ᠣᠶᠢᠷ᠎ᠠ ᠶᠢᠨ ᠡᠳᠣᠷ᠂ ᠮᠠᠨ ᠤ ᠬᠤᠰᠢᠭᠤ ︽ᠦᠣᠰᠢᠨ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ | ᠣᠶᠢᠯᠠᠯᠭ᠎ᠠ︾ ᠶᠢ ᠬᠡᠪᠯᠡᠬᠦᠯᠦᠨ ᠲᠠᠷᠬᠠᠭᠠᠪᠠ᠃ | ︽ᠦᠣᠰᠢᠨ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠣᠶᠢᠯᠠᠯᠭ᠎ᠠ︾ ᠶᠢ 2015 ᠣᠨ ᠠᠴᠠ | ᠡᠬᠢᠯᠡᠨ ᠲᠡᠪᠣᠨ ᠵᠢᠯ ᠭᠠᠷᠣᠢ ᠶᠢᠨ ᠬᠤᠭᠤᠴᠠᠭ᠎ᠠ ᠶᠢ ᠵᠠᠷᠣᠴᠠᠭᠤᠯᠣᠨ ᠮᠤᠩᠭᠤᠯ ᠬᠢᠳᠠᠳ ᠬᠤᠶᠠᠷ ᠬᠡᠯᠡ ᠪᠠᠷ | ᠨᠠᠶᠢᠷᠠᠭᠤᠯᠣᠨ ᠪᠢᠴᠢᠵᠦ 1950 ᠣᠨ ᠠᠴᠠ 2015 ᠣᠨ ᠪᠣᠯᠳᠠᠯᠠᠬᠢ 65 ᠵᠢᠯ ᠤᠨ ᠬᠤᠭᠤᠷᠣᠨᠳᠡᠬᠢ ᠮᠠᠨ ᠤ | ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠣᠶᠢᠯᠡᠰ ᠤᠨ ᠬᠦᠭᠵᠢᠯᠳᠡ ᠬᠤᠪᠢᠷᠡᠯᠳᠡ ᠶᠢᠨ ᠳᠡᠣᠬᠡ ᠶᠢ | ᠳᠡᠮᠳᠡᠭᠯᠡᠨ ᠭᠠᠵᠠᠷ ᠵᠦᠢ ᠶᠢᠨ ᠪᠠᠶᠢᠷᠢᠰᠢᠯ᠂ ᠮᠠᠯ ᠳᠠᠷᠢᠶᠠᠯᠠᠩ ᠤᠨ ᠪᠠᠶᠢᠭᠤᠯᠣᠮᠵᠢ ᠶᠢᠨ ᠪᠦᠳᠣᠴᠡ᠂ ᠮᠠᠯ ᠲᠠᠷᠢᠶᠠᠯᠠᠩ | ᠤᠨ ᠠᠵᠤ ᠠᠬᠤᠢ ᠵᠢᠭᠠᠰᠣᠨ ᠤ ᠣᠶᠢᠯᠡᠰ᠂ ᠮᠠᠯ ᠳᠠᠷᠢᠶᠠᠯᠠᠩ ᠤᠨ ᠵᠢᠳᠭᠦᠯᠳᠡᠨ ᠵᠡᠷᠭᠡ ᠲᠠᠪᠤᠨ ᠶᠡᠭᠡ ᠪᠦᠯᠦᠭ | ᠬᠤᠪᠢᠶᠠᠨ 35 ᠪᠦᠯᠦᠭᠯᠡᠯ᠂ 125 ᠵᠤᠷᠪᠤᠰ᠂ 55 ᠲᠦᠮᠡᠨ ᠮᠤᠩᠭᠤᠯ ᠦᠰᠦᠭ᠂ 55 ᠲᠦᠮᠡᠨ ᠬᠢᠲᠠᠳ | ᠥᠰᠦᠭ ᠢᠶᠠᠷ ᠪᠦᠷᠢᠯᠳᠦᠵᠡᠢ᠃ | ︽ᠦᠣᠰᠢᠨ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠣᠶᠢᠯᠠᠯᠭ᠎ᠠ︾ ᠬᠡᠭᠦ ᠨᠣᠮ ᠨᠢ ᠮᠠᠨ ᠤ | ᠬᠤᠰᠢᠭᠤᠨ ᠤ ᠳᠠᠷᠢᠶᠠᠯᠠᠩ ᠮᠠᠯ ᠠᠵᠣ ᠠᠬᠤᠢ ᠶᠢᠨ ᠬᠦᠭᠵᠢᠯᠳᠡ ᠬᠤᠪᠢᠷᠡᠯᠳᠡ ᠶᠢᠨ ᠦᠨ᠎ᠡ ᠴᠡᠨ᠎ᠠ ᠲᠠᠢ ᠳᠡᠣᠭᠡᠨ | ᠮᠠᠲ᠋ᠧᠷᠢᠶᠠᠯ ᠰᠣᠷᠪᠣᠯᠵᠢ ᠪᠢᠴᠢᠭ ᠪᠤᠯᠤᠭᠰᠠᠨ ᠢᠶᠠᠷ ᠪᠠᠷᠠᠬᠤ ᠦᠬᠡᠢ ᠳᠠᠷᠢᠶᠠᠯᠠᠩ ᠮᠠᠯ ᠠᠵᠣ ᠠᠬᠤᠢ ᠶᠢᠨ ᠠᠮᠵᠢᠯᠳᠡ | ᠪᠦᠳᠣᠭᠡᠯ᠂ ᠪᠣᠳᠠᠳᠣ ᠪᠠᠶᠢᠳᠡᠯ ᠢ ᠳᠣᠰᠬᠠᠭᠰᠠᠨ ᠨᠠᠪᠳᠡᠷᠭᠡᠢ ᠳᠣᠯᠢ ᠪᠣᠯᠣᠭᠰᠠᠨ ᠪᠠᠶᠢᠨ᠎ᠠ᠃ |