᠴᠠᠭ ᠲᠦᠷᠦ ᠶᠢᠨ ᠬᠠᠷᠠᠭᠠᠯᠵᠠᠯ ᠢᠶᠠᠷ ᠲᠡᠨᠢᠬᠦᠨ ᠲᠠᠭᠠᠳᠠᠢ ᠠᠮᠢᠳᠤᠷᠠᠵᠤ ᠶᠠᠪᠤᠨ᠎ᠠ᠃

    ᠴᠠᠭᠠᠨ ᠰᠠᠷ᠎ᠠ ᠶᠢᠨ ᠬᠤᠭᠤᠴᠠᠭᠠᠨ ᠳᠤ ᠦᠥᠰᠢᠨ ᠬᠤᠰᠢᠭᠤᠨ ᠤ ᠣᠯᠠᠭᠠᠠᠮᠦ᠋ᠴᠢᠷ ᠤᠨ ᠬᠢᠨ ᠲᠤᠬᠤᠨᠢᠭᠤᠯᠬᠤ

ᠲᠤᠭᠯᠠᠯᠳᠠ ᠪᠠᠨ ᠲᠤᠰᠬᠠᠶᠢᠯᠠᠨ ᠶᠠᠪᠤᠵᠤ ᠰᠠᠭᠤᠬᠤ ᠳᠤ ᠲᠦᠬᠦᠮ ᠦᠬᠡᠢ᠂ ᠵᠠᠮ ᠬᠠᠷᠢᠯᠴᠠᠭ᠎ᠠ ᠪᠤᠶᠢᠳᠠ ᠪᠦᠭᠯᠡᠬᠦᠣ

ᠵᠡᠷᠬᠡ ᠭᠠᠵᠠᠷ ᠤᠨ ᠬᠦᠮᠦᠰ ᠲᠤ ᠬᠦᠷᠬᠡᠵᠦ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠳᠡᠬᠡᠵᠦ ᠪᠤᠢ᠃

    ᠦᠤᠰᠢᠨ ᠬᠤᠰᠢᠭᠤᠨ ᠤ ᠣᠯᠠᠭᠠᠠᠮᠦ᠋ᠴᠢᠷ ᠤᠨ ᠬᠢᠨ ︽ᠲᠠᠯ᠎ᠠ ᠨᠤᠳᠤᠭ ᠤᠨ ᠬᠦᠩᠬᠡᠨ ᠮᠤᠷᠢᠳᠦ ᠴᠡᠷᠢᠭ︾  

ᠬᠡᠰᠡᠨ ᠰᠠᠶᠢᠬᠠᠨ ᠢᠷᠠᠭᠤ ᠠᠯᠳᠠᠷ ᠲᠤ ᠪᠠᠨ ᠲᠡᠩᠴᠡᠬᠦ ᠶᠢᠨ ᠡᠬᠦᠳᠡᠨ ᠠᠴᠠ ᠨᠠᠮ ᠤᠨ ᠲᠦᠷᠦ ᠶᠢᠨ ᠪᠤᠳᠤᠯᠭ᠎ᠠ ᠶᠢ

ᠤᠯᠠᠨ ᠲᠦᠮᠡᠨ ᠳᠤ ᠤᠬᠠᠭᠤᠯᠤᠨ ᠲᠠᠮᠵᠢᠭᠤᠯᠵᠤ ᠰᠠᠶᠢᠨ ᠰᠠᠶᠢᠬᠠᠨ ᠠᠮᠢᠳᠤᠷᠠᠯ᠂ ᠰᠠᠶᠢᠨ ᠰᠠᠶᠢᠬᠠᠨ ᠴᠠᠭ ᠦᠶ᠎ᠡ ᠶᠢ

ᠮᠠᠭᠳᠠᠨ ᠳᠠᠭᠤᠯᠠᠵᠣ᠂ ᠲᠤᠭᠯᠠᠯᠳᠠ ᠪᠠᠨ ᠴᠠᠭᠠᠨ ᠰᠠᠷ᠎ᠠ ᠶᠢᠨ ᠠᠷᠪᠠᠨ ᠬᠡᠳᠦᠨ ᠪᠤᠯᠳᠠᠯ᠎ᠠ ᠦᠷᠬᠦᠯᠵᠢᠯᠡᠨ

ᠶᠠᠪᠤᠭᠳᠠᠭᠤᠯᠬᠤ ᠪᠠᠷ ᠪᠠᠶᠢᠨ᠎ᠠ᠃

 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号