2 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ | ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ | ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠤᠬᠠᠭᠤᠯᠬᠤ ᠭᠡᠯᠳᠡᠰ ᠤᠨ ᠲᠠᠷᠤᠭ᠎ᠠ ᠹᠧᠩ ᡁᠢ ᠮᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ ᠹᠧᠩ᠂ ᠬᠤᠰᠢᠭᠤ ᠲᠡᠳ᠋ ᠲᠠᠷᠤᠭ᠎ᠠ | ᠪᠠᠶᠠᠠᠴᠠᠩᠭᠡᠯ ᠪᠤᠯᠤᠨ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠬᠤᠰᠢᠭᠤ ᠨᠠᠮ ᠤᠨ | ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ᠂ ᠬᠤᠰᠢᠭᠤ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ | ᠭᠡᠯᠳᠡᠰ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠶᠠᠳᠠᠭᠤ ᠶᠢ ᠲᠠᠳᠭᠦᠭᠦ ᠠᠯᠪᠠᠨ ᠭᠡᠷ ᠲᠤ | ᠭᠥᠷᠴᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ ᠲᠤ ᠡᠷᠳᠡᠨᠢᠪᠢᠯᠢᠭ ᠺᠠᠳ᠋ᠷ | ᠠᠵᠢᠯᠳᠠᠨ ᠲᠠᠢ ᠲᠤᠳᠤᠨᠤᠰᠤᠭ ᠢᠶᠠᠷ ᠶᠠᠷᠢᠯᠴᠠᠨ ᠮᠠᠨ ᠤ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ | ᠪᠠᠶᠢᠴᠠᠭᠠᠬᠤ ᠠᠵᠢᠯ ᠤᠨ ᠪᠠᠶᠢᠳᠠᠯ ᠢ ᠤᠶᠢᠯᠠᠭᠠᠪᠠ᠃ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠪᠥᠭᠦ ᠺᠠᠳ᠋ᠷ | ᠠᠵᠢᠯᠳᠠᠳ ᠡᠳᠤᠷ ᠲᠤᠳᠤᠮ ᠤᠨ ᠲᠤᠭᠤᠷᠢᠨ ᠪᠠᠶᠢᠴᠠᠭᠠᠯᠳᠠ ᠪᠠ ᠵᠤᠭᠢᠶᠠᠨ ᠪᠠᠶᠢᠭᠤᠯᠤᠯᠳᠠ ᠶᠢᠨ ᠵᠤᠭᠢᠴᠠᠭᠤᠯᠬᠤ | ᠠᠵᠢᠯ ᠢ ᠨᠠᠷᠢᠨ ᠭᠢᠨᠠᠮᠠᠭᠠᠢ ᠪᠠᠶᠠᠯᠠᠭᠦᠯᠵᠤ ᠰᠤᠷᠳᠠᠯ ᠤᠨ ᠪᠠᠶᠢᠭᠤᠯᠤᠯᠳᠠ ᠶᠢ ᠴᠢᠩᠭ᠎ᠠ ᠠᠳᠬᠤᠨ ᠲᠥᠷᠪᠡᠨ ᠰᠤᠷᠳᠠᠯ | ᠤᠨ ᠠᠰᠠᠭᠤᠳᠠᠯ ᠳᠤ ᠴᠢᠩᠭ᠎ᠠ ᠴᠤᠭᠢᠯᠳᠠ ᠥᠭᠴᠤ ᠳᠣᠰ ᠠᠵᠢᠯ ᠢ ᠰᠤᠮᠤ ᠪᠠᠯᠭᠠᠰᠤ ᠭᠠᠴᠠᠭ᠎ᠠ ᠲᠤᠰᠬᠤᠨ ᠳᠤ | ᠭᠥᠷᠳᠡᠯ᠎ᠠ ᠭᠥᠨᠵᠡᠭᠡᠶᠢᠷᠠᠭᠦᠯᠤᠨ ᠠᠰᠠᠭᠤᠳᠠᠯ ᠢᠯᠠᠷᠠᠪᠠᠯ ᠲᠠᠷᠤᠢ ᠲᠥᠷᠭᠡᠨ ᠴᠡᠭᠴᠡᠯᠠᠨ ᠰᠠᠶᠢᠵᠢᠷᠠᠭᠤᠯᠤᠯᠳᠠ ᠭᠢᠵᠤ | ᠥᠪᠠᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠯᠳᠠ ᠶᠢᠨ ᠴᠡᠭᠴᠡᠯᠠᠨ ᠰᠠᠶᠢᠵᠢᠷᠠᠭᠤᠯᠬᠤ ᠠᠵᠢᠯ ᠢ ᠴᠢᠨᠠᠷ | ᠰᠠᠶᠢᠳᠠᠢ ᠪᠠᠶᠠᠯᠠᠭᠦᠯᠭᠦ ᠭᠡᠷᠡᠭᠳᠠᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠲᠤ ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ | ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠰᠠᠭᠢᠯᠭ᠎ᠠ ᠪᠠᠳᠤ ᠲᠥᠷᠢᠮ ᠲᠤᠭᠳᠠᠭᠠᠯ ᠢ ᠪᠠᠶᠢᠭᠤᠯᠤᠨ | ᠲᠠᠭᠦᠯᠳᠡᠷᠵᠢᠭᠦᠯᠵᠤ ᠥᠨᠳᠤᠰᠤᠨ ᠱᠠᠳᠤᠨ ᠤ ᠥᠵᠠᠯ ᠤᠬᠠᠮᠰᠠᠷ ᠤᠨ ᠭᠡᠯᠪᠠᠷᠢ ᠶᠢᠨ ᠠᠵᠢᠯ ᠤᠨ ᠭᠢᠷᠢ ᠲᠥᠪᠰᠢᠨ ᠢ | ᠴᠢᠷᠮᠠᠶᠢᠨ ᠲᠡᠭᠡᠭᠰᠢᠯᠡᠭᠦᠯᠭᠦ ᠭᠡᠷᠡᠭᠳᠠᠢ᠃ 2018 ᠤᠨ ᠳᠤ ᠮᠠᠨ ᠤ ᠬᠤᠰᠢᠭᠤᠨ ᠤ ᠪᠥᠭᠦ ᠤᠯᠤᠰ ᠤᠨ ᠬᠤᠰᠢᠭᠤ | ᠰᠢᠶᠠᠨ ᠤ ᠳᠡᠰ ᠤᠨ ᠪᠤᠯᠪᠠᠰᠤᠨ ᠬᠤᠳᠠ ᠶᠢᠨ ᠡᠭᠦᠳᠤᠨ ᠪᠠᠶᠢᠭᠤᠯᠤᠯᠳᠠ ᠶᠢᠨ ᠠᠵᠢᠯ ᠰᠠᠶᠢᠨ ᠡᠭᠢᠯᠠᠯᠳᠠ ᠲᠠᠢ | ᠪᠤᠯᠵᠤ ᠥᠷᠭᠡᠨ ᠤᠯᠠᠨ ᠲᠥᠮᠡᠨ ᠤ ᠭᠥᠷᠢᠶᠠᠯᠠᠯ ᠥᠨᠠᠯᠠᠯᠳᠠ ᠶᠢ ᠤᠯᠤᠭᠰᠠᠨ ᠪᠠᠶᠢᠨ᠎ᠠ᠃ ᠪᠢᠳᠠ ᠴᠢᠷᠮᠠᠶᠢᠭᠰᠠᠨ | ᠲᠡᠭᠡᠷ᠎ᠡ ᠪᠠᠨ ᠴᠢᠷᠮᠠᠶᠢᠵᠤ ᠥᠷᠭᠡᠨ ᠤᠯᠠᠨ ᠲᠥᠮᠡᠨ ᠤ ᠪᠤᠳᠤᠭᠰᠠᠨ ᠰᠠᠨᠠᠭᠰᠠᠨ ᠭᠥᠰᠡᠭᠰᠠᠨ ᠵᠥᠢᠯ ᠢ ᠲᠡᠷᠢᠭᠦᠨ ᠳᠤ | ᠲᠠᠯᠪᠢᠨ ᠲᠤᠭᠳᠠᠭᠠᠭᠰᠠᠨ ᠬᠠᠷᠠᠯᠳᠠ ᠶᠢᠨ ᠲᠤᠭᠤᠷᠢᠨ ᠳᠤ ᠨᠠᠶᠢᠳᠠᠪᠤᠷᠢᠵᠢᠭᠤᠯᠤᠯᠳᠠ ᠶᠢ ᠠᠭᠢᠭᠤᠯᠵᠤ ᠮᠠᠨ ᠤ | ᠬᠤᠰᠢᠭᠤᠨ ᠤ ᠪᠥᠭᠦ ᠤᠯᠤᠰ ᠤᠨ ᠬᠤᠰᠢᠭᠤ ᠰᠢᠶᠠᠨ ᠤ ᠳᠡᠰ ᠤᠨ ᠪᠤᠯᠪᠠᠰᠤᠨ ᠬᠤᠳᠠ ᠶᠢᠨ ᠡᠭᠦᠳᠤᠨ | ᠪᠠᠶᠢᠭᠤᠯᠤᠯᠳᠠ ᠶᠢᠨ ᠠᠵᠢᠯ ᠢ ᠰᠠᠶᠢᠲᠤᠷ ᠬᠢᠵᠦ ᠥᠷᠭᠡᠨ ᠤᠯᠠᠨ ᠲᠥᠮᠡᠨ ᠳᠤ ᠨᠠᠩ ᠤᠯᠠᠨ ᠵᠤᠯ ᠵᠢᠷᠭᠠᠯ ᠤᠨ | ᠲᠥᠷᠥᠭᠳᠠᠯ ᠤᠯᠭᠤᠬᠤ ᠭᠡᠷᠡᠭᠳᠠᠢ ᠭᠡᠵᠡᠢ᠃ | ᠬᠤᠰᠢᠭᠤ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ ᠭᠡᠯᠳᠡᠰ ᠲᠤ ᠡᠷᠳᠡᠨᠢᠪᠢᠯᠢᠭ ᠵᠢᠭᠠᠵᠤ ᠭᠠᠷᠭᠠᠬᠤ ᠳᠤ | ᠪᠠᠨ᠂ ᠪᠥᠭᠦ ᠪᠠᠶᠢᠳᠠᠯ ᠤᠨ ᠥᠨᠳᠤᠷᠴᠠ ᠠᠴᠠ ᠵᠤᠭᠢᠶᠠᠨ ᠪᠠᠶᠢᠭᠤᠯᠤᠯᠳᠠ ᠶᠢᠨ ᠠᠵᠢᠯ ᠤᠨ ᠴᠢᠬᠤᠯᠠ ᠴᠢᠨᠠᠷ ᠤᠨ | ᠲᠤᠬᠠᠢ ᠲᠠᠨᠢᠯᠳᠠ ᠪᠠᠨ ᠲᠠᠭᠡᠭᠰᠢᠯᠡᠭᠦᠯᠵᠤ ᠨᠠᠮ ᠤᠨ ᠥᠨᠳᠤᠰᠤᠨ ᠱᠠᠳᠤᠨ ᠤ ᠵᠤᠭᠢᠶᠠᠨ ᠪᠠᠶᠢᠭᠤᠯᠤᠯᠳᠠ ᠶᠢᠨ | ᠪᠠᠶᠢᠭᠤᠯᠤᠯᠳᠠ ᠶᠢ ᠴᠢᠩᠭ᠎ᠠ ᠠᠳᠬᠤᠨ ᠰᠢᠨᠵᠢᠯᠠᠭᠦ ᠤᠬᠠᠭᠠᠨᠴᠢ ᠪᠠᠷ ᠭᠥᠮᠤᠨ ᠰᠤᠩᠭᠤᠨ ᠭᠡᠷᠡᠭᠯᠠᠭᠦ ᠥᠵᠠᠯᠳᠠ ᠶᠢ | ᠪᠤᠢ ᠪᠤᠯᠭᠠᠵᠦ ᠪᠥᠭᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠠᠭᠢᠭᠤᠯᠬᠤ ᠳᠤ ᠡᠷᠡᠰ ᠴᠢᠩᠭ᠎ᠠ ᠺᠠᠳ᠋ᠷ ᠤᠨ | ᠪᠠᠳᠤᠯᠠᠭ᠎ᠠ ᠪᠠ ᠵᠤᠭᠢᠶᠠᠨ ᠪᠠᠶᠢᠭᠤᠯᠤᠯᠲᠠ ᠶᠢᠨ ᠪᠠᠳᠤᠯᠠᠭ᠎ᠠ ᠬᠠᠩᠭᠠᠬᠤ ᠭᠡᠷᠡᠭᠳᠠᠢ ᠭᠡᠵᠡᠢ᠃ | ᠬᠤᠰᠢᠭᠤ ᠶᠠᠳᠠᠭᠤ ᠶᠢ ᠲᠠᠳᠭᠦᠭᠦ ᠨᠡᠭᠡᠭᠡᠯᠲᠡ ᠶᠢᠨ ᠠᠯᠪᠠᠨ ᠭᠡᠷ ᠲᠤ ᠡᠷᠳᠡᠨᠢᠪᠢᠯᠢᠭ ᠴᠢᠬᠤᠯᠠᠴᠢᠯᠠᠬᠤ ᠳᠤ | ᠪᠠᠨ᠂ ᠪᠥᠭᠦ ᠺᠠᠳ᠋ᠷ ᠠᠵᠢᠯᠳᠠᠳ ᠰᠢ ᠶᠢᠨ ᠫᠢᠩ ᠶᠠᠷᠤᠩᠭᠡᠢ ᠱᠥᠵᠢ ᠶᠢᠨ ᠶᠠᠳᠠᠭᠤ ᠠᠴᠠ ᠠᠩᠭᠢᠵᠢᠷᠠᠭᠤᠯᠤᠨ | ᠪᠤᠭᠤᠮᠳᠠ ᠰᠢᠪᠳᠤᠯᠬᠤ ᠠᠵᠢᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠭᠢᠨᠠᠮᠠᠭᠠᠢ ᠰᠤᠷᠤᠯᠴᠠᠨ | ᠲᠤᠭᠤᠰᠢᠯᠠᠭᠤᠯᠵᠦ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠡᠯ᠎ᠠ ᠲᠥᠷᠤᠯ ᠤᠨ ᠡᠭᠦᠷᠭᠡ ᠶᠢ ᠪᠤᠳᠠᠳᠠᠢ | ᠳᠤ ᠨᠠᠶᠢᠳᠠᠪᠤᠷᠢᠵᠢᠭᠤᠯᠬᠤ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠠ ᠭᠥᠳᠡᠭᠡ ᠲᠤᠰᠬᠤᠨ ᠢ ᠭᠥᠭᠵᠢᠭᠦᠯᠤᠨ | ᠮᠠᠨᠳᠤᠭᠤᠯᠬᠤ ᠠᠵᠢᠯ ᠢ ᠬᠠᠷᠢᠯᠴᠠᠨ ᠬᠤᠯᠪᠤᠯᠳᠤᠭᠤᠯᠤᠨ ᠠᠵᠤ ᠥᠢᠯᠡᠰ ᠢᠶᠠᠷ ᠶᠠᠳᠠᠭᠤ ᠶᠢ ᠲᠠᠳᠭᠦᠭᠦ᠂ ᠡᠷᠡᠭᠦᠯ | ᠡᠩᠬᠡ ᠪᠠᠷ ᠶᠠᠳᠠᠭᠤ ᠶᠢ ᠲᠠᠳᠭᠦᠭᠦ᠂ ᠠᠮᠢ ᠠᠬᠤᠢ ᠪᠠᠷ ᠶᠠᠳᠠᠭᠤ ᠶᠢ ᠲᠠᠳᠭᠦᠭᠦ᠂ ᠡᠮ ᠡᠮᠨᠡᠯᠭᠡ ᠪᠠᠷ ᠶᠠᠳᠠᠭᠤ ᠶᠢ | ᠲᠠᠳᠭᠦᠭᠦ᠂ ᠰᠤᠷᠭᠠᠨ ᠭᠥᠮᠤᠵᠢᠯ ᠢᠶᠠᠷ ᠶᠠᠳᠠᠭᠤ ᠶᠢ ᠲᠠᠳᠭᠦᠭᠦ ᠶᠢ ᠴᠢᠩᠭ᠎ᠠ ᠠᠳᠬᠤᠨ ᠲᠤᠬᠠᠢ ᠶᠢᠨ ᠭᠠᠵᠠᠷ ᠲᠤᠨᠢ | ᠲᠤᠭᠢᠷᠠᠭᠰᠠᠨ ᠪᠤᠳᠤᠯᠭ᠎ᠠ ᠲᠤᠭᠳᠠᠭᠠᠨ ᠭᠡᠷᠡᠭᠵᠢᠭᠦᠯᠵᠤ ᠪᠥᠭᠦ ᠬᠤᠰᠢᠭᠤᠨ ᠤ ᠶᠠᠳᠠᠭᠤ ᠭᠥᠴᠢᠷᠳᠠᠯᠳᠠᠢ ᠤᠯᠠᠨ ᠲᠥᠮᠡᠨ | ᠢ ᠲᠠᠭᠠᠭᠤᠯᠤᠨ ᠡᠷᠳᠡᠭᠡᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠭᠦᠯᠭᠦ ᠭᠡᠷᠡᠭᠳᠠᠢ ᠭᠡᠵᠡᠢ᠃ | ᠪᠠᠶᠢᠴᠠᠭᠠᠨ ᠰᠤᠳᠤᠯᠤᠯᠳᠠ ᠶᠢᠨ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃ ᠡᠷᠳᠡᠨᠢᠪᠢᠯᠢᠭ ᠬᠤᠷᠠᠯ | ᠲᠡᠭᠡᠷ᠎ᠡ ᠴᠢᠬᠤᠯᠠᠴᠢᠯᠠᠬᠤ ᠳᠤ ᠪᠠᠨ᠂ ᠪᠠᠶᠢᠭᠤᠯᠤᠮᠵᠢ ᠶᠢᠨ ᠥᠭᠡᠷᠡᠴᠢᠯᠠᠯᠳᠠ ᠪᠤᠯ ᠤᠳᠤᠬᠠᠨ ᠤ ᠲᠠᠷᠢᠭᠦᠨ ᠴᠢᠬᠤᠯᠠ | ᠤᠯᠤᠰ ᠲᠥᠷᠥ ᠶᠢᠨ ᠡᠭᠦᠷᠭᠡ ᠪᠤᠯᠤᠨ᠎ᠠ᠃ ᠲᠥᠪ᠂ ᠤᠷᠤᠨ᠂ ᠬᠤᠳᠠ᠂ ᠬᠤᠰᠢᠭᠤᠨ ᠤ ᠱᠠᠭᠠᠷᠳᠠᠯᠭ᠎ᠠ ᠪᠠᠷ ᠫᠠᠶᠢᠰᠠ | ᠡᠯᠭᠦᠭᠦ᠂ ᠤᠳᠤᠷᠢᠳᠤᠯᠭ᠎ᠠ ᠪᠠ ᠠᠵᠢᠯᠳᠠᠳ ᠢ ᠲᠤᠭᠢᠷᠠᠭᠤᠯᠬᠤ ᠠᠵᠢᠯ ᠢ ᠰᠠᠶᠢᠨ ᠭᠢᠭᠦ ᠭᠡᠷᠡᠭᠳᠠᠢ ᠭᠡᠵᠡᠢ᠃ | ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠥᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠯᠳᠠ ᠶᠢᠨ ᠠᠵᠢᠯ | ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ ᠤᠯᠤᠰ ᠲᠥᠷᠥ ᠶᠢᠨ ᠵᠤᠭᠰᠤᠴᠠ ᠪᠠᠨ ᠳᠡᠬᠡᠭᠰᠢᠯᠡᠬᠦᠯᠥᠨ ︽ | ᠲᠥᠷᠪᠡᠨ ᠤᠬᠠᠮᠰᠠᠷ︾ ᠪᠤᠯᠤᠨ ︽ᠬᠤᠶᠠᠷ ᠢ ᠬᠠᠮᠠᠭᠠᠯᠠᠬᠤ︾ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠦ ᠲᠥᠪ | ᠤᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ᠂ ᠠᠮᠢ ᠠᠬᠤᠢ ᠶᠢᠨ ᠪᠤᠯᠪᠠᠰᠤᠨ᠂ ᠭᠥᠳᠡᠭᠡ ᠨᠤᠳᠤᠭ | ᠤᠨ ᠪᠤᠯᠪᠠᠰᠤᠨ᠂ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠵᠡᠷᠭᠡ ᠶᠢᠨ ᠭᠤᠤᠯᠳᠠᠯᠭ᠎ᠠ ᠲᠠᠢ | ᠰᠶᠢᠳᠪᠤᠷᠢᠳᠤ ᠪᠠᠶᠢᠷᠢᠯᠠᠭᠤᠯᠤᠯᠳᠠ ᠶᠢ ᠨᠠᠷᠢᠨ ᠭᠢᠨᠠᠮᠠᠭᠠᠢ ᠲᠤᠭᠤᠰᠢᠯᠠᠭᠤᠯᠤᠨ ᠮᠠᠨ ᠤ ᠬᠤᠰᠢᠭᠤᠨ ᠤ ᠪᠠᠶᠢᠭᠤᠯᠤᠮᠵᠢ | ᠶᠢᠨ ᠥᠭᠡᠷᠡᠴᠢᠯᠠᠯᠳᠠ ᠪᠠ ᠲᠤᠭᠤᠷᠢᠨ ᠪᠠᠶᠢᠴᠠᠭᠠᠯᠳᠠ ᠶᠢᠨ ᠠᠵᠢᠯ ᠤᠨ ᠲᠠᠭᠢᠨ ᠰᠢᠨ᠎ᠠ ᠨᠢᠭᠡ ᠲᠡᠭᠳᠡᠷ ᠲᠤ ᠭᠠᠷᠭᠠᠬᠤ | ᠭᠡᠷᠡᠭᠳᠠᠢ ᠭᠡᠵᠡᠢ᠃ | | |