ᠥᠥᠰᠢᠨ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ︽ᠡᠷᠳᠠᠮ ᠴᠢᠳᠠᠪᠤᠷᠢ ᠪᠠᠨ ᠴᠢᠩᠭᠠᠳᠬᠠᠵᠦ ᠭᠡᠪ ᠪᠤᠯᠪᠠᠰᠤᠷᠠᠯ ᠢᠶᠠᠨ ᠲᠡᠭᠡᠭᠰᠢᠯᠠᠭᠦᠯᠤᠨ ᠰᠠᠭᠤᠷᠢ ᠪᠠᠨ ᠪᠠᠭᠢᠵᠢᠭᠦᠯᠭᠦ︾ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠶᠢᠨ ᠡᠭᠢᠯᠠᠯᠳᠠ ᠶᠢᠨ ᠶᠤᠰᠤᠯᠠᠯ ᠵᠢᠴᠢ ᠰᠤᠷᠤᠯᠭ᠎ᠠ ᠡᠭᠢᠯᠠᠭᠦ ᠲᠠᠶᠢᠴᠢᠯᠠᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-02-18
     2 ᠰᠠᠷ᠎ᠠ ᠶᠢᠨ 14 ᠤ ᠡᠳᠦᠷ᠂ ᠮᠠᠨ ᠤ ᠬᠤᠰᠢᠭᠤ ᠪᠥᠭᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ  ᠤᠨ ︽ᠡᠷᠳᠠᠮ ᠴᠢᠳᠠᠪᠤᠷᠢ ᠪᠠᠨ ᠴᠢᠩᠭᠠᠳᠬᠠᠵᠦ ᠭᠡᠪ ᠪᠤᠯᠪᠠᠰᠤᠷᠠᠯ ᠢᠶᠠᠨ ᠲᠡᠭᠡᠭᠰᠢᠯᠠᠭᠦᠯᠤᠨ ᠰᠠᠭᠤᠷᠢ ᠪᠠᠨ ᠪᠠᠭᠢᠵᠢᠭᠦᠯᠭᠦ︾ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠶᠢᠨ ᠡᠭᠢᠯᠠᠯᠳᠠ ᠶᠢᠨ ᠶᠤᠰᠤᠯᠠᠯ ᠵᠢᠴᠢ ᠰᠤᠷᠤᠯᠭ᠎ᠠ ᠡᠭᠢᠯᠠᠭᠦ ᠲᠠᠶᠢᠴᠢᠯᠠᠯᠳᠠ ᠶᠢᠨ ᠬᠤᠷᠠᠯ  ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠷᠠᠯ ᠳᠤ ᠤᠷᠤᠯᠴᠠᠬᠤ ᠶᠢᠨ ᠬᠠᠮᠳᠤ ᠲᠠᠶᠢᠴᠢᠯᠠᠯᠳᠠ ᠶᠢᠨ ᠶᠠᠷᠢᠶ᠎ᠠ ᠲᠠᠯᠪᠢᠵᠤ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠪᠤᠯᠤᠨ ᠪᠤᠰᠤᠳ ᠬᠤᠰᠢᠭᠤ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ᠂ ᠡᠯ᠎ᠠ ᠠᠷᠠᠳ ᠤᠨ ᠪᠥᠯᠭᠦᠮ᠂ ᠬᠤᠯᠪᠤᠭᠳᠠᠯ ᠪᠥᠭᠦᠢ ᠠᠵᠤ ᠠᠬᠤᠶᠢᠯᠠᠯ ᠠᠵᠢᠯ ᠥᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠳᠠᠨ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ  ᠶᠢᠨ ᠲᠥᠷᠤᠯ ᠵᠥᠢᠯ ᠤᠨ ᠲᠤᠭᠤᠷᠢᠭ᠂ ᠵᠥᠩ ᠮᠸᠢ ᠪᠦᠯᠦᠭᠯᠡᠯ ᠤᠨ ᠮᠧᠩ ᠳ᠋ᠠ ᠰᠢᠨ᠎ᠠ ᠡᠨᠧᠷᠬᠢ ᠭᠢᠮᠢ ᠶᠢᠨ ᠭᠢᠵᠠᠭᠠᠷᠳᠤ ᠺᠤᠮᠫᠠᠨᠢ᠂ ᠵᠥᠩ ᠮᠸᠢ ᠪᠦᠯᠥᠭᠯᠡᠯ ᠤᠨ ᠶᠤᠸᠠᠨ ᠰᠢᠩ ᠡᠨᠧᠷᠬᠢ ᠭᠢᠮᠢ ᠶᠢᠨ ᠭᠢᠵᠠᠭᠠᠷᠲᠤ ᠺᠤᠮᠫᠠᠨᠢ ᠶᠢᠨ ᠨᠠᠮ ᠪᠠ ᠤᠯᠠᠨ ᠲᠥᠮᠡᠨ ᠤ ᠠᠵᠢᠯ ᠤᠨ ᠭᠡᠯᠳᠡᠰ ᠤᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
     ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ ︽ᠪᠥᠭᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠡᠷᠳᠠᠮ ᠴᠢᠳᠠᠪᠤᠷᠢ ᠪᠠᠨ ᠴᠢᠩᠭᠠᠳᠬᠠᠵᠦ ᠭᠡᠪ ᠪᠤᠯᠪᠠᠰᠤᠷᠠᠯ ᠢᠶᠠᠨ ᠲᠡᠭᠡᠭᠰᠢᠯᠠᠭᠦᠯᠤᠨ ᠰᠠᠭᠤᠷᠢ ᠪᠠᠨ ᠪᠠᠭᠢᠵᠢᠭᠦᠯᠭᠦ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠶᠢᠨ ᠭᠡᠷᠡᠭᠵᠢᠭᠦᠯᠭᠦ ᠲᠥᠰᠥᠯ︾ ᠢ ᠤᠯᠠᠮᠵᠢᠯᠠᠨ ᠰᠤᠷᠤᠯᠴᠠᠵᠤ ᠲᠤᠰ ᠠᠵᠢᠯᠯᠠᠭᠠᠨ ᠤ ᠬᠠᠷᠠᠯᠳᠠ ᠱᠠᠭᠠᠷᠳᠠᠯᠭ᠎ᠠ᠂ ᠭᠤᠤᠯ ᠠᠭᠤᠯᠭ᠎ᠠ᠂ ᠰᠤᠷᠤᠯᠴᠠᠬᠤ ᠠᠷᠭ᠎ᠠ ᠭᠡᠯᠪᠠᠷᠢ᠂ ᠠᠯᠬᠤᠮ ᠲᠠᠷᠠᠭ᠎ᠠ ᠵᠡᠷᠭᠡ ᠳᠤ ᠨᠠᠷᠢᠨ ᠲᠠᠶᠢᠯᠪᠤᠷᠢᠯᠠᠯᠳᠠ ᠭᠢᠪᠠ᠃      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ︽ᠡᠷᠳᠠᠮ ᠴᠢᠳᠠᠪᠤᠷᠢ ᠪᠠᠨ ᠴᠢᠩᠭᠠᠳᠬᠠᠵᠦ ᠭᠡᠪ ᠴᠢᠨᠠᠷ ᠢᠶᠠᠨ ᠲᠡᠭᠡᠭᠰᠢᠯᠠᠭᠦᠯᠤᠨ ᠰᠠᠭᠤᠷᠢ ᠪᠠᠨ ᠪᠠᠭᠢᠵᠢᠭᠦᠯᠭᠦ︾ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠪᠤᠯ ᠬᠤᠰᠢᠭᠤ ᠨᠠᠮ  ᠤᠨ ᠬᠤᠷᠢᠶ᠎ᠠ ᠠᠴᠠ ᠲᠤᠷᠠᠳᠤᠨ ᠭᠠᠷᠭᠠᠭᠰᠠᠨ ᠨᠢᠭᠡ ᠲᠥᠷᠤᠯ ᠤᠨ ᠴᠢᠬᠤᠯᠠ ᠪᠠᠶᠢᠷᠢᠯᠠᠭᠤᠯᠤᠯᠳᠠ ᠪᠤᠯᠤᠨ᠎ᠠ᠃ ᠪᠥᠭᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠰᠤᠷᠤᠯᠴᠠᠨ ᠲᠤᠭᠤᠰᠢᠯᠠᠭᠤᠯᠵᠦ ᠢᠳᠡᠭᠡᠯ ᠭᠥᠰᠡᠯ  ᠢᠶᠠᠨ ᠪᠠᠳᠤᠳᠬᠠᠨ ᠨᠠᠮ ᠤᠨ ᠥᠵᠠᠯ ᠤᠬᠠᠮᠰᠠᠷ ᠢᠶᠠᠨ ᠲᠡᠭᠡᠭᠰᠢᠯᠠᠭᠦᠯᠵᠦ ᠤᠨᠤᠯ ᠢᠶᠠᠷ ᠲᠠᠷᠢᠭᠢ ᠲᠤᠯᠤᠭᠠᠢ ᠪᠠᠨ ᠵᠠᠪᠰᠡᠭᠯᠡᠵᠣ ᠴᠢᠩᠭᠠᠳᠬᠠᠨ ᠶᠠᠷᠤᠩᠭᠡᠶᠢᠯᠡᠭᠰᠠᠨ ᠭᠡᠪ ᠴᠢᠨᠠᠷ ᠢᠶᠠᠨ ᠲᠡᠭᠡᠭᠰᠢᠯᠠᠭᠦᠯᠵᠤ ᠪᠥᠭᠦ ᠨᠠᠮ ᠤᠨ ᠭᠡᠰᠢᠭᠦᠨ ᠺᠠᠳ᠋ᠷᠴᠤᠳ ᠤᠨ ᠰᠢᠷᠭᠠᠭᠤ ᠠᠵᠢᠯᠯᠠᠨ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠬᠤ ᠶᠢ ᠲᠠᠶᠢᠴᠢᠯᠠᠨ ᠠᠵᠢᠯ ᠭᠢᠭᠦ᠂ ᠠᠵᠢᠯ ᠭᠢᠵᠤ ᠴᠢᠳᠠᠬᠤ᠂ ᠠᠵᠢᠯ ᠰᠠᠶᠢᠨ ᠭᠢᠭᠦ ᠶᠢ ᠪᠡᠶᠡᠯᠡᠬᠦᠯᠵᠦ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠨ ᠭᠢᠭᠦ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ᠂ ᠭᠥᠳᠡᠭᠡ ᠨᠣᠳᠤᠭ ᠤᠨ ᠪᠤᠯᠪᠠᠰᠤᠨ ᠰᠤᠷᠳᠠᠯ ᠢ ᠠᠭᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠨᠠᠶᠢᠭᠡᠮ ᠤᠨ ᠶᠠᠷᠤᠩᠭᠡᠶᠢᠯᠡᠭᠰᠡᠨ ᠵᠠᠰᠠᠯᠳᠠ ᠶᠢᠨ ᠰᠢᠨ᠎ᠠ ᠶᠢ ᠡᠭᠦᠳᠭᠦ ᠵᠡᠷᠭᠡ ᠶᠢᠨ ᠭᠤᠤᠯᠳᠠᠯᠭ᠎ᠠ ᠲᠠᠢ ᠠᠵᠢᠯ ᠳᠤ ᠪᠠᠳᠤ ᠪᠠᠭᠢ ᠤᠨᠤᠯ ᠤᠨ ᠰᠠᠭᠤᠷᠢ ᠲᠠᠯᠪᠢᠨ ᠡᠷᠡᠰ ᠴᠢᠩᠭ᠎ᠠ ᠵᠤᠭᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠭᠡᠷᠡᠭᠳᠠᠢ ᠭᠡᠵᠡᠢ᠃
     ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠰᠣᠷᠣᠯᠴᠠᠨ ᠰᠣᠳᠣᠯᠬᠤ ᠰᠢᠷᠢᠰ ᠠᠵᠢᠯᠯᠠᠭᠠᠨ ᠤ ᠴᠢᠬᠤᠯᠠ ᠴᠢᠨᠠᠷ  ᠢ ᠬᠦᠢᠴᠡᠳ ᠳᠠᠨᠢᠵᠦ ᠣᠨᠣᠯ ᠤᠨ ᠰᠣᠷᠣᠯᠴᠠᠯᠭ᠎ᠠ ᠪᠠᠨ ᠴᠢᠩᠭᠠᠳᠬᠠᠨ ᠭᠤᠣᠯᠳᠠᠯᠭ᠎ᠠ ᠪᠠᠨ ᠠᠳᠬᠤᠵᠦ ᠮᠡᠳᠡᠯᠭᠡ ᠶᠢᠨ ᠪᠦᠲᠦᠴᠡ ᠪᠠᠨ ᠳᠠᠰᠣᠷᠠᠯᠳᠠ ᠦᠬᠡᠢ ᠰᠢᠨᠡᠳᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ  ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠠᠪᠠᠯ ᠰᠣᠷᠬᠤ ᠬᠢᠴᠢᠶᠡᠯ ᠢᠶᠠᠨ ᠪᠣᠯᠭᠠᠵᠦ ᠣᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭᠠᠨ ᠤ ᠰᠢᠳᠣᠷᠭᠤ ᠪᠢᠰᠢᠷᠡᠭᠴᠢ᠂ ᠰᠢᠯᠢᠳᠡᠭ ᠦᠢᠯᠡᠳᠦᠯᠬᠡᠴᠢ ᠪᠠ ᠭᠤᠶᠢᠪᠢᠰᠢ ᠦᠬᠡᠢ ᠬᠠᠮᠠᠭᠠᠯᠠᠭᠴᠢ ᠪᠣᠯᠬᠤ ᠬᠡᠷᠡᠭᠲᠡᠢ᠃ ᠰᠣᠷᠣᠯᠴᠠᠭᠰᠠᠨ ᠦᠷ᠎ᠡ ᠪᠦᠲᠦᠮᠵᠢ ᠪᠠᠨ ᠰᠠᠬᠢᠯᠭ᠎ᠠ ᠪᠠᠲᠣ ᠶᠢ ᠴᠢᠩᠭ᠎ᠠ ᠰᠠᠬᠢᠬᠤ ᠳᠡᠭᠡᠷ᠎ᠡ ᠲᠤᠭᠤᠰᠢᠯᠠᠭᠤᠯᠵᠦ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠡᠷᠭᠡᠪᠰᠢ ᠨᠠᠮ ᠢᠶᠠᠨ ᠴᠢᠩᠭ᠎ᠠ ᠬᠠᠮᠢᠶᠠᠷᠬᠤ᠂ ᠴᠢᠩᠭ᠎ᠠ ᠵᠠᠰᠠᠬᠤ ᠣᠯᠣᠰ ᠳᠦᠷᠦ ᠶᠢᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ ︽ᠨᠢᠬᠡᠳᠦᠬᠡᠷ ᠭᠠᠷ︾ ᠤᠨ ᠣᠳᠣᠷᠢᠳᠣᠯᠭ᠎ᠠ ᠨᠢᠬᠡᠳᠦᠬᠡᠷ ᠬᠷᠢᠭᠤᠴᠠᠯᠭᠠᠲᠣ ᠬᠦᠮᠦᠨ ᠤ ᠬᠠᠷᠢᠭᠤᠴᠠᠯᠭ᠎ᠠ ᠶᠢ ᠡᠬᠦᠷᠭᠡᠯᠡᠨ ︽ᠴᠢᠩᠭ᠎ᠠ︾ ᠪᠠ ︽ᠪᠣᠳᠠᠳᠠᠢ︾ ᠶᠢᠨ ᠱᠠᠭᠠᠷᠳᠠᠯᠭ᠎ᠠ ᠶᠢ ᠪᠦᠬᠦ ᠶᠠᠪᠣᠴᠠ ᠳᠠᠭᠠᠨ ᠨᠠᠶᠢᠳᠠᠪᠣᠷᠢᠵᠢᠭᠤᠯᠣᠨ ᠲᠤᠭᠤᠰᠢᠯᠠᠭᠤᠯᠬᠤ ᠬᠡᠷᠡᠭᠲᠡᠢ ᠬᠡᠵᠡᠢ᠃
     ᠵᠣᠣ ᠹᠧᠢ ᠯᠤ᠋ ᠬᠤᠷᠢᠶᠠᠩᠭᠤᠶᠢᠯᠠᠨ ᠳ᠋ᠦᠩᠨᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠶᠢᠨ  ᠬᠢᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠵᠦ ᠳᠦᠰᠦᠯ ᠶᠣᠰᠣᠭᠠᠷ ᠰᠣᠷᠣᠯᠴᠠᠨ ᠰᠣᠳᠣᠯᠬᠤ ᠶᠢ ᠵᠣᠬᠢᠶᠠᠨ ᠪᠠᠶᠢᠭᠤᠯᠣᠨ ᠨᠠᠮ ᠤᠨ ᠬᠡᠰᠢᠬᠦᠨ ᠺᠠᠳ᠋ᠷᠴᠣᠳ ᠴᠠᠭ ᠢ ᠠᠮᠵᠢᠨ ᠨᠠᠷᠢᠨ ᠬᠢᠨᠠᠮᠠᠭᠠᠢ ᠰᠣᠷᠣᠯᠴᠠᠵᠦ ᠦᠵᠡᠯ ᠰᠠᠨᠠᠭᠠᠨ ᠤ ᠳᠠᠨᠢᠯᠳᠠ᠂ ᠰᠣᠷᠳᠠᠯ ᠬᠡᠪ ᠪᠣᠯᠪᠠᠰᠣᠷᠠᠯ᠂ ᠴᠢᠳᠠᠪᠣᠷᠢ ᠶᠢᠨ ᠬᠢᠷᠢ ᠳᠦᠪᠰᠢᠨ ᠵᠡᠷᠬᠡ ᠡᠯ᠎ᠡ ᠳᠠᠯ᠎ᠠ ᠪᠠᠨ ᠳᠡᠭᠡᠭᠰᠢᠯᠡᠬᠦᠯᠬᠦ ᠬᠡᠷᠡᠭᠲᠡᠢ᠃ ᠵᠢᠯ ᠤᠨ ᠡᠬᠢᠨ ᠪᠣᠯ ᠡᠯ᠎ᠡ ᠳᠦᠷᠦᠯ ᠤᠨ ᠠᠵᠢᠯ ᠤᠨ ᠡᠬᠢᠯᠡᠯᠳᠡ ᠶᠢᠨ ᠬᠤᠭᠤᠴᠠᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠨ ᠠᠵᠢᠯ ᠢᠶᠠᠨ ᠰᠠᠶᠢᠳᠣᠷ ᠳᠣᠬᠢᠷᠠᠭᠤᠯᠵᠦ ᠰᠣᠷᠣᠯᠴᠠᠨ ᠰᠣᠳᠣᠯᠬᠤ ᠦᠷ᠎ᠡ ᠪᠦᠲᠦᠮᠵᠢ ᠶᠢ ᠪᠠᠳᠣᠯᠠᠬᠤ ᠶᠢᠨ ᠬᠠᠮᠲᠣ ᠣᠶᠢᠷ᠎ᠠ ᠶᠢᠨ ᠬᠤᠭᠤᠴᠠᠭᠠᠨ  ᠳᠠᠬᠢ ᠴᠢᠬᠤᠯᠠ ᠠᠵᠢᠯ ᠢ ᠴᠢᠩᠭ᠎ᠠ ᠠᠳᠬᠤᠨ ᠬᠦᠨᠲᠣ ᠴᠢᠬᠤᠯᠠ ᠳᠦᠷᠦᠯ ᠵᠦᠢᠯ ᠤᠨ ᠡᠬᠢᠯᠡᠬᠦ᠂ ᠰᠡᠷᠬᠦᠬᠡᠬᠦ ᠠᠵᠢᠯ ᠪᠠ ᠪᠦᠬᠦ ᠬᠤᠰᠢᠭᠤᠨ ᠤ ︽ᠬᠤᠶᠠᠷ ᠬᠤᠷᠠᠯ︾ ᠵᠡᠷᠭᠡ ᠴᠢᠬᠤᠯᠠ ᠬᠤᠷᠠᠯ ᠤᠨ ᠪᠡᠯᠡᠳᠭᠡᠯ ᠠᠵᠢᠯ᠂ ᠪᠦᠬᠦ ᠣᠯᠣᠰ  ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠣᠷ ᠳᠣᠭᠳᠠᠭᠤᠨ ᠤ ᠠᠵᠢᠯ᠂ ᠬᠤᠰᠢᠭᠤ ᠳᠡᠰ ᠤᠨ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ︽1 +5︾ ᠶᠢᠨ ᠬᠡᠷᠡᠭᠵᠢᠬᠦᠯᠬᠦ ᠳᠦᠰᠦᠯ ᠪᠠ ᠳᠣᠷᠰᠢᠯᠳᠠ ᠬᠢᠬᠦ ᠭᠠᠴᠠᠭ᠎ᠠ ᠳᠣᠰᠬᠤᠨ ᠤ ᠵᠢᠷᠤᠭ ᠳᠦᠰᠦᠪ ᠤᠨ ᠠᠵᠢᠯ᠂ ᠦᠯᠵᠡᠶᠢᠲᠤ ᠡᠳᠦᠷ ᠤᠨ ᠪᠠᠶᠡᠷ ᠤᠨ ᠬᠤᠭᠤᠴᠠᠭᠠᠨ  ᠳᠠᠬᠢ ᠠᠷᠠᠳ ᠲᠤ ᠠᠰᠢᠭ ᠬᠦᠷᠳᠡᠭᠡᠬᠦ ᠡᠯ᠎ᠡ ᠵᠦᠢᠯ ᠤᠨ ᠰᠣᠶᠣᠯ ᠤᠨ ᠠᠵᠢᠯᠯᠠᠭ᠎ᠠ᠂ ᠪᠠᠶᠢᠩᠭᠤ ᠶᠢᠨ ᠠᠮᠣᠷ ᠳᠦᠪᠰᠢᠨ ᠤ ᠠᠵᠢᠯ ᠵᠡᠷᠭᠡ ᠶᠢ ᠰᠠᠶᠢᠳᠣᠷ ᠬᠢᠬᠦ ᠬᠡᠷᠡᠭᠲᠡᠢ ᠬᠡᠵᠡᠢ᠃
     ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠣᠭᠤᠯᠵᠦ ᠡᠯ᠎ᠡ ᠰᠣᠮᠣ ᠪᠠᠯᠭᠠᠰᠣᠨ ᠤ ᠪᠦᠬᠦ ᠺᠠᠳ᠋ᠷ ᠠᠵᠢᠯᠳᠠᠳ᠂ ᠬᠠᠷᠢᠶ᠎ᠠ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠳᠠᠨ ᠰᠣᠮᠣ ᠪᠠᠯᠭᠠᠰᠣᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠵᠦ ᠭᠠᠴᠠᠭ᠎ᠠ ᠳᠣᠰᠬᠤᠨ ᠨᠡᠶᠢᠬᠡᠮ ᠳᠣᠭᠤᠷᠢᠭ ᠤᠨ ︽ᠬᠤᠶᠠᠷ ᠵᠦᠪᠯᠡᠯ︾ ᠵᠢᠴᠢ ᠬᠢᠨᠠᠨ ᠪᠠᠶᠢᠴᠠᠭᠠᠬᠤ ᠵᠦᠪᠯᠡᠯ ᠤᠨ ᠣᠳᠣᠷᠢᠳᠬᠤ ᠪᠠᠭ ᠤᠨ ᠬᠡᠰᠢᠬᠦᠨ ᠪᠠ ᠪᠦᠬᠦ ᠨᠠᠮ ᠤᠨ ᠬᠡᠰᠢᠬᠦᠨ᠂ ︽3 + 1︾ ᠬᠠᠷᠢᠯᠴᠠᠨ ᠬᠠᠪᠰᠣᠷᠣᠯᠴᠠᠵᠦ ᠬᠠᠮᠳᠣᠪᠠᠷ ᠴᠣᠭᠴᠠᠯᠠᠬᠤ ᠪᠠᠶᠢᠭᠤᠯᠭ᠎ᠠ ᠶᠢᠨ ᠪᠦᠬᠦ ᠨᠠᠮ ᠤᠨ ᠬᠡᠰᠢᠬᠦᠨ ᠺᠠᠳ᠋ᠷᠴᠣᠳ᠂ ᠭᠠᠴᠠᠭ᠎ᠠ ᠳᠣᠰᠬᠤᠨ ᠳᠤ ᠳᠣᠮᠢᠯᠠᠨ ᠰᠠᠭᠤᠭ᠎ᠠ ᠠᠵᠢᠯᠯᠠᠬᠤ ᠳᠣᠭᠤᠶᠢᠯᠠᠩ ᠤᠨ ᠪᠦᠬᠦ ᠬᠡᠰᠢᠬᠦᠨ ᠭᠠᠴᠠᠭ᠎ᠠ ᠳᠣᠰᠬᠤᠨ ᠨᠡᠶᠢᠬᠡᠮ ᠲᠣᠭᠤᠷᠢᠭ ᠤᠨ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号