ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠪᠠᠶᠢᠭᠤᠯᠤᠮᠵᠢ ᠶᠢᠨ ᠦᠭᠡᠷᠡᠴᠢᠯᠡᠯᠲᠡ ᠳᠤ ᠬᠤᠯᠪᠣᠭᠳᠠᠭᠰᠠᠨ ᠬᠡᠰᠡᠭ ᠰᠠᠯᠠᠭ᠎ᠠ ᠮᠦᠴᠢᠷ ᠲᠤ ᠭᠦᠷᠴᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-02-13
     2 ᠰᠠᠷ᠎ᠠ ᠶᠢᠨ 11 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠳᠠᠷᠠᠭᠠᠬᠢ ᠠᠵᠢᠯ ᠳᠤ ᠭᠠᠷᠤᠭᠰᠠᠨ ᠨᠢᠭᠡᠳᠦᠭᠡᠷ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠣᠯᠠᠭᠴᠢ ᠳᠠᠷᠤᠭ᠎ᠠ ᠵᠤᠤ ᠹᠸᠢ ᠯᠦ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠢ ᠲᠦᠯᠦᠭᠡᠯᠡᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠵᠢᠴᠢ ᠭᠡᠰᠡᠭ ᠰᠠᠯᠠᠭ᠎ᠠ ᠮᠦᠴᠢᠷ ᠤᠨ ᠺᠠᠳ᠋ᠷ ᠠᠵᠢᠯᠲᠠᠳ ᠢ ᠪᠤᠯᠭᠤᠭᠠᠨ ᠲᠤᠬᠤᠨᠢᠭᠤᠯᠵᠤ ᠲᠡᠳᠡᠨ ᠳᠤ ᠬᠠᠶᠢᠷ᠎ᠠ ᠬᠠᠯᠠᠮᠵᠢᠯᠠᠯ ᠪᠤᠯᠤᠨ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠦᠭᠰᠡᠨ ᠪᠠᠶᠢᠨ᠎ᠠ᠃
     ᠡᠷᠳᠡᠨᠢᠪᠢᠯᠢᠭ᠂ ᠵᠣᠣ ᠹᠸᠢ ᠯᠦ᠂ ᠪᠤᠶᠠᠠᠮᠠᠨᠳᠤᠬᠤ ᠪᠤᠯᠤᠨ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠭᠡᠷ ᠲᠡᠭᠡᠨ ᠪᠠᠶᠢᠭ᠎ᠠ ᠰᠢᠶᠡᠨ ᠤ ᠳᠠᠰ ᠤᠨ ᠤᠳᠤᠷᠢᠳᠤᠯᠭ᠎ᠠ ᠨᠠᠷ ᠪᠠᠶᠢᠭᠤᠯᠤᠮᠵᠢ ᠶᠢᠨ ᠦᠭᠡᠷᠡᠴᠢᠯᠡᠯᠲᠡ ᠳᠤ ᠬᠤᠯᠪᠣᠭᠳᠠᠭᠰᠠᠨ ᠭᠡᠰᠡᠭ ᠰᠠᠯᠠᠭ᠎ᠠ ᠮᠦᠴᠢᠷ ᠲᠤ ᠬᠦᠷᠴᠤ ᠰᠢᠨ᠎ᠡ ᠵᠢᠯ ᠤᠨ ᠮᠡᠨᠳᠦᠴᠢᠯᠡᠯ ᠳᠡᠪᠰᠢᠬᠦᠯᠦᠭᠰᠡᠨ ᠤ ᠬᠠᠮᠲᠦ ᠰᠠᠯᠠᠭ᠎ᠠ ᠮᠦᠴᠢᠷ ᠤᠨ ᠡᠷᠬᠢᠯᠲᠡ ᠶᠢᠨ ᠪᠠᠶᠢᠳᠠᠯ ᠢ ᠤᠶᠢᠯᠠᠭᠠᠵᠤ ᠬᠠᠮᠢᠶ᠎ᠠ ᠪᠦᠬᠦᠢ ᠠᠵᠢᠯ ᠳᠤ ᠪᠠᠶᠢᠷᠢᠰᠢᠭᠤᠯᠤᠯᠲᠠ ᠬᠢᠭᠰᠡᠨ ᠪᠠᠶᠢᠨ᠎ᠠ᠃      ᠡᠷᠳᠡᠨᠢᠪᠢᠯᠢᠭ ᠨᠠᠷ ᠤᠷᠢᠳ ᠬᠤᠵᠢᠳ ᠬᠤᠰᠢᠭᠤ ᠠᠵᠣ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠳᠣᠪᠴᠢᠶ᠎ᠠ᠂ ᠳᠠᠷᠢᠶᠠᠯᠠᠩ ᠮᠠᠯ ᠠᠵᠣ ᠠᠬᠤᠢ ᠶᠢᠨ ᠳᠣᠪᠴᠢᠶ᠎ᠠ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠳᠣᠪᠴᠢᠶ᠎ᠠ᠂ ᠡᠮᠴᠢᠯᠡᠬᠡᠨ ᠤ ᠪᠠᠳᠣᠯᠠᠭ᠎ᠠ ᠶᠢᠨ ᠳᠣᠪᠴᠢᠶ᠎ᠠ᠂ ᠬᠦᠭᠵᠢᠬᠦᠯᠦᠯᠲᠡ ᠪᠠ ᠦᠬᠡᠷᠡᠴᠢᠯᠡᠯᠳᠡ ᠶᠢᠨ ᠵᠦᠪᠯᠡᠯ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠣᠯᠲᠠ ᠶᠢᠨ ᠳᠣᠪᠴᠢᠶ᠎ᠠ᠂ ᠣᠯᠣᠰ ᠤᠨ ᠦᠮᠴᠢᠯᠡᠯᠲᠦ ᠡᠳ᠋ ᠬᠦᠷᠦᠩᠬᠡ ᠶᠢᠨ ᠬᠢᠨᠠᠯᠳᠠ ᠬᠠᠮᠢᠶᠠᠷᠣᠯᠳᠠ ᠶᠢᠨ ᠵᠦᠪᠯᠡᠯ ᠢᠶᠠᠷ ᠬᠦᠷᠴᠦ ᠪᠠᠶᠢᠭᠤᠯᠤᠮᠵᠢ ᠶᠢᠨ ᠦᠭᠡᠷᠡᠴᠢᠯᠡᠯᠲᠡ ᠳᠤ ᠬᠤᠯᠪᠣᠭᠳᠠᠭᠰᠠᠨ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠨ ᠲᠡᠳᠡᠨ ᠤ ᠰᠢᠨ᠎ᠡ ᠨᠢᠭᠡᠨ ᠵᠢᠯ ᠤᠨ ᠠᠵᠢᠯ ᠤᠨ ᠲᠦᠯᠦᠪᠯᠡᠭᠡ ᠪᠤᠯᠤᠨ ᠬᠦᠭᠵᠢᠯᠲᠡ ᠶᠢᠨ ᠰᠡᠳᠬᠢᠴᠡ ᠶᠢ ᠤᠶᠢᠯᠠᠭᠠᠪᠠ᠃ ᠪᠠᠶᠢᠳᠠᠯ ᠢ ᠤᠶᠢᠯᠠᠭᠠᠭᠰᠠᠨ ᠤ ᠳᠠᠷᠠᠭ᠎ᠠ ᠡᠷᠳᠡᠨᠢᠪᠢᠯᠢᠭ ᠬᠦᠢᠴᠡᠳ ᠨᠣᠲᠠᠯᠠᠯᠲᠠ ᠦᠭᠭᠦᠭᠰᠡᠨ ᠤ ᠬᠠᠮᠲᠦ ᠲᠡᠳᠡᠨ ᠢ ᠢᠲᠡᠭᠡᠯ ᠲᠡᠭᠦᠯᠳᠡᠷ ᠢᠶᠠᠷ ᠠᠵᠢᠯ ᠳᠠᠭᠠᠨ ᠴᠢᠷᠮᠠᠶᠢᠵᠤ ᠰᠢᠨ᠎ᠡ ᠰᠡᠳᠬᠢᠴᠡ᠂ ᠰᠢᠨ᠎ᠡ ᠠᠷᠭ᠎ᠠ ᠪᠠᠷᠢᠯ᠂ ᠰᠢᠨ᠎ᠡ ᠠᠵᠢᠯ ᠤᠨ ᠰᠤᠷᠲᠠᠯ ᠢᠶᠠᠷ ᠰᠢᠨ᠎ᠡ ᠠᠵᠢᠯ ᠤᠨ ᠪᠠᠶᠢᠳᠠᠯ ᠢ ᠡᠭᠦᠳᠣᠨ ᠪᠦᠬᠦ ᠵᠢᠯ ᠤᠨ ᠠᠵᠢᠯ ᠤᠨ ᠡᠭᠦᠷᠬᠡ ᠬᠠᠷᠠᠯᠲᠠ ᠪᠠᠨ ᠪᠡᠶᠡᠯᠡᠬᠦᠯᠬᠦ ᠪᠠᠷ ᠴᠢᠷᠮᠠᠶᠢᠬᠤ ᠶᠢ ᠵᠤᠷᠢᠭᠵᠢᠭᠤᠯᠪᠠ᠃
     ᠪᠠᠶᠢᠴᠠᠭᠠᠨ ᠰᠤᠳᠤᠯᠤᠯᠲᠠ ᠳᠤᠮᠳᠠ ᠡᠷᠳᠡᠨᠢᠪᠢᠯᠢᠭ ᠵᠢᠭᠠᠵᠦ ᠭᠠᠷᠭᠠᠬᠤ ᠳᠤ ᠪᠠᠨ᠂ ᠪᠠᠶᠢᠭᠤᠯᠤᠮᠵᠢ ᠶᠢᠨ ᠦᠭᠡᠷᠡᠴᠢᠯᠡᠯᠲᠡ ᠪᠣᠯ ᠤᠳᠤᠬᠠᠨ ᠤ ᠠᠵᠢᠯ ᠤᠨ ᠭᠤᠤᠯᠳᠠᠯᠭ᠎ᠠ ᠪᠠᠶᠢᠵᠤ ᠪᠠᠶᠢᠭᠤᠯᠤᠮᠵᠢ ᠶᠢᠨ ᠦᠭᠡᠷᠡᠴᠢᠯᠡᠯᠲᠡ ᠳᠤ ᠬᠤᠯᠪᠣᠭᠳᠠᠭᠰᠠᠨ ᠡᠯ᠎ᠡ ᠰᠠᠯᠠᠭ᠎ᠠ ᠮᠦᠴᠢᠷ  ᠡᠷᠬᠡᠪᠰᠢ ᠲᠥᠪ᠂ ᠦᠪᠡᠷᠳᠡᠭᠡᠨ ᠵᠠᠰᠠᠬᠤ ᠤᠷᠤᠨ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠢ ᠱᠠᠭᠠᠷᠳᠠᠯᠭ᠎ᠠ ᠶᠤᠰᠤᠭᠠᠷ ᠡᠷᠲᠡᠬᠡᠨ ᠪᠠᠶᠢᠳᠠᠯ ᠢ ᠤᠶᠢᠯᠠᠭᠠᠨ ᠤᠯᠤᠰ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠪᠦᠲᠦᠮᠵᠢᠲᠠᠢ ᠪᠡᠶᠡᠯᠡᠬᠦᠯᠬᠦ ᠬᠡᠷᠡᠭᠲᠡᠢ᠃ ᠶᠡᠭᠡ ᠪᠠᠶᠢᠳᠠᠯ ᠤᠨ ᠤᠬᠠᠮᠰᠠᠷ ᠲᠠᠢ ᠪᠠᠶᠢᠵᠤ ︽ᠳᠦᠷᠪᠡᠨ ᠤᠬᠠᠮᠰᠠᠷ︾ ᠪᠤᠯᠤᠨ ︽ᠬᠤᠶᠠᠷ ᠢ ᠬᠠᠮᠠᠭᠠᠯᠠᠬᠤ︾  ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠦᠴᠢᠷᠳᠡᠯ ᠢ ᠢᠯᠠᠨ ᠲᠠᠪᠠᠵᠤ ᠦᠭᠡᠷᠡᠴᠢᠯᠡᠯᠲᠡ ᠶᠢ ᠠᠬᠢᠭᠤᠯᠬᠤ ᠳᠤ ᠳᠡᠮᠵᠢᠯᠭᠡ ᠦᠵᠡᠬᠦᠯᠬᠦ ᠬᠡᠷᠡᠭᠲᠡᠢ᠃ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠶᠠᠪᠤᠴᠠ ᠳᠤᠮᠳᠠ ᠤᠯᠠᠨ ᠲᠦᠮᠡᠨ ᠳᠤ ᠰᠠᠶᠢᠲᠤᠷ ᠦᠢᠯᠡᠴᠢᠯᠡᠵᠦ ᠠᠵᠢᠯ ᠤᠨ ᠲᠤᠬᠢᠷᠠᠭᠤᠯᠤᠯᠲᠠ ᠪᠠᠨ ᠪᠦᠲᠦᠮᠵᠢᠲᠠᠢ ᠪᠡᠶᠡᠯᠡᠭᠦᠯᠤᠨ ᠠᠷᠠᠳ ᠲᠦᠮᠡᠨ ᠤ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠲᠥᠪ ᠠᠴᠠ ︽ᠰᠤᠷᠤᠯᠴᠠᠬᠤ ᠪᠠᠷ ᠤᠯᠤᠰ ᠢᠶᠠᠨ ᠭᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠬᠦᠨᠵᠡᠭᠡᠢ ᠠᠳᠬᠤᠨ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠤᠳᠤᠷᠢᠳᠬᠤ ᠪᠠᠭ ᠪᠤᠯᠤᠨ ᠺᠠᠳ᠋ᠷ ᠠᠵᠢᠯᠲᠠᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠨᠠᠮ ᠤᠨ ᠪᠠᠶᠢᠭᠤᠯᠤᠯᠲᠠ ᠶᠢᠨ ᠤᠳᠤᠷᠢᠳᠤᠮᠵᠢ  ᠶᠢᠨ ᠦᠢᠯᠡᠳᠦᠯ ᠢᠶᠠᠨ ᠪᠠᠳᠠᠷᠠᠭᠤᠯᠵᠤ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠨ ᠦᠢᠯᠡᠳᠦᠯᠭᠡ ᠶᠢ ᠵᠢᠯᠤᠭᠤᠳᠤᠭᠤᠯᠵᠤ ᠠᠵᠢᠯ ᠢ ᠠᠬᠢᠭᠤᠯᠬᠤ ᠬᠡᠷᠡᠭᠲᠡᠢ᠃ ︽ᠰᠤᠷᠤᠯᠴᠠᠬᠤ ᠪᠠᠷ ᠤᠯᠤᠰ ᠢᠶᠠᠨ ᠭᠦᠴᠦᠷᠭᠡᠭᠵᠢᠬᠦᠯᠬᠦ︾ ᠰᠤᠷᠤᠯᠴᠠᠬᠤ ᠲᠠᠪᠴᠠᠩ ᠤᠨ ᠲᠦᠭᠡᠮᠡᠯᠵᠢᠯ ᠬᠡᠷᠡᠭᠯᠡᠯᠲᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠰᠤᠷᠤᠯᠴᠠᠬᠤ ᠲᠠᠪᠴᠠᠩ ᠢ ᠪᠦᠬᠦ ᠬᠤᠰᠢᠭᠤᠨ ᠤ ᠨᠠᠮ ᠤᠨ ᠭᠡᠰᠢᠭᠦᠳ ᠲᠤ ᠬᠡᠷᠡᠭᠯᠡᠬᠦᠯᠵᠦ ᠪᠦᠬᠦ ᠬᠤᠰᠢᠭᠤᠨ ᠤ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠤᠨ ᠹᠷᠤᠨᠲ᠂ ᠡᠯ᠎ᠡ ᠠᠵᠢᠯ ᠲᠦᠷᠦᠯ ᠤᠨ ᠲᠤᠮᠳᠠ ᠰᠤᠷᠤᠯᠴᠠᠯᠭ᠎ᠠ ᠶᠢᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠪᠡ᠃ ᠡᠷᠳᠡᠨᠢᠪᠢᠯᠢᠭ ᠱᠠᠭᠠᠷᠳᠠᠬᠤ ᠳᠤ ᠪᠠᠨ᠂ ᠰᠢᠨ᠎ᠡ ᠨᠢᠭᠡᠨ ᠵᠢᠯ ᠳᠤ ᠠᠵᠢᠯ ᠤᠨ ᠡᠭᠦᠷᠭᠡ ᠤᠯᠠᠮ ᠬᠦᠨᠳᠦ ᠪᠤᠯᠵᠤ ᠡᠯ᠎ᠡ ᠪᠠᠶᠢᠭᠤᠯᠤᠮᠵᠢ ᠶᠢᠨ ᠦᠭᠡᠷᠡᠴᠢᠯᠡᠯᠲᠡ ᠳᠤ ᠬᠤᠯᠪᠤᠭᠳᠠᠭᠰᠠᠨ ᠡᠯ᠎ᠡ ᠰᠠᠯᠠᠭ᠎ᠠ ᠮᠦᠴᠢᠷ ᠤᠨ ᠬᠢᠨ ᠵᠤᠷᠢᠭᠲᠠᠢ ᠪᠠᠷ ᠰᠢᠨ᠎ᠡ ᠶᠢ ᠡᠭᠦᠳᠴᠦ ᠬᠦᠭᠵᠢᠯᠲᠡ ᠶᠢᠨ ᠰᠢᠨ᠎ᠡ ᠰᠡᠳᠬᠢᠴᠡ ᠢ ᠢᠳᠡᠪᠬᠢᠲᠠᠢ ᠪᠠᠷ ᠡᠷᠢᠯᠬᠢᠯᠡᠨ ᠦᠭᠡᠷᠡᠴᠢᠯᠡᠯᠲᠡ ᠶᠢᠨ ᠠᠵᠢᠯ ᠢᠶᠠᠨ ᠳᠠᠰᠤᠷᠠᠯᠲᠠ ᠦᠭᠡᠢ ᠴᠢᠩᠭᠠᠳᠬᠠᠵᠦ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ ᠨᠣᠮᠢᠨ ᠳᠠᠩᠰᠤᠭ ᠬᠦᠭᠵᠢᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号