| | | | | 2 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ | ᠲᠤᠭᠤᠶᠢᠯᠠᠩ ᠤᠨ 2019 ᠤᠨ ᠤ ᠲᠥᠷᠪᠡᠳᠤᠭᠡᠷ ᠤᠳᠠᠭᠠᠨ ᠤ ᠰᠤᠷᠤᠯᠴᠠᠬᠤ ᠬᠤᠷᠠᠯ ᠬᠤᠷᠠᠯᠳᠤᠭᠰᠠᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠷᠠᠯ ᠢ ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠵᠤ | ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠨᠮᠠᠨᠳᠤᠬᠤ | ᠪᠤᠯᠤᠨ ᠰᠢᠶᠠᠨ ᠤ ᠲᠠᠰ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ᠂ ᠰᠢ ᠶᠢᠨ ᠫᠢᠩ ᠶᠠᠷᠤᠩᠭᠡᠢ ᠱᠥᠵᠢ ᠶᠢᠨ 2019 ᠤᠨ ᠤ ᠴᠠᠭᠠᠨ ᠰᠠᠷ᠎ᠠ ᠶᠢᠨ ᠬᠠᠮᠳᠤ | ᠶᠢᠨ ᠵᠤᠯᠭᠠᠯᠳᠠ ᠶᠢᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠯᠢ ᠺᠧ ᠴᠢᠶᠠᠩ ᠶᠠᠷᠤᠩᠭᠡᠢ | ᠰᠠᠶᠢᠳ ᠤᠨ ᠥᠪᠤᠷ ᠮᠤᠩᠭᠤᠯ ᠳᠤ ᠰᠢᠨᠵᠢᠯᠠᠨ ᠪᠠᠶᠢᠴᠠᠭᠠᠵᠦ ᠪᠤᠯᠭᠤᠭᠠᠨ ᠲᠤᠬᠤᠨᠢᠭᠤᠯᠬᠤ ᠥᠶ᠎ᠠ ᠶᠢᠨ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ᠂ ᠲᠥᠪ᠂ ᠤᠷᠤᠨ᠂ ᠬᠤᠳᠠ᠂ ᠬᠤᠰᠢᠭᠤᠨ ᠤ ᠨᠠᠮ ᠤᠨ ᠬᠤᠷᠢᠶᠠᠨ ᠤ ︽ | ᠰᠤᠷᠤᠯᠴᠠᠬᠤ ᠪᠠᠷ ᠤᠯᠤᠰ ᠢᠶᠠᠨ ᠬᠦᠴᠦᠷᠭᠡᠭᠵᠢᠬᠦᠯᠬᠦ︾ ᠰᠤᠷᠤᠯᠴᠠᠯᠭ᠎ᠠ ᠶᠢᠨ ᠲᠠᠪᠴᠠᠩ ᠤᠨ ᠭᠡᠷᠡᠭᠯᠡᠯᠳᠠ ᠪᠤᠯᠤᠨ | ᠡᠷᠭᠢᠯᠳᠠ ᠶᠢᠨ ᠲᠤᠬᠠᠢ ᠬᠤᠯᠪᠤᠭᠳᠠᠯ ᠪᠥᠭᠦᠢ ᠱᠠᠭᠠᠷᠳᠠᠯᠭ᠎ᠠ ᠶᠢ ᠰᠤᠷᠤᠯᠴᠠᠨ ᠤᠯᠠᠮᠵᠢᠯᠠᠵᠤ ᠪᠥᠭᠦ ᠬᠤᠰᠢᠭᠤᠨ ᠤ | ᠨᠠᠮ ᠤᠨ ᠭᠡᠰᠢᠭᠦᠨ ᠺᠠᠳ᠋ᠷᠴᠤᠳ ᠤᠨ ︽ᠴᠢᠳᠠᠪᠤᠷᠢ ᠶᠢ ᠴᠢᠩᠭᠠᠳᠬᠠᠬᠤ᠂ ᠭᠡᠪ ᠴᠢᠨᠠᠷ ᠢ ᠲᠡᠭᠡᠭᠰᠢᠯᠠᠭᠦᠯᠭᠦ᠂ ᠰᠠᠭᠤᠷᠢ | ᠶᠢ ᠪᠠᠳᠤᠳᠬᠠᠬᠤ︾ ᠰᠢᠷᠢᠰ ᠰᠤᠷᠤᠯᠴᠠᠯᠭ᠎ᠠ ᠰᠤᠳᠤᠯᠤᠨ ᠶᠠᠷᠢᠯᠴᠠᠭᠠᠨ ᠤ ᠠᠵᠢᠯᠯᠠᠭ᠎ᠠ ᠪᠤᠯᠤᠨ ᠬᠤᠯᠪᠤᠭᠳᠠᠯ ᠪᠥᠭᠦᠢ | ᠶᠠᠪᠤᠳᠠᠯ ᠳᠤ ᠪᠠᠶᠢᠷᠢᠯᠠᠭᠤᠯᠤᠯᠳᠠ ᠲᠤᠭᠢᠷᠠᠭᠤᠯᠤᠯᠳᠠ ᠭᠢᠭᠰᠡᠨ ᠪᠠᠶᠢᠨ᠎ᠠ᠃ ᠬᠤᠰᠢᠭᠤ ᠰᠠᠭᠢᠯᠭ᠎ᠠ ᠪᠠᠳᠤ ᠪᠠᠶᠢᠴᠠᠭᠠᠬᠤ | ᠭᠢᠨᠠᠨ ᠪᠠᠶᠢᠴᠠᠭᠠᠬᠤ ᠵᠥᠪᠯᠠᠯ ᠠᠴᠠ ᠤᠷᠳᠤᠰ ᠬᠤᠳᠠ ᠶᠢᠨ ᠲᠦᠪ ᠤᠨ ︽ᠨᠠᠢᠮᠠᠨ ᠲᠥᠷᠤᠯ ᠤᠨ ᠲᠤᠭᠳᠠᠭᠠᠯ︾ ᠤᠨ | ᠵᠤᠷᠢᠭ ᠰᠠᠨᠠᠭ᠎ᠠ ᠶᠢ ᠵᠥᠷᠢᠴᠡᠭᠰᠠᠨ 5 ᠬᠡᠷᠡᠭ ᠪᠠ ᠭᠡᠯᠪᠠᠷᠢ ᠶᠢᠨ ᠥᠵᠠᠯ᠂ ᠨᠤᠶᠠᠠᠴᠢ ᠥᠵᠠᠯ ᠤᠨ 3 ᠨᠠᠶᠢᠳᠡᠯᠢᠭ | ᠭᠡᠷᠡᠭ ᠤᠨ ᠵᠢᠱᠢᠶ᠎ᠠ ᠶᠢ ᠨᠠᠶᠢᠳᠠᠯᠠᠵᠤ ᠤᠳᠤᠷᠢᠳᠬᠤ ᠺᠠᠳ᠋ᠷᠴᠤᠳ ᠨᠢᠭᠡᠪᠤᠷᠢ ᠶᠢ ᠰᠠᠭᠢᠯᠭ᠎ᠠ ᠪᠠᠳᠤ ᠲᠥᠷᠢᠮ ᠲᠤᠭᠳᠠᠭᠠᠯ | ᠢ ᠴᠢᠩᠭ᠎ᠠ ᠰᠠᠭᠢᠬᠤ ᠶᠢ ᠱᠠᠭᠠᠷᠳᠠᠵᠠᠢ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠰᠢ ᠶᠢᠨ ᠫᠢᠩ | ᠶᠠᠷᠤᠩᠭᠡᠢ ᠱᠥᠵᠢ ᠶᠢᠨ ᠴᠠᠭᠠᠨ ᠰᠠᠷ᠎ᠠ ᠶᠢᠨ ᠬᠠᠮᠳᠤ ᠶᠢᠨ ᠵᠤᠯᠭᠠᠯᠳᠠ ᠶᠢᠨ ᠬᠤᠷᠠᠯ ᠲᠡᠭᠡᠷᠡᠭᠢ ᠶᠠᠷᠢᠶᠠᠨ ᠤ ᠵᠤᠷᠢᠭ | ᠰᠠᠨᠠᠭ᠎ᠠ ᠪᠤᠯᠤᠨ ᠯᠢ ᠺᠧ ᠴᠢᠶᠠᠩ ᠶᠠᠷᠤᠩᠭᠡᠢ ᠰᠠᠶᠢᠳ ᠤᠨ ᠥᠪᠤᠷ ᠮᠤᠩᠭᠤᠯ ᠳᠤ ᠰᠢᠨᠵᠢᠯᠠᠨ ᠪᠠᠶᠢᠴᠠᠭᠠᠵᠦ | ᠪᠤᠯᠭᠤᠭᠠᠨ ᠲᠤᠬᠤᠨᠢᠭᠤᠯᠬᠤ ᠥᠶ᠎ᠠ ᠶᠢᠨ ᠴᠢᠬᠤᠯᠠ ᠵᠢᠭᠠᠪᠤᠷᠢ ᠶᠢᠨ ᠵᠤᠷᠢᠭ ᠰᠨᠠᠭ᠎ᠠ ᠶᠢ ᠨᠠᠷᠢᠨ ᠭᠢᠨᠠᠮᠠᠭᠠᠢ | ᠰᠤᠷᠤᠯᠴᠠᠨ ᠲᠤᠭᠤᠰᠢᠯᠠᠭᠤᠯᠵᠦ ᠠᠵᠤ ᠠᠬᠤᠢ ᠨᠠᠶᠢᠭᠡᠮ ᠤᠨ ᠡᠯ᠎ᠠ ᠲᠥᠷᠥᠯ ᠤᠨ ᠠᠵᠢᠯ ᠢ ᠪᠤᠳᠠᠳᠠᠢ ᠰᠠᠶᠢᠨ ᠭᠢᠵᠤ | ᠪᠤᠳᠠᠳᠤ ᠠᠵᠢᠯᠯᠠᠭ᠎ᠠ ᠪᠤᠯᠤᠨ ᠰᠢᠯᠢᠳᠡᠭ ᠭᠢᠷᠢ ᠪᠥᠳᠥᠮᠵᠢ ᠪᠠᠷ ᠢᠶᠠᠨ ᠨᠠᠮ ᠤᠨ ᠲᠦᠪ ᠬᠤᠷᠢᠶ᠎ᠠ ᠪᠤᠯᠤᠨ ᠲᠥᠷᠥ ᠶᠢᠨ | ᠶᠠᠪᠤᠳᠠᠯ ᠤᠨ ᠬᠤᠷᠢᠶᠠᠨ ᠤ ᠬᠠᠶᠢᠷ᠎ᠠ ᠬᠠᠯᠠᠮᠵᠢᠯᠠᠯ ᠢ ᠬᠠᠷᠢᠭᠤᠯᠬᠤ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ︽ᠴᠢᠳᠠᠪᠤᠷᠢ ᠶᠢ ᠴᠢᠩᠭᠠᠳᠬᠠᠬᠤ᠂ ᠭᠡᠪ ᠴᠢᠨᠠᠷ ᠢ | ᠲᠡᠭᠡᠭᠰᠢᠯᠠᠭᠦᠯᠭᠦ᠂ ᠰᠠᠭᠤᠷᠢ ᠶᠢ ᠪᠠᠳᠤᠳᠬᠠᠬᠤ︾ ᠰᠢᠷᠢᠰ ᠰᠤᠷᠤᠯᠴᠠᠯᠭ᠎ᠠ ᠰᠤᠳᠤᠯᠤᠨ ᠶᠠᠷᠢᠯᠴᠠᠭᠠᠨ ᠤ ᠠᠵᠢᠯᠯᠠᠭ᠎ᠠ | ᠪᠤᠯ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠤᠳᠠᠳᠠᠢ ᠠᠴᠠ ᠡᠭᠦᠰᠤᠨ ᠨᠢᠭᠡ ᠪᠥᠯᠥᠭ ᠲᠤᠪᠤᠶᠢᠮ᠎ᠠ | ᠠᠰᠠᠭᠤᠳᠠᠯ ᠳᠤ ᠴᠢᠭᠯᠡᠭᠦᠯᠵᠦ ᠲᠤᠷᠠᠳᠤᠨ ᠭᠠᠷᠭᠠᠭᠰᠠᠨ ᠨᠢᠭᠡ ᠲᠥᠷᠤᠯ ᠤᠨ ᠠᠵᠢᠯᠯᠠᠭ᠎ᠠ ᠪᠤᠯᠤᠨ᠎ᠠ᠃ ᠡᠯ᠎ᠠ ᠱᠠᠳᠤᠨ | ᠤ ᠨᠠᠮ ᠤᠨ ᠵᠤᠭᠢᠶᠠᠨ ᠪᠠᠶᠢᠭᠤᠯᠤᠯᠳᠠ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ ᠰᠠᠨᠠᠭᠠᠴᠢᠯᠠᠭ᠎ᠠ ᠠᠴᠠ ᠪᠠᠨ | ᠭᠥᠳᠡᠯᠤᠯᠴᠠᠨ ᠢᠳᠡᠪᠭᠢᠳᠠᠢ ᠬᠠᠮᠵᠢᠯᠴᠠᠵᠤ ᠲᠤᠷᠰᠢᠯᠭ᠎ᠠ ᠪᠠᠨ ᠨᠠᠷᠢᠨ ᠭᠢᠨᠠᠮᠠᠭᠠᠢ ᠳ᠋ᠥᠩᠨᠡᠵᠦ ᠲᠠᠷᠢᠭᠦᠨ ᠤ ᠰᠢᠯᠢᠳᠡᠭ ᠢ | ᠪᠤᠢ ᠪᠤᠯᠭᠠᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠥᠷᠢᠯᠳᠤᠭᠦᠯᠭᠦ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠤᠯᠤᠰ ᠲᠥᠷᠥ | ᠶᠢᠨ ᠵᠤᠭᠰᠤᠴᠠ ᠪᠠᠨ ᠲᠡᠭᠡᠭᠰᠢᠯᠠᠭᠦᠯᠤᠨ ︽ᠰᠤᠷᠤᠯᠴᠠᠬᠤ ᠪᠠᠷ ᠤᠯᠤᠰ ᠢᠶᠠᠨ ᠬᠦᠴᠦᠷᠭᠡᠭᠵᠢᠬᠦᠯᠬᠦ︾ ᠰᠤᠷᠤᠯᠴᠠᠯᠭ᠎ᠠ | ᠶᠢᠨ ᠲᠠᠪᠴᠠᠩ ᠤᠨ ᠭᠡᠷᠡᠭᠯᠠᠯᠳᠠ ᠶᠢᠨ ᠠᠵᠢᠯ ᠢ ᠴᠢᠩᠭ᠎ᠠ ᠠᠳᠬᠤᠵᠤ ᠡᠭᠢ ᠪᠠᠶᠠᠯᠢᠭ ᠤᠨ ᠭᠥᠴᠤᠨ ᠢ ᠨᠢᠭᠡᠳᠤᠭᠦᠯᠤᠨ | ᠠᠵᠢᠯ ᠤᠨ ᠲᠤᠭᠳᠠᠯᠴᠠᠭ᠎ᠠ ᠶᠢ ᠪᠠᠶᠢᠭᠤᠯᠵᠦ ᠡᠯ᠎ᠠ ᠲᠥᠷᠥᠯ ᠤᠨ ᠪᠠᠳᠤᠯᠠᠭ᠎ᠠ ᠶᠢ ᠰᠠᠶᠢᠨ ᠭᠢᠵᠤ ᠰᠤᠷᠤᠯᠴᠠᠯᠭ᠎ᠠ ᠶᠢᠨ | ᠰᠢᠨ᠎ᠠ ᠶᠢ ᠡᠭᠦᠳᠭᠦ ᠶᠢ ᠠᠭᠢᠭᠤᠯᠤᠨ ︽ᠰᠤᠷᠤᠯᠴᠠᠬᠤ ᠪᠠᠷ ᠤᠯᠤᠰ ᠢᠶᠠᠨ ᠬᠦᠴᠦᠷᠭᠡᠭᠵᠢᠬᠦᠯᠬᠦ︾ ᠮᠡᠳᠡᠭᠡ | ᠵᠠᠩᠭᠢᠴᠢᠯᠠᠯᠳᠠ ᠶᠢᠨ ᠶᠠᠷᠤᠩᠭᠡᠶᠢᠯᠡᠭᠰᠠᠨ ᠴᠢᠨᠠᠷ ᠲᠠᠢ ᠰᠤᠷᠤᠯᠴᠠᠯᠭ᠎ᠠ ᠶᠢᠨ ᠲᠠᠪᠴᠠᠩ ᠢ ᠰᠠᠶᠢᠨ ᠠᠰᠢᠭᠯᠠᠬᠤ ᠭᠡᠷᠡᠭᠳᠠᠢ | ᠭᠡᠵᠡᠢ᠃ | | | | | | | ᠡᠷᠳᠡᠨᠢᠪᠢᠯᠢᠭ ᠱᠠᠭᠠᠷᠳᠠᠬᠤ ᠳᠤ ᠪᠠᠨ᠂ ᠵᠤᠷᠢᠭᠳᠠᠢ ᠵᠢᠳᠭᠦᠨ ᠰᠢᠷᠭᠠᠭᠤ ᠲᠠᠮᠠᠴᠠᠭᠦ ᠵᠤᠷᠢᠭ ᠰᠠᠨᠠᠭ᠎ᠠ ᠶᠢ | ᠪᠠᠳᠠᠷᠠᠭᠤᠯᠵᠦ ᠲᠡᠭᠡᠷ᠎ᠡ ᠱᠠᠳᠤᠨ ᠤ ᠲᠥᠷᠥ ᠶᠢᠨ ᠪᠤᠳᠤᠯᠭ᠎ᠠ ᠶᠢ ᠠᠮᠢᠳᠤᠯᠢᠭ ᠭᠡᠷᠡᠭᠯᠠᠨ ᠤᠯᠠᠨ ᠠᠷᠭ᠎ᠠ ᠵᠠᠮ ᠢᠶᠠᠷ | ᠲᠥᠷᠥᠯ ᠵᠥᠢᠯ ᠪᠠ ᠪᠠᠯᠠ ᠮᠥᠩᠭᠦ ᠶᠢ ᠤᠯᠵᠤ ᠴᠢᠬᠤᠯᠠ ᠶᠡᠭᠡ ᠲᠥᠷᠤᠯ ᠵᠥᠢᠯ ᠤᠨ ᠭᠠᠷ ᠭᠥᠢᠴᠡᠳᠭᠡᠯ ᠬᠢᠬᠦ ᠶᠢ | ᠲᠥᠷᠭᠡᠨ ᠠᠭᠢᠭᠤᠯᠬᠤ ᠭᠡᠷᠡᠭᠳᠠᠢ᠃ ︽ᠭᠥᠭᠡᠬᠤᠳᠠ ᠪᠤᠭᠤᠳᠤ ᠤᠷᠳᠤᠰ ᠲᠠᠮᠠᠭᠡᠳᠤ ᠶᠢᠨ ᠬᠤᠳᠠ ᠶᠢᠨ ᠰᠥᠷᠥᠭᠵᠢᠯ | ᠭᠥᠭᠵᠢᠯᠳᠠ ᠶᠢᠨ ᠲᠥᠯᠥᠪᠵᠢᠭᠦᠯᠭᠡ︾ ᠶᠢ ᠭᠡᠷᠡᠭᠵᠢᠭᠦᠯᠭᠦ ᠠᠵᠠ ᠲᠤᠭᠢᠶᠠᠯ ᠢ ᠠᠰᠢᠭᠯᠠᠨ ᠥᠪᠦᠷ ᠮᠤᠩᠭᠤᠯ ᠤᠨ | ᠪᠠᠷᠠᠭᠤᠨ ᠬᠡᠰᠡᠭ ᠠᠴᠠ ᠲᠤᠮᠳᠠᠳᠤ ᠤᠷᠤᠨ ᠬᠦᠷᠬᠦ ᠲᠠᠮᠤᠷ ᠵᠠᠮ ᠤᠨ ᠡᠭᠢᠯᠠᠯᠳᠠ ᠶᠢᠨ ᠭᠠᠵᠠᠷ ᠤᠨ ᠲᠠᠪᠠᠭᠤᠯᠢᠭ ᠢᠶᠠᠷ | ᠤᠶᠢᠷ᠎ᠠ ᠬᠠᠪᠢ ᠶᠢᠨ ᠭᠠᠵᠠᠷ ᠤᠷᠤᠨ ᠲᠠᠢ ᠬᠠᠮᠳᠤᠷᠠᠨ ᠠᠵᠢᠯᠯᠠᠬᠤ ᠶᠢ ᠠᠭᠢᠭᠤᠯᠵᠦ ︽ᠨᠢᠭᠡ ᠪᠥᠰᠠ ᠨᠢᠭᠡ ᠵᠠᠮ︾ | ᠪᠠ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠥᠳᠥᠭᠡᠨ ᠪᠠᠶᠢᠭᠤᠯᠤᠯᠳᠠ ᠶᠢ ᠭᠥᠨᠵᠡᠭᠡᠢ | ᠠᠭᠤᠰᠤᠯᠴᠠᠭᠤᠯᠵᠤ ᠡᠨᠧᠷᠬᠢ ᠭᠢᠮᠢ᠂ ᠮᠠᠯ ᠲᠠᠷᠢᠶᠠᠯᠠᠩ ᠤᠨ ᠪᠥᠳᠥᠭᠡᠭᠳᠡᠭᠦᠨ᠂ ᠰᠤᠶᠤᠯ ᠵᠤᠭᠠᠴᠠᠯ ᠤᠨ | ᠪᠥᠳᠥᠭᠡᠭᠳᠡᠭᠦᠨ ᠤ ᠵᠠᠬ᠎ᠠ ᠲᠡᠯᠭᠡᠭᠦᠷ ᠢ ᠥᠷᠭᠡᠳᠭᠡᠭᠦ ᠭᠡᠷᠡᠭᠳᠠᠢ᠃ ᠲᠥᠪ ᠤᠨ ᠲᠤᠭᠤᠷᠢᠨ ᠪᠠᠶᠢᠴᠠᠭᠠᠯᠳᠠ ᠶᠢᠨ ︽ | ᠡᠷᠭᠢᠵᠤ ᠬᠠᠷᠠᠬᠤ︾᠂ ᠤᠷᠴᠢᠨ ᠲᠤᠭᠤᠷᠢᠨ ᠤ ᠭᠢᠨᠠᠨ ᠪᠠᠶᠢᠴᠠᠭᠠᠯᠲᠠ ᠶᠢᠨ ︽ᠡᠷᠭᠢᠵᠤ ᠬᠠᠷᠠᠬᠤ︾᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠥᠷᠤᠯ ᠤᠨ ᠲᠤᠭᠤᠷᠢᠨ ᠪᠠᠶᠢᠴᠠᠭᠠᠯᠳᠠ ᠪᠠ ᠲᠡᠭᠡᠳᠤ ᠱᠠᠳᠤᠨ | ᠤ ᠨᠠᠮ ᠤᠨ ᠬᠤᠷᠢᠶ᠎ᠠ ᠶᠢᠨ ᠡᠯ᠎ᠠ ᠲᠥᠷᠤᠯ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠳᠤ | ᠴᠢᠭᠯᠡᠭᠦᠯᠤᠨ ᠲᠤᠳᠠᠭᠤ ᠪᠠᠨ ᠲᠠᠷᠤᠢ ᠲᠥᠷᠭᠡᠨ ᠨᠥᠭᠦᠪᠤᠷᠢᠯᠠᠵᠤ ᠰᠢᠨ᠎ᠠ ᠨᠢᠭᠡ ᠡᠭᠡᠯᠵᠢ ᠶᠢᠨ ᠲᠤᠭᠤᠷᠢᠨ | ᠪᠠᠶᠢᠴᠠᠭᠠᠯᠳᠠ ᠠᠴᠠ ᠡᠮᠤᠨ᠎ᠠ ᠴᠡᠭᠴᠡᠯᠡᠨ ᠰᠠᠶᠢᠵᠢᠷᠠᠭᠤᠯᠤᠯᠳᠠ ᠶᠢ ᠪᠥᠭᠦᠨ ᠢ ᠤᠷᠤᠨᠵᠢᠭᠤᠯᠬᠤ ᠭᠡᠷᠡᠭᠳᠠᠢ᠃ ᠭᠤᠷᠪᠠᠨ | ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ᠂ | ᠥᠭᠡᠷᠡᠴᠢᠯᠠᠯᠳᠠ ᠶᠢ ᠪᠥᠭᠦ ᠲᠠᠯ᠎ᠠ ᠪᠠᠷ ᠭᠥᠨᠵᠡᠭᠡᠶᠢᠷᠠᠭᠦᠯᠭᠦ᠂ ᠪᠥᠭᠦ ᠤᠯᠤᠰ ᠤᠨ ᠬᠤᠰᠢᠭᠤ ᠰᠢᠶᠠᠨ ᠤ ᠲᠠᠰ ᠤᠨ | ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠵᠡᠷᠭᠡ ᠶᠢᠨ ᠭᠤᠤᠯᠳᠠᠯᠭ᠎ᠠ ᠲᠠᠢ ᠠᠵᠢᠯ ᠢ ᠰᠠᠶᠢᠨ ᠭᠢᠵᠤ ᠡᠯ᠎ᠠ | ᠲᠥᠷᠥᠯ ᠤᠨ ᠡᠭᠦᠷᠭᠡ ᠪᠠᠨ ᠠᠮᠵᠢᠯᠳᠠ ᠲᠠᠢ ᠪᠠᠶᠠᠯᠡᠬᠦᠯᠦᠨ ᠥᠥᠰᠢᠨ ᠤ ᠴᠢᠨᠠᠷ ᠰᠠᠶᠢᠳᠠᠢ ᠭᠥᠭᠵᠢᠯᠳᠠ᠂ ᠨᠣᠮᠢᠨ | ᠳᠠᠩᠰᠤᠭ ᠬᠦᠭᠵᠢᠨ ᠮᠠᠨᠳᠤᠯᠳᠠ ᠶᠢ ᠴᠢᠷᠮᠠᠶᠢᠨ ᠠᠭᠢᠭᠤᠯᠬᠤ ᠬᠡᠷᠡᠭᠲᠡᠢ ᠭᠡᠵᠡᠢ᠃ | ᠡᠯ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ ︵ᠭᠥᠷᠢᠶᠠᠯᠠᠩ ᠲᠤᠭᠤᠷᠢᠭ︶᠂ ᠡᠯ᠎ᠠ ᠰᠤᠮᠤ ᠪᠠᠯᠭᠠᠰᠤ᠂ | ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ᠂ ᠡᠯ᠎ᠠ ᠬᠤᠯᠪᠤᠭᠳᠠᠯ ᠪᠥᠭᠦᠢ ᠠᠵᠤ ᠠᠬᠤᠶᠢᠯᠠᠯ ᠠᠵᠢᠯ | ᠥᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | | |