ᠠᠵᠢᠯ ᠤᠨ ᠪᠠᠶᠢᠷᠢ ᠪᠠᠨ ᠴᠢᠩᠭ᠎ᠠ ᠰᠠᠬᠢᠵᠤ ᠶᠠᠪᠤᠭ᠎ᠠ ᠦᠨᠳᠦᠰᠦᠨ ᠱᠠᠳᠤᠨ ᠤ ᠴᠠᠬᠢᠯᠭᠠᠨ ᠤ ᠠᠵᠢᠯᠴᠢᠨ — ᠸᠠᠨ ᠵᠦᠩ ᠬᠤᠸᠠ
ᠨᠡᠶᠢᠲᠡᠯᠡᠭᠰᠡᠨ ᠴᠠᠭ᠄
2019-02-12
   ᠴᠠᠭᠠᠨ ᠰᠠᠷ᠎ᠠ ᠪᠣᠯᠬᠤ ᠳᠤ ᠬᠦᠮᠦᠰ ᠬᠡᠷ ᠲᠡᠭᠡᠨ ᠬᠠᠷᠢᠵᠤ ᠠᠪᠤ ᠡᠵᠢ᠂ ᠠᠬ᠎ᠠ ᠳᠡᠬᠦᠦ᠂ ᠦᠷ᠎ᠡ ᠬᠡᠣᠬᠡᠳ ᠲᠠᠢ  ᠪᠠᠨ ᠬᠠᠮᠳᠣ ᠪᠠᠶᠠᠷᠯᠠᠯᠳᠤᠨ ᠴᠡᠩᠬᠡᠯᠳᠣᠵᠣ ᠵᠢᠯ ᠴᠠᠭᠠᠨ ᠰᠠᠷ᠎ᠠ ᠪᠠᠨ ᠪᠠᠶᠠᠷ ᠬᠦᠷ ᠲᠠᠢ ᠪᠠᠷ ᠦᠩᠬᠡᠷᠡᠬᠡᠳᠡᠭ ᠶᠣᠮ᠃ ᠬᠠᠷᠢᠨ ᠲᠡᠬᠡᠬᠦ ᠳᠤ ᠦᠨᠳᠣᠰᠣᠨ ᠱᠠᠳᠣᠨ ᠤ ᠴᠠᠬᠢᠯᠭᠠᠨ ᠤ ᠠᠵᠢᠯᠴᠢᠳ ᠨᠡᠷ ᠣᠯᠠᠨ ᠲᠦᠮᠡᠨ ᠤ ᠡᠳᠦᠷ ᠳᠣᠳᠣᠮ ᠤ ᠠᠮᠢᠳᠣᠷᠠᠯ ᠣᠶᠢᠯᠡᠳᠪᠣᠷᠢᠯᠡᠯ ᠤᠨ ᠬᠢᠨᠢ ᠡᠮᠬᠢ ᠵᠢᠷᠣᠮ ᠢ ᠬᠠᠮᠠᠭᠠᠯᠠᠨ ᠠᠮᠣᠷ ᠳᠣᠭᠳᠠᠭᠤᠨ ᠡᠶ᠎ᠡ ᠵᠣᠬᠢᠴᠠᠯ ᠲᠠᠢ ᠪᠠᠶᠠᠷ  ᠤᠨ ᠡᠳᠦᠷ ᠤᠨ ᠠᠭᠤᠷ ᠠᠮᠢᠰᠬᠤᠯ ᠢ ᠪᠦᠷᠢᠯᠳᠦᠬᠦᠯᠵᠣ ᠦᠭᠬᠦ ᠶᠢᠨ ᠲᠥᠯᠥᠬᠡ ᠦᠪᠡᠷ ᠤᠨ ᠢᠶᠠᠨ ᠠᠵᠢᠯ ᠤᠨ ᠪᠠᠶᠢᠷᠢ  ᠪᠠᠨ ᠴᠢᠩᠭ᠎ᠠ ᠰᠠᠬᠢᠵᠤ ᠡᠬᠦᠷᠬᠡ ᠬᠠᠷᠢᠭᠤᠴᠠᠯᠭ᠎ᠠ ᠪᠠᠨ ᠵᠣᠷᠢᠭᠳᠡᠢ ᠡᠬᠦᠷᠬᠡᠯᠡᠨ ᠬᠡᠷ ᠲᠡᠭᠡᠨ ᠬᠠᠷᠢᠵᠤ ᠰᠢᠨᠡᠯᠵᠣ ᠳᠠᠶᠢᠯᠳᠡᠭ ᠦᠬᠡᠢ ᠪᠠᠶᠢᠯ᠎ᠠ᠃ ᠸᠠᠨ ᠵᠦᠩ ᠬᠤᠸᠠ ᠪᠣᠯ ᠡᠳᠡᠬᠡᠷ ᠬᠦᠮᠦᠰ ᠤᠨ ᠨᠢᠬᠡ ᠨᠢ ᠪᠢᠯᠡ᠃     ᠸᠠᠨ ᠵᠦᠩ ᠬᠤᠸᠠ ᠲᠤᠯᠢ ᠴᠠᠬᠢᠯᠭᠠᠨ ᠬᠠᠩᠭᠠᠬᠤ ᠦᠷᠳᠡᠬᠡᠨ ᠳᠤ ᠠᠵᠢᠯᠯᠠᠵᠣ ᠳᠣᠰ ᠦᠷᠳᠡᠭᠡ ᠨᠢ ᠲᠤᠯᠢ᠂ ᠬᠦᠬᠡᠮᠠᠩᠬ᠎ᠠ ᠵᠡᠷᠬᠡ ᠲᠠᠪᠤᠨ ᠭᠠᠴᠠᠭᠠᠨ ᠤ 1000 ᠢᠯᠡᠬᠦᠦ ᠮᠠᠯᠴᠢᠨ ᠲᠠᠷᠢᠶᠠᠴᠢᠨ ᠡᠷᠦᠬᠡ ᠪᠡ ᠬᠤᠷᠢᠭᠠᠳ ᠠᠵᠤ ᠠᠬᠤᠶᠢᠯᠠᠯ ᠳᠤ ᠴᠠᠬᠢᠯᠭᠠᠨ ᠬᠠᠩᠭᠠᠵᠣ᠂ ᠴᠠᠬᠢᠯᠭᠠᠨ ᠤᠳᠠᠰᠤᠨ ᠤ ᠪᠦᠬᠦ ᠤᠷᠳᠤ ᠨᠢ 350 ᠺᠢᠯᠤᠮᠧᠲᠷ ᠲᠤ ᠬᠦᠷᠴᠦ ᠪᠤᠢ᠃ ᠸᠠᠨ ᠵᠦᠩ ᠬᠤᠸᠠ ᠦᠨᠳᠦᠰᠦᠨ ᠱᠠᠳᠤᠨ ᠤ ᠴᠠᠬᠢᠯᠭᠠᠨ ᠬᠠᠩᠭᠠᠬᠤ ᠭᠠᠵᠠᠷ 25 ᠵᠢᠯ ᠠᠵᠢᠯᠯᠠᠭᠰᠠᠨ ᠪᠠᠶᠠᠯᠢᠭ ᠲᠤᠷᠰᠢᠯᠭ᠎ᠠ ᠲᠠᠢ ᠪᠤᠯᠬᠤᠷ ᠴᠠᠭᠠᠨ ᠰᠠᠷ᠎ᠠ ᠶᠢᠨ ᠬᠤᠭᠤᠴᠠᠭ᠎ᠠ ᠵᠡᠷᠬᠡ ᠴᠢᠬᠤᠯᠠ ᠴᠢᠬᠤᠯᠠ ᠪᠠᠶᠠᠷ ᠲᠤᠷᠠᠰᠬᠠᠯ ᠤᠨ ᠦᠶ᠎ᠡ ᠳᠤ ᠠᠵᠢᠯ ᠤᠨ ᠪᠠᠶᠢᠷᠢ ᠪᠠᠨ  ᠴᠢᠩᠭ᠎ᠠ ᠰᠠᠬᠢᠵᠤ᠂ ᠬᠡᠷ ᠲᠡᠭᠡᠨ ᠬᠠᠷᠢᠵᠤ ᠰᠢᠨᠡᠯᠡᠵᠦ ᠠᠮᠵᠢᠳᠠᠭ ᠦᠬᠡᠢ ᠨᠢ ᠨᠢᠬᠡᠨᠳᠡ ᠵᠤᠷᠰᠢᠯ ᠪᠤᠯᠵᠠᠢ᠃     ᠴᠠᠭᠠᠨ ᠰᠠᠷ᠎ᠠ ᠶᠢᠨ ᠬᠤᠭᠤᠴᠠᠭᠠᠨ ᠳᠤ ᠬᠠᠷᠢᠶ᠎ᠠ ᠲᠤᠭᠤᠷᠢᠭ ᠤᠨ ᠤᠯᠠᠨ ᠲᠦᠮᠡᠨ ᠤ ᠰᠠᠭᠠᠳ ᠦᠬᠡᠢ ᠴᠠᠬᠢᠯᠭᠠᠨ ᠬᠡᠷᠡᠭᠯᠡᠬᠦ ᠶᠢ ᠪᠠᠳᠤᠯᠠᠬᠤ ᠪᠠᠷ ᠳᠣᠯᠢ ᠴᠠᠬᠢᠯᠭᠠᠨ ᠬᠠᠩᠭᠠᠬᠤ ᠦᠷᠳᠡᠭᠡ ᠨᠢ 24 ᠴᠠᠭ ᠢᠶᠠᠷ ᠵᠢᠵᠢᠬᠦᠷᠯᠡᠬᠦ᠂ ᠡᠳᠦᠷ ᠪᠤᠯᠭᠠᠨ ᠴᠠᠬᠢᠯᠭᠠᠨ ᠤᠳᠠᠰᠤ ᠶᠢ ᠲᠠᠭᠠᠵᠤ ᠪᠠᠶᠢᠴᠠᠭᠠᠬᠤ  ᠵᠡᠷᠬᠡ ᠠᠷᠭ᠎ᠠ ᠬᠡᠮᠵᠢᠶ᠎ᠠ ᠶᠢ ᠠᠪᠴᠤ  ᠪᠤᠢ᠃ ᠸᠠᠨ ᠵᠦᠩ ᠬᠤᠸᠠ ᠡᠳᠦᠷ ᠪᠤᠯᠭᠠᠨ  ᠴᠠᠬᠢᠯᠭᠠᠨ ᠣᠳᠠᠰᠣ ᠶᠢ ᠳᠠᠭᠠᠵᠣ ᠰᠢᠭᠰᠢᠨ ᠪᠠᠶᠢᠴᠠᠭᠠᠨ ᠠᠰᠠᠭᠤᠳᠠᠯ ᠢᠯᠡᠷᠡᠪᠠᠯ ᠪᠠᠷᠢᠨ ᠳᠣᠣᠷ᠎ᠠ ᠨᠢ ᠰᠢᠢᠳᠪᠣᠷᠢᠯᠡᠵᠣ᠂ ᠡᠳᠦᠷ ᠲᠤ  ᠨᠠᠰᠢ ᠴᠠᠰᠢ ᠭᠤᠴᠢᠨ ᠺᠢᠯᠤᠮᠧᠲᠷ ᠶᠠᠪᠠᠭᠠᠨ ᠠᠶᠠᠯᠠᠵᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠴᠠᠬᠢᠯᠭᠠᠨ ᠤ ᠬᠠᠩᠭᠠᠯᠭ᠎ᠠ ᠪᠠᠳᠣᠯᠠᠬᠤ ᠶᠢᠨ ᠬᠠᠮᠳᠣ  ᠬᠠᠮᠢᠶᠠᠷᠣᠯᠳᠠ ᠳᠤᠨᠢ ᠪᠠᠶᠢᠭ᠎ᠠ ᠳᠠᠪᠣᠨ ᠭᠠᠴᠠᠭ᠎ᠠ ᠳᠣᠰᠬᠤᠨ ᠤ ᠮᠠᠯᠴᠢᠨ ᠳᠠᠷᠢᠶᠠᠴᠢᠨ ᠡᠷᠦᠬᠡ ᠪᠠᠷ ᠣᠷᠣᠵᠣ ᠴᠠᠬᠢᠯᠭᠠᠨ ᠤ ᠬᠡᠷᠡᠭᠯᠡᠯᠳᠡ ᠶᠢᠨ ᠪᠠᠶᠢᠳᠠᠯ ᠢ ᠤᠶᠢᠯᠠᠭᠠᠬᠤ ᠶᠢᠨ ᠬᠠᠮᠳᠤ ᠴᠠᠬᠢᠯᠭᠠᠨ ᠬᠡᠷᠡᠭᠯᠡᠬᠦ ᠲᠤᠮᠳᠠᠬᠢ ᠠᠩᠬᠠᠷᠬᠤ ᠴᠢᠬᠤᠯᠠᠳᠠᠢ ᠵᠦᠢᠯᠡᠰ ᠢ ᠰᠠᠨᠠᠭᠤᠯᠵᠣ ᠪᠠᠶᠢᠯ᠎ᠠ᠃ ᠳᠠᠷᠠ ᠴᠠᠭᠠᠨ ᠰᠠᠷ᠎ᠠ ᠪᠠᠷ ᠠᠵᠢᠯ ᠤᠨ ᠪᠠᠶᠢᠷᠢ ᠪᠠᠨ ᠰᠠᠬᠢᠵᠤ ᠤᠯᠠᠨ ᠲᠦᠮᠡᠨ ᠳᠡᠭᠡᠨ ᠪᠠᠳᠤᠯᠠᠭ᠎ᠠ ᠬᠠᠩᠭᠠᠭᠰᠠᠭᠠᠷ ᠢᠷᠡᠭᠰᠡᠨ ᠳᠡᠭᠡᠨ ᠲᠤᠩ ᠣᠮᠣᠭᠰᠢᠵᠣ ᠡᠬᠦᠷᠬᠡ ᠬᠠᠷᠢᠭᠤᠴᠠᠯᠭ᠎ᠠ ᠪᠠᠨ ᠢᠩᠬᠢᠵᠦ ᠵᠤᠷᠢᠭᠳᠠᠢ ᠡᠬᠦᠷᠬᠡᠯᠡᠪᠡᠯ ᠰᠠᠶ᠋ᠢ ᠨᠡᠶᠢᠬᠡᠮ ᠤᠯᠠᠮ ᠡᠶ᠎ᠡ ᠵᠤᠬᠢᠴᠠᠯᠳᠠᠢ᠂ ᠤᠯᠠᠮ ᠬᠦᠭᠵᠢᠯᠳᠡᠢ ᠪᠤᠯᠤᠨ᠎ᠠ ᠬᠡᠵᠣ ᠪᠣᠳᠣᠳᠠᠭ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号