ᠦᠣᠰᠢᠨᠵᠣᠣ ᠭᠠᠴᠠᠭ᠎ᠠ ᠠᠮᠢᠳᠤᠯᠢᠭ ᠠᠷᠭ᠎ᠠ ᠪᠠᠷ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2019-02-14
     ᠦᠤᠰᠢᠨᠵᠤᠤ ᠪᠠᠯᠭᠠᠰᠤᠨ ᠤ ᠦᠥᠰᠢᠨᠵᠤᠤ ᠭᠠᠴᠠᠭ᠎ᠠ ᠭᠠᠴᠠᠭᠠᠨ ᠤ ᠪᠠᠨ ᠤᠯᠠᠨ ᠲᠦᠮᠡᠨ ᠤ ᠬᠦᠳᠡᠭᠡ ᠠᠵᠤ ᠠᠬᠤᠢ ᠶᠢᠨ ᠪᠦᠳᠦᠬᠡᠭᠳᠡᠬᠦᠨ ᠢ ᠤᠯᠠᠮᠵᠢᠯᠠᠯᠲᠤ ᠦᠢᠯᠡᠳᠪᠤᠷᠢᠯᠡᠯ ᠤᠨ ᠠᠷᠭ᠎ᠠ ᠪᠠᠷ ᠲᠤᠬᠠᠢ ᠶᠢᠨ ᠭᠠᠵᠠᠷ ᠲᠠᠭᠠᠨ ᠪᠤᠯᠪᠠᠰᠤᠷᠠᠭᠤᠯᠵᠤ ᠭᠠᠴᠠᠭᠠᠨ ᠤ ᠪᠠᠨ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠤᠷᠤᠨ ᠨᠤᠳᠤᠭ ᠤᠨ ᠤᠯᠠᠮᠵᠢᠯᠠᠯᠳᠤ ᠢᠳᠡᠬᠡᠨ ᠢᠶᠠᠨ ᠤᠯᠠᠮᠵᠢᠯᠠᠯᠲᠤ ᠠᠷᠭ᠎ᠠ ᠪᠠᠷ ᠦᠢᠯᠡᠳᠪᠤᠷᠢᠯᠡᠬᠦ ᠶᠢ ᠬᠠᠮᠠᠭᠠᠯᠠᠵᠤ ᠴᠢᠳᠠᠭᠰᠠᠨ ᠮᠦᠷᠳᠡᠬᠡᠨ ᠶᠠᠳᠠᠭᠤ ᠬᠦᠴᠢᠷᠳᠡᠯᠳᠡᠢ ᠡᠷᠦᠬᠡ ᠶᠢ ᠲᠠᠶᠢᠴᠢᠯᠠᠨ ᠪᠠᠶᠠᠵᠢᠭᠤᠯᠬᠤ᠂ ᠭᠠᠴᠠᠭ᠎ᠠ ᠲᠤᠰᠬᠤᠨ ᠤ ᠵᠤᠭᠠᠴᠠᠯ ᠢ ᠬᠦᠭᠵᠢᠬᠦᠯᠬᠦ ᠵᠡᠷᠬᠡ ᠤᠯᠠᠨ ᠠᠰᠢᠭ ᠢ ᠡᠬᠦᠳᠴᠦ ᠪᠤᠢ᠃      ᠦᠥᠰᠢᠨᠵᠤᠤ ᠭᠠᠴᠠᠭᠠᠨ ᠤ ᠬᠤᠯᠢᠰᠢᠨ ᠢᠳᠡᠭᠡᠨ ᠤ ᠦᠢᠯᠡᠳᠪᠦᠷᠢ 2018 ᠤᠨ ᠳᠤ ᠪᠠᠶᠢᠭᠤᠯᠤᠭᠳᠠᠵᠦ  ᠤᠯᠠᠮᠵᠢᠯᠠᠯᠳᠤ ᠦᠢᠯᠡᠳᠪᠤᠷᠢᠯᠡᠯ ᠤᠨ ᠠᠷᠭ᠎ᠠ ᠪᠠᠷ ᠤᠷᠤᠨ ᠨᠤᠳᠤᠭ ᠤᠨ ᠤᠨᠴᠠᠯᠢᠭᠳᠤ ᠪᠤᠬᠢᠷᠳᠤᠯ ᠦᠭᠡᠢ ᠢᠳᠡᠬᠡᠨ ᠢ ᠦᠢᠯᠡᠳᠪᠤᠷᠢᠯᠡᠬᠦ ᠤᠨᠤᠯᠵᠢᠭᠤᠨ ᠢᠶᠠᠷ ᠬᠠᠭᠤᠷᠤᠭᠰᠠᠨ ᠠᠮᠤ ᠪᠤᠯᠪᠠᠰᠤᠷᠠᠭᠤᠯᠬᠤ᠂ ᠴᠢᠪᠠᠭ᠎ᠠ ᠲᠠᠢ ᠪᠤᠭᠤᠷᠰᠤᠭ ᠬᠢᠬᠦ ᠲᠠᠰᠤᠭ ᠪᠤᠯᠤᠨ ᠬᠦᠢᠳᠡᠨ ᠬᠦᠮᠦᠷᠬᠡ ᠶᠢ ᠲᠦᠬᠦᠷᠵᠢᠬᠦᠯᠵᠦ ᠵᠢᠯ ᠪᠦᠷᠢ 50000 ᠵᠢᠩ ᠠᠮᠤ᠂ 20000 ᠵᠢᠩ ᠪᠤᠭᠤᠷᠰᠤᠭ ᠦᠢᠯᠡᠳᠪᠤᠷᠢᠯᠡᠨ ᠪᠤᠯᠪᠠᠰᠤᠷᠠᠭᠤᠯᠬᠤ ᠪᠠᠷ ᠲᠠᠮᠵᠢᠨ ᠭᠠᠴᠠᠭᠠᠨ ᠤ ᠪᠠᠨ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠶᠢᠨ ᠬᠠᠮᠳᠤ ᠮᠠᠯᠴᠢᠳ ᠤᠨ ᠬᠦᠳᠡᠭᠡ ᠠᠵᠤ ᠠᠬᠤᠢ ᠶᠢᠨ ᠪᠦᠳᠦᠬᠡᠭᠳᠡᠬᠦᠨ ᠢ ᠲᠤᠬᠠᠢ ᠶᠢᠨ ᠭᠠᠵᠠᠷ  ᠲᠠᠭᠠᠨ ᠪᠤᠷᠤᠯᠠᠭᠤᠯᠵᠦ ᠶᠠᠳᠠᠭᠤ ᠬᠦᠴᠢᠷᠳᠡᠯᠳᠡᠢ ᠡᠷᠦᠬᠡ ᠶᠢᠨ ᠠᠮᠢᠳᠤᠷᠠᠯ ᠢᠶᠠᠨ ᠦᠬᠡᠳᠡᠯᠡᠬᠦᠯᠬᠦ ᠳᠤᠨᠢ ᠡᠷᠬᠢᠯᠳᠡᠳᠦ ᠬᠡᠯᠪᠡᠷᠢ ᠶᠢᠨ ᠲᠤᠰᠠ ᠪᠤᠯᠵᠤ ᠪᠤᠢ᠃      ᠦᠥᠰᠢᠨᠵᠤᠤ ᠭᠠᠴᠠᠭ᠎ᠠ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠳᠠᠭᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠲᠤᠬᠢᠶᠠᠯ ᠪᠤᠯᠭᠠᠵᠤ ᠭᠠᠵᠠᠷ ᠤᠷᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠤᠯᠠᠮᠵᠢᠯᠠᠯᠳᠤ ᠲᠠᠷᠢᠮᠠᠯ᠂ ᠤᠨᠴᠠᠯᠢᠭᠳᠤ ᠲᠡᠵᠢᠬᠡᠪᠤᠷᠢ ᠶᠢᠨ ᠦᠢᠯᠡᠰ ᠪᠠ ᠭᠠᠴᠠᠭ᠎ᠠ ᠲᠤᠰᠬᠤᠨ ᠤ ᠵᠤᠭᠠᠴᠠᠯ ᠢ ᠵᠡᠷᠬᠡᠪᠡᠷ ᠲᠡᠰ ᠲᠡᠪᠰᠢᠬᠦᠯᠦᠨ ᠬᠦᠭᠵᠢᠬᠦᠯᠬᠦ ᠪᠠᠷ ᠠᠷᠭ᠎ᠠ ᠪᠠᠷᠢᠯ ᠢᠶᠠᠨ ᠪᠤᠯᠭᠠᠭᠰᠠᠨ ᠢᠶᠠᠷ ᠭᠠᠴᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠦᠭᠵᠢᠯᠳᠡ ᠤᠯᠠᠮ ᠰᠠᠶᠢᠨ ᠠᠬᠢᠵᠠᠢ᠃ ᠡᠬᠦᠨ ᠤ ᠰᠠᠭᠤᠷᠢᠨ ᠲᠡᠬᠡᠷ᠎ᠡ ᠪᠠᠶᠢᠭᠤᠯᠤᠭᠳᠠᠭᠰᠠᠨ ᠦᠤᠰᠢᠨᠵᠤᠤ ᠭᠠᠴᠠᠭᠠᠨ ᠤ ᠬᠤᠯᠢᠰᠢᠨ ᠢᠳᠡᠭᠡᠨ ᠤ ᠦᠢᠯᠡᠳᠪᠦᠷᠢ᠂ ᠮᠢᠬ᠎ᠠ ᠬᠠᠳᠠᠭᠠᠬᠤ ᠦᠢᠯᠡᠳᠪᠦᠷᠢ ᠵᠡᠷᠬᠡ ᠨᠢ ᠭᠠᠴᠠᠭᠠᠨ ᠤ ᠴᠢᠨᠠᠷ ᠰᠠᠶᠢᠲᠠᠢ ᠬᠦᠭᠵᠢᠯᠳᠡ ᠳᠤ ᠰᠠᠭᠤᠷᠢ ᠲᠠᠯᠪᠢᠵᠤ ᠴᠢᠳᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号