ᠨᠠᠷᠢᠨᠭᠤᠣᠯ ᠠᠵᠣ ᠦᠢᠯᠡᠳᠪᠦᠷᠢ ᠶᠢᠨ ᠬᠦᠷᠢᠶᠡᠯᠡᠩ ᠮᠡᠷᠭᠡᠵᠢᠯ ᠤᠨ ᠦᠬᠡᠷᠡᠴᠢᠯᠡᠯᠳᠡ ᠬᠢᠵᠦ ᠦᠷ᠎ᠡ ᠠᠰᠢᠭ ᠢᠶᠠᠨ ᠨᠡᠮᠡᠭᠳᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2019-02-18
     ᠨᠠᠷᠢᠨᠭᠤᠣᠯ ᠠᠵᠣ ᠦᠢᠯᠡᠳᠪᠦᠷᠢ ᠶᠢᠨ ᠬᠦᠷᠢᠶᠡᠯᠡᠩ ᠨᠢ ᠮᠡᠷᠭᠡᠵᠢᠯ ᠤᠨ ᠦᠬᠡᠷᠡᠴᠢᠯᠡᠯᠳᠡ ᠪᠠᠷ ᠡᠨᠧᠷᠬᠢ ᠠᠷᠪᠢᠯᠠᠨ ᠬᠤᠷᠣᠭᠳᠠᠯ ᠢᠶᠠᠨ ᠪᠠᠭᠠᠰᠬᠠᠬᠤ ᠶᠢᠨ ᠬᠠᠮᠲᠣ ᠦᠷ᠎ᠡ ᠠᠰᠢᠭ ᠢᠶᠠᠨ ᠨᠡᠮᠡᠭᠳᠡᠬᠦᠯᠦᠨ ᠠᠵᠣ ᠠᠬᠤᠶᠢᠯᠠᠯ ᠤᠨ ᠬᠦᠭᠵᠢᠯᠳᠡ ᠪᠠ ᠠᠵᠣ ᠦᠢᠯᠡᠳᠪᠦᠷᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ᠃      ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ ᠳᠠᠪᠣᠨ ᠴᠠᠭ ᠲᠤ ᠪᠥᠸᠧ ᠳ᠋ᠠ ᠱᠢ ᠳ᠋ᠢ ᠬᠢᠮᠢ ᠶᠢᠨ ᠬᠢᠵᠠᠭᠠᠷᠲᠣ ᠺᠣᠮᠫᠠᠨᠢ ᠶᠢᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠴᠣᠭᠯᠠᠭᠤᠯᠬᠤ ᠭᠠᠵᠠᠷ ᠤᠨ ᠠᠵᠢᠯᠳᠠᠳ  ᠠᠴᠠ ᠳᠣᠰ ᠺᠣᠮᠫᠠᠨᠢ ᠶᠢᠨ ᠬᠢᠮᠢ ᠶᠢᠨ ᠪᠣᠷᠳᠣᠭᠤᠷ ᠦᠢᠯᠡᠳᠪᠦᠷᠢᠯᠡᠬᠦ ᠳᠣᠮᠳᠠ ᠡᠬᠦᠰᠦᠭᠰᠡᠨ ᠨᠡᠬᠦᠷᠡᠰᠦᠳᠦ᠋ᠷᠦᠭᠴᠢ  ᠶᠢᠨ ᠳᠠᠪᠬᠤᠷ ᠢᠰᠦᠯ ᠢ ᠬᠡᠢ ᠪᠡᠶᠡᠲᠤ ᠲᠡᠭᠡᠭᠡᠪᠤᠷᠢᠯᠡᠳᠡᠭ ᠲᠤᠰᠬᠠᠢ ᠳᠡᠷᠭᠡᠨ ᠳᠤ ᠰᠠᠪᠠᠯᠠᠳᠠᠭ ᠪᠠᠶᠢᠨ᠎ᠠ᠃ ᠦᠩᠬᠡᠷᠡᠭᠰᠡᠨ ᠳᠤ ᠡᠳᠡᠬᠡᠷ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠰᠢᠭᠤᠳ ᠠᠭᠠᠷ ᠲᠤ ᠭᠠᠳᠠᠭᠰᠢᠯᠠᠭᠤᠯᠳᠠᠭ ᠪᠠᠶᠢᠪᠠ᠃ ᠣᠷᠴᠢᠨ ᠳᠣᠭᠤᠷᠢᠨ ᠤ ᠬᠠᠮᠠᠭᠠᠯᠠᠯᠲᠠ ᠶᠢᠨ ᠠᠵᠢᠯ ᠴᠢᠩᠭᠠᠷᠠᠬᠤ ᠶᠢ ᠳᠠᠭᠠᠯᠳᠣᠨ ᠪᠥᠸᠧ ᠳ᠋ᠠ ᠱᠢ ᠳ᠋ᠢ ᠺᠤᠮᠫᠠᠨᠢ ᠠᠴᠠ ᠮᠡᠷᠭᠡᠵᠢᠯ ᠤᠨ ᠦᠬᠡᠷᠡᠴᠢᠯᠡᠯᠳᠡ ᠶᠢ ᠢᠳᠡᠪᠬᠢᠲᠡᠢ ᠬᠢᠵᠦ ᠣᠨᠴᠠᠭᠠᠢ ᠲᠣᠨᠤᠭ ᠳᠦᠬᠦᠬᠡᠷᠦᠮᠵᠢ ᠪᠠᠷ ᠬᠡᠢ ᠪᠡᠶᠡᠲᠦ ᠶᠢ ᠰᠠᠪᠠᠯᠠᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠡᠷᠡᠭᠯᠡᠳᠡᠭ ᠢᠳᠡᠬᠡᠨ ᠣᠮᠳᠠᠭᠠᠨ ᠤ ᠠᠵᠣ ᠠᠬᠤᠶᠢᠯᠠᠯ ᠳᠤ ᠬᠤᠳᠠᠯᠳᠣᠵᠦ ᠳᠣᠰ ᠠᠵᠣ ᠠᠬᠤᠶᠢᠯᠠᠯ ᠤᠨ ᠢᠶᠠᠨ ᠬᠦᠯᠡᠮᠵᠢ ᠶᠢᠨ ᠬᠡᠢ ᠶᠢ ᠭᠠᠳᠠᠭᠰᠢᠯᠠᠭᠤᠯᠬᠤ ᠶᠢ ᠪᠠᠭᠠᠰᠬᠠᠬᠤ ᠶᠢᠨ ᠬᠠᠮᠲᠣ ᠠᠵᠣ ᠠᠬᠤᠶᠢᠯᠠᠯ ᠳᠠᠭᠠᠨ ᠨᠢᠬᠡᠨ ᠬᠤᠪᠢ ᠠᠰᠢᠭ ᠣᠷᠣᠯᠭ᠎ᠠ ᠨᠡᠮᠡᠭᠳᠡᠬᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠨᠢᠬᠡ ᠳᠣᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠢ 150 ᠬᠢᠷᠢᠲᠡᠢ ᠳᠦᠬᠦᠷᠢᠭ ᠢᠶᠠᠷ ᠬᠤᠳᠠᠯᠳᠤᠵᠦ ᠨᠢᠳᠣᠨᠣᠨ ᠳᠣᠰ ᠠᠵᠣ ᠠᠬᠤᠶᠢᠯᠠᠯ ᠤᠨ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠣᠷᠣᠯᠭ᠎ᠠ 600 ᠳᠦᠮᠡᠨ ᠳᠦᠬᠦᠷᠢᠭ ᠬᠦᠷᠦᠭᠰᠡᠨ ᠪᠠᠶᠢᠨ᠎ᠠ᠃ ᠡᠬᠦᠨ ᠤ ᠬᠠᠮᠲᠣ ᠴᠠᠬᠢᠯᠭᠠᠨ ᠭᠠᠮᠨᠠᠬᠤ  ᠶᠢᠨ ᠳᠦᠯᠦᠬᠡ ᠵᠣᠤᠬ᠎ᠠ ᠶᠢᠨ ᠰᠣᠷᠬᠢᠷᠠᠭᠤᠯ ᠤᠨ ᠴᠠᠬᠢᠯᠭᠠᠨ ᠮᠠᠰᠢᠨ ᠳᠤ ᠬᠤᠷᠳᠣᠴᠠ ᠬᠤᠪᠢᠷᠠᠭᠠᠬᠤ ᠦᠬᠡᠷᠡᠴᠢᠯᠡᠯᠳᠡ ᠬᠢᠵᠦ ᠦᠪᠡᠷ ᠤᠨ ᠦᠷᠳᠡᠭ ᠢ ᠶᠡᠭᠡ ᠬᠡᠮᠵᠢᠶ᠎ᠡ ᠪᠠᠷ ᠠᠷᠪᠢᠯᠠᠭᠰᠠᠨ ᠪᠠᠶᠢᠨ᠎ᠠ᠃ ᠨᠠᠷᠢᠨᠭᠤᠣᠯ ᠪᠣᠯ ᠳᠣᠮᠳᠠᠳᠣ ᠣᠯᠣᠰ ᠤᠨ ᠴᠢᠯᠠᠭᠤᠨ ᠳᠣᠰᠣ᠂ ᠳᠣᠮᠳᠠᠳᠣ ᠣᠯᠣᠰ ᠤᠨ ᠴᠢᠯᠠᠭᠤᠨ ᠳᠣᠰᠣ ᠬᠢᠮᠢ ᠶᠢᠨ ᠠᠵᠣ ᠦᠢᠯᠡᠳᠪᠦᠷᠢ ᠶᠢᠨ ᠪᠠᠶᠢᠭᠠᠯᠢ ᠶᠢᠨ ᠰᠢᠳᠠᠮᠠᠬᠠᠢ ᠬᠡᠢ ᠶᠢᠨ ᠡᠨᠧᠷᠬᠢ ᠶᠢᠨ ᠰᠣᠷᠪᠣᠯᠵᠢ ᠶᠢᠨ ᠭᠠᠵᠠᠷ ᠶᠣᠮ᠃ ᠡᠨᠡ ᠨᠢ ᠴᠦᠬᠡᠨ ᠪᠣᠰᠣ ᠡᠨᠧᠷᠬᠢ ᠶᠢᠨ ᠠᠵᠣ ᠠᠬᠤᠶᠢᠯᠠᠯ ᠤᠨ ᠠᠩᠬᠠᠷᠣᠯ ᠢ ᠳᠠᠳᠠᠭᠰᠠᠨ ᠪᠠᠶᠢᠨ᠎ᠠ᠃ ᠰᠢᠩ ᠰᠢᠩ ᠡᠨᠧᠷᠬᠢ  ᠶᠢᠨ ᠰᠣᠷᠪᠣᠯᠵᠢ ᠶᠢᠨ ᠬᠢᠵᠠᠭᠠᠷᠲᠣ ᠺᠣᠮᠫᠠᠨᠢ ᠪᠣᠯ ᠨᠠᠷᠢᠨᠭᠤᠣᠯ ᠳᠤ ᠰᠠᠭᠤᠭ᠎ᠠ ᠠᠵᠣ ᠠᠬᠤᠶᠢᠯᠠᠯ ᠤᠨ ᠨᠢᠭᠡ ᠪᠠᠶᠢᠵᠦ  ᠦᠩᠬᠡᠷᠡᠭᠰᠡᠨ ᠳᠤ ᠡᠪᠣᠯ ᠪᠣᠯᠣᠭᠰᠠᠭᠠᠷ ︽ᠬᠡᠢ ᠳᠣᠳᠠᠭᠳᠠᠵᠦ︾ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠦᠢᠯᠡᠳᠪᠦᠷᠢ ᠶᠢᠨ ᠬᠡᠢ ᠬᠡᠷᠡᠭᠯᠡᠬᠦ ᠬᠡᠮᠵᠢᠶ᠎ᠡ ᠶᠢ ᠬᠢᠵᠠᠭᠠᠷᠯᠠᠳᠠᠭ ᠪᠠᠶᠢᠪᠠ᠃ ᠣᠳᠣ ᠪᠤᠯᠬᠤ ᠳᠤ ᠳᠣᠰ ᠺᠣᠮᠫᠠᠨᠢ ᠨᠢ ᠵᠢᠯ ᠳᠡᠭᠡᠨ 20 ᠳᠦᠮᠡᠨ ᠳᠣᠨ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠵᠦ ᠪᠦᠬᠦ ᠣᠯᠣᠰ ᠤᠨ ᠡᠯ᠎ᠡ ᠭᠠᠵᠠᠷ ᠲᠤ ᠪᠣᠷᠣᠯᠠᠭᠤᠯᠳᠠᠭ᠃ ᠡᠨᠡ ᠵᠢᠯ ᠳᠣᠰ ᠪᠠᠶᠢᠳᠠᠯ ᠳᠤ ᠴᠢᠭᠯᠡᠬᠦᠯᠦᠨ ᠠᠵᠣ ᠠᠬᠤᠶᠢᠯᠠᠯ ᠠᠴᠠ ᠰᠢᠳᠠᠮᠠᠬᠠᠢ ᠬᠡᠢ ᠶᠢ ᠠᠪᠴᠢᠭᠤᠯᠬᠤ ᠬᠡᠢ ᠨᠡᠮᠡᠬᠦ ᠦᠷᠳᠡᠭᠡ ᠪᠠᠶᠢᠭᠤᠯᠵᠦ ᠣᠶᠢᠷ᠎ᠠ ᠤᠷᠴᠢᠮ ᠤᠨ ᠬᠡᠢ ᠶᠢᠨ ᠬᠤᠳᠳᠤᠭ ᠤᠨ ᠰᠢᠳᠠᠮᠠᠬᠠᠢ ᠬᠡᠢ ᠶᠢ ᠴᠣᠭᠯᠠᠭᠤᠯᠬᠤ ᠪᠠᠷ ᠳᠠᠮᠵᠢᠨ ᠰᠢᠩᠭᠡᠨᠵᠢᠬᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠦᠢᠯᠡᠳᠪᠦᠷᠢ ᠤᠨ ᠬᠡᠷᠡᠭᠯᠡᠬᠦ ᠬᠡᠢ ᠶᠢ ᠪᠠᠳᠣᠯᠠᠬᠤ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号