ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠵᠠᠷᠯᠢᠭ ᠲᠤ ᠭᠠᠷ ᠤᠨ ᠦᠰᠦᠭ ᠵᠢᠷᠤᠵᠥ ︽ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠬᠤ ᠲᠦᠷᠢᠮ ︵ᠲᠤᠷᠰᠢᠨ ᠬᠡᠷᠡᠭᠵᠢᠬᠦᠯᠬᠦ︶︾ ᠢ ᠨᠡᠶᠢᠳᠡᠯᠡᠪᠡ
ᠨᠡᠶᠢᠲᠡᠯᠡᠭᠰᠡᠨ ᠴᠠᠭ᠄
2019-02-13
     ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠲᠦᠷᠦᠬᠦᠬᠡᠨ ᠵᠠᠷᠯᠢᠭ ᠲᠤ ᠭᠠᠷ ᠤᠨ ᠦᠰᠦᠭ ᠵᠢᠷᠤᠵᠥ᠂ ︽ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠬᠤ ᠲᠦᠷᠢᠮ ︵ᠲᠤᠷᠰᠢᠨ ᠬᠡᠷᠡᠭᠵᠢᠬᠦᠯᠬᠦ︶︾ ︵ᠲᠤᠷᠤᠭᠰᠢ ︽ᠲᠦᠷᠢᠮ︾ ᠬᠡᠵᠥ ᠲᠦᠬᠦᠮᠴᠢᠯᠡᠨ᠎ᠡ︶ ᠢ ᠨᠡᠶᠢᠳᠡᠯᠡᠵᠠᠢ᠂ 2019 ᠤᠨ ᠤ 3 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠥᠨ᠎ᠡ᠃      ᠲᠤᠰ ︽ᠲᠦᠷᠢᠮ︾ ᠪᠤᠯ ᠮᠠᠨ ᠤ ᠴᠡᠷᠢᠭ ᠤᠨ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠬᠤ ᠬᠦᠷᠢᠶᠡᠨ ᠤ ᠠᠩᠬᠠᠳᠠᠭᠴᠢ ᠬᠠᠤᠯᠢ ᠲᠦᠷᠢᠮ ᠪᠤᠯᠤᠨ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠪᠦᠬᠦ ᠲᠡᠯ᠎ᠡ ᠪᠠᠷ ᠲᠤᠭᠤᠰᠢᠯᠠᠭᠤᠯᠵᠥ᠂ ᠨᠠᠮ ᠤᠨ ᠰᠢᠨ᠎ᠡ ᠴᠠᠭ ᠦᠶ᠎ᠡ ᠳᠠᠬᠢ ᠴᠡᠷᠢᠭ ᠢ ᠬᠦᠴᠦᠷᠬᠡᠭᠵᠢᠬᠦᠯᠬᠦ ᠬᠠᠷᠠᠯᠳᠠ ᠶᠢ ᠪᠡᠶᠡᠯᠡᠬᠦᠯᠬᠦ᠂ ᠲᠡᠯᠡᠬᠡᠢ ᠶᠢᠨ ᠲᠡᠷᠢᠬᠦᠨ ᠵᠡᠷᠬᠡ ᠶᠢᠨ ᠴᠡᠷᠢᠭ ᠠᠩᠬᠢ ᠶᠢ ᠪᠦᠬᠦ ᠲᠡᠯ᠎ᠡ ᠪᠠᠷ ᠪᠠᠶᠢᠭᠤᠯᠬᠤ ᠪᠠᠷ ᠭᠤᠤᠯᠳᠠᠭᠤᠯᠤᠨ᠂ ᠬᠠᠤᠯᠢ ᠪᠠᠷ ᠴᠡᠷᠢᠭ ᠢ ᠵᠠᠰᠠᠬᠤ ᠴᠡᠷᠢᠭ ᠢ ᠴᠢᠩᠭ᠎ᠠ ᠵᠠᠰᠠᠬᠤ ᠡᠨᠡ ᠬᠦ ᠨᠠᠮ ᠤᠨ ᠴᠡᠷᠢᠭ ᠪᠠᠶᠢᠭᠤᠯᠬᠤ ᠴᠡᠷᠢᠭ ᠢ ᠵᠠᠰᠠᠬᠤ ᠦᠨᠳᠦᠰᠦᠨ ᠠᠷᠭ᠎ᠠ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠥ᠂ ᠲᠠᠶᠢᠴᠢᠨ ᠬᠦᠴᠦᠨ ᠬᠡᠬᠦ ᠡᠨᠡ ᠬᠦ ᠴᠣᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠪᠠᠳᠤ ᠲᠤᠭᠳᠠᠭᠠᠨ᠂ ᠲᠠᠶᠢᠨ ᠳᠤ ᠪᠡᠯᠡᠳᠬᠡᠬᠦ ᠲᠠᠶᠢᠨ ᠬᠢᠬᠦ ᠲᠤᠭᠤᠷᠢᠨ ᠳᠤ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠬᠤ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠵᠥ᠂ ᠠᠵᠢᠯ ᠤᠨ ᠠᠵᠢᠯᠯᠠᠭᠠᠨ ᠤ ᠲᠤᠭᠳᠠᠴᠠ ᠶᠢ ᠪᠦᠷᠢᠨᠰᠢᠬᠦᠯᠤᠨ᠂ ᠵᠢᠩᠬᠢᠨᠢ ᠪᠠᠶᠢᠯᠳᠤᠭᠠᠨ ᠤ ᠱᠠᠭᠠᠷᠳᠠᠯᠭ᠎ᠠ ᠳᠤ ᠦᠯᠥ ᠨᠡᠶᠢᠴᠡᠬᠦ ᠪᠠᠶᠢᠳᠠᠯ ᠢ ᠡᠷᠡᠰ ᠵᠠᠯᠠᠷᠠᠭᠤᠯᠤᠨ ᠵᠠᠰᠠᠬᠤ ᠴᠢᠩᠭ᠎ᠠ ᠬᠠᠳᠠᠭᠤ ᠠᠷᠭ᠎ᠠ ᠬᠡᠮᠵᠢᠶ᠎ᠡ ᠶᠢ ᠲᠤᠭᠳᠠᠭᠠᠵᠥ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠦᠷᠢᠶᠡᠨ ᠤ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠬᠦᠯᠬᠦ᠂ ᠬᠠᠤᠯᠢ ᠶᠢ ᠵᠦᠷᠢᠴᠡᠪᠡᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠵᠢᠷᠤᠮ ᠢ ᠲᠤᠭᠳᠠᠭᠠᠵᠥ᠂ ᠰᠢᠨ᠎ᠡ ᠪᠠᠶᠢᠳᠠᠯ ᠲᠤᠤᠷ᠎ᠡ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠪᠠᠬᠢᠵᠢᠬᠦᠯᠬᠦ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠠᠮᠢᠶᠠᠷᠤᠯᠳᠠ ᠶᠢ ᠴᠢᠩᠭᠠᠳᠬᠠᠬᠤ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ᠂ ᠵᠢᠩᠬᠢᠨᠢ ᠪᠠᠶᠢᠯᠳᠤᠭᠠᠨᠴᠢᠯᠠᠭᠰᠠᠨ ᠴᠡᠷᠢᠭ ᠤᠨ ᠶᠠᠪᠤᠳᠠᠯ ᠤᠨ ᠪᠤᠯᠪᠠᠰᠤᠷᠠᠯ ᠢ ᠬᠦᠨᠵᠡᠬᠡᠶᠢᠷᠡᠬᠦᠯᠬᠦ᠂ ᠰᠢᠨ᠎ᠡ ᠴᠠᠭ ᠦᠶ᠎ᠡ ᠶᠢᠨ ᠲᠡᠶᠢᠨ ᠳᠤ ᠪᠡᠯᠡᠳᠬᠡᠬᠦ ᠲᠠᠶᠢᠨ ᠬᠢᠬᠦ ᠴᠢᠳᠠᠪᠤᠷᠢ ᠶᠢ ᠪᠦᠬᠦ ᠲᠡᠯ᠎ᠡ ᠪᠠᠷ ᠲᠡᠭᠡᠭᠰᠢᠯᠡᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃      ︽ᠲᠦᠷᠢᠮ︾ ᠨᠢ ᠨᠠᠶᠢᠳᠠ 10 ᠪᠦᠯᠥᠭ 61 ᠵᠦᠢᠯ ᠲᠠᠢ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠬᠤ ᠠᠵᠢᠯ ᠤᠨ ᠡᠬᠦᠷᠬᠡ ᠬᠠᠷᠢᠭᠤᠴᠠᠯᠭ᠎ᠠ ᠡᠷᠬᠡ ᠶᠢᠨ ᠬᠢᠵᠠᠭᠠᠷ ᠪᠤᠯᠤᠨ ᠠᠵᠢᠯ ᠤᠨ ᠭᠤᠤᠯᠳᠠᠯᠭ᠎ᠠ ᠶᠢ ᠲᠤᠳᠤᠷᠬᠠᠶᠢᠯᠠᠵᠥ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠠᠷᠭ᠎ᠠ ᠬᠡᠯᠪᠡᠷᠢ ᠪᠤᠯᠤᠨ ᠲᠡᠰ ᠲᠠᠷᠠᠭᠠᠯᠠᠯ ᠠᠯᠬᠤᠮ ᠲᠠᠷᠠᠭ᠎ᠠ ᠶᠢ ᠵᠢᠷᠤᠮᠵᠢᠭᠤᠯᠵᠥ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠡᠯ᠎ᠡ ᠲᠡᠰ ᠲᠠᠪᠬᠤᠷᠭ᠎ᠠ ᠡᠯ᠎ᠡ ᠬᠦᠷᠢᠶ᠎ᠠ ᠶᠢ ᠬᠠᠮᠤᠷᠤᠭᠰᠠᠨ᠂ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠪᠦᠬᠦ ᠶᠠᠪᠤᠴᠠ ᠳᠤ ᠲᠤᠭᠤᠰᠢᠯᠠᠭᠳᠠᠭᠰᠠᠨ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠬᠢᠨᠠᠨ ᠪᠠᠶᠢᠴᠠᠭᠠᠬᠤ ᠵᠤᠬᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠵᠠᠭᠪᠤᠷ ᠢ ᠪᠠᠶᠢᠭᠤᠯᠪᠠ᠃ ︽ᠲᠦᠷᠢᠮ︾ ᠨᠢ ᠨᠠᠮ ᠤᠨ ᠰᠠᠬᠢᠯᠭ᠎ᠠ ᠴᠡᠷᠢᠭ ᠤᠨ ᠶᠤᠰᠤ ᠪᠠᠷ ᠦᠨᠳᠦᠰᠦᠯᠡᠯ ᠪᠤᠯᠭᠠᠨ ᠴᠡᠷᠢᠭ ᠤᠨ ᠶᠠᠪᠤᠳᠠᠯ ᠤᠨ ᠪᠤᠯᠪᠠᠰᠤᠷᠠᠯ ᠤᠨ ᠲᠦᠷᠢᠮ ᠠᠴᠠ ᠵᠦᠷᠢᠴᠡᠭᠰᠡᠡ ᠰᠠᠬᠢᠯᠭ᠎ᠠ ᠪᠠᠳᠤ ᠠᠴᠠ ᠵᠦᠷᠢᠴᠡᠭᠰᠡᠡ ᠠᠰᠠᠭᠤᠳᠠᠯ ᠢ ᠨᠤᠳᠠᠯᠠᠨ ᠲᠤᠭᠳᠠᠭᠠᠬᠤ ᠪᠠᠷᠢᠮᠵᠢᠶ᠎ᠡ ᠶᠢ ᠨᠠᠷᠢᠯᠢᠬᠵᠢᠭᠤᠯᠵᠥ᠂ ᠡᠷᠬᠡ ᠲᠠᠢ ᠪᠤᠯ ᠯᠠᠪ ᠬᠠᠷᠢᠭᠤᠴᠠᠯᠭ᠎ᠠ ᠲᠠᠢ᠂ ᠬᠠᠷᠢᠭᠤᠴᠠᠯᠭ᠎ᠠ ᠲᠠᠢ ᠪᠤᠯ ᠡᠷᠬᠡᠪᠰᠢ ᠡᠬᠦᠷᠬᠡᠯᠡᠬᠦ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠢᠯᠡ ᠲᠤᠳᠤ ᠤᠳᠤᠷᠢᠳᠤᠮᠵᠢ ᠶᠢ ᠲᠤᠭᠳᠠᠭᠠᠵᠥ᠂ ᠪᠦᠬᠦ ᠴᠡᠷᠢᠭ ᠤᠨ ᠪᠤᠯᠪᠠᠰᠤᠷᠠᠯ ᠪᠤᠯᠤᠨ ᠵᠢᠩᠬᠢᠨᠢ ᠪᠠᠶᠢᠯᠳᠤᠭᠠᠨ ᠢ ᠨᠢᠬᠡ ᠴᠤᠭᠴᠠᠵᠢᠭᠤᠯᠬᠤ᠂ ᠪᠤᠯᠪᠠᠰᠤᠷᠠᠯ ᠤᠨ ᠰᠤᠷᠳᠠᠯ ᠤᠨ ᠪᠠᠶᠢᠭᠤᠯᠤᠯᠳᠠ ᠶᠢ ᠴᠦᠬᠦᠷᠡᠰᠢ ᠦᠬᠡᠢ ᠰᠠᠶᠢᠳᠤᠷ ᠠᠳᠬᠤᠬᠤ ᠶᠢ ᠱᠠᠯᠠᠪᠳᠠᠭᠤᠯᠤᠨ ᠵᠢᠯᠤᠭᠤᠳᠴᠦ᠂ ᠲᠠᠶᠢᠨ ᠳᠤ ᠪᠡᠯᠡᠳᠬᠡᠬᠦ ᠲᠠᠶᠢᠨ ᠬᠢᠬᠦ ᠠᠵᠢᠯ ᠢ ᠦᠨᠡᠨ ᠪᠤᠳᠠᠳᠠᠢ ᠠᠳᠬᠤᠬᠤ ᠳᠤ ᠴᠢᠩᠭ᠎ᠠ ᠬᠦᠴᠦᠳᠠᠢ ᠲᠦᠷᠢᠮ ᠤᠨ ᠪᠠᠳᠤᠯᠠᠭ᠎ᠠ ᠬᠠᠩᠭᠠᠭᠰᠠᠠ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号