ᠮᠠᠨ ᠤ ᠬᠤᠰᠢᠭᠤ ᠨᠠᠮ ᠤᠨ ᠭᠡᠰᠢᠭᠦᠨ ᠺᠠᠳ᠋ᠷᠴᠤᠳ ᠤᠨ ︽ᠡᠷᠳᠠᠮ ᠴᠢᠳᠠᠪᠤᠷᠢ ᠪᠠᠨ ᠴᠢᠩᠭᠠᠳᠬᠠᠨ ᠭᠡᠪ ᠪᠣᠯᠪᠠᠰᠣᠷᠠᠯ ᠢᠶᠠᠨ ᠲᠡᠭᠡᠭᠰᠢᠯᠠᠭᠦᠯᠵᠤ ᠰᠠᠭᠤᠷᠢ ᠪᠠᠨ ᠪᠠᠭᠢᠵᠢᠭᠦᠯᠭᠦ︾ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠶᠢᠨ ᠪᠤᠯᠪᠠᠰᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-02-19
     2 ᠰᠠᠷ᠎ᠠ ᠶᠢᠨ 15 ᠤ ᠡᠳᠦᠷ ᠮᠠᠨ ᠤ ᠬᠤᠰᠢᠭᠤ ᠨᠠᠮ ᠤᠨ ᠭᠡᠰᠢᠭᠦᠨ ᠺᠠᠳ᠋ᠷᠴᠤᠳ ᠤᠨ  ︽ᠡᠷᠳᠠᠮ ᠴᠢᠳᠠᠪᠤᠷᠢ ᠪᠠᠨ ᠴᠢᠩᠭᠠᠳᠬᠠᠨ ᠭᠡᠪ ᠪᠣᠯᠪᠠᠰᠣᠷᠠᠯ ᠢᠶᠠᠨ ᠲᠡᠭᠡᠭᠰᠢᠯᠠᠭᠦᠯᠵᠤ ᠰᠠᠭᠤᠷᠢ ᠪᠠᠨ ᠪᠠᠭᠢᠵᠢᠭᠦᠯᠭᠦ︾ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠶᠢᠨ ᠪᠤᠯᠪᠠᠰᠤᠷᠠᠯ ᠤᠨ ᠬᠤᠷᠠᠯ ᠢ  ᠬᠤᠷᠠᠯᠳᠤᠭᠤᠯᠵᠤ᠂ ᠬᠤᠷᠠᠯ ᠨᠢ ᠸᠢᠳᠢᠣ᠋ ᠬᠤᠷᠠᠯ  ᠤᠨ ᠭᠡᠯᠪᠠᠷᠢ ᠪᠠᠷ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠪᠤᠯᠤᠨ ᠪᠤᠰᠤᠳ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠡᠯ᠎ᠠ ᠰᠤᠮᠤ ᠪᠠᠯᠭᠠᠰᠤ ᠶᠢᠨ ᠨᠠᠮ ᠤᠨ ᠬᠤᠷᠢᠶᠠᠨ ᠤ ᠱᠥᠵᠢ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ᠂ ᠡᠯ᠎ᠠ ᠠᠷᠠᠳ ᠤᠨ ᠪᠥᠯᠭᠦᠮ᠂ ᠬᠤᠯᠪᠤᠭᠳᠠᠯ ᠪᠥᠭᠦᠢ ᠠᠵᠤ ᠠᠬᠤᠶᠢᠯᠠᠯ ᠠᠵᠢᠯ ᠥᠢᠯᠡᠰ  ᠤᠨ ᠨᠢᠭᠡᠴᠢ ᠶᠢᠨ ᠭᠤᠤᠯ ᠬᠠᠷᠢᠭᠤᠴᠠᠯᠭᠠᠳᠠᠨ᠂ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠳᠣᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ᠂ ᠵᠥᠩ ᠮᠸᠢ ᠪᠦᠯᠥᠭᠯᠡᠯ ᠤᠨ ᠮᠧᠩ ᠳ᠋ᠠ ᠰᠢᠨ᠎ᠠ ᠡᠨᠧᠷᠬᠢ ᠭᠢᠮᠢ ᠶᠢᠨ ᠭᠢᠵᠠᠭᠠᠷᠳᠤ ᠺᠤᠮᠫᠠᠨᠢ᠂ ᠵᠥᠩ ᠮᠸᠢ ᠪᠦᠯᠥᠭᠯᠡᠯ ᠤᠨ ᠶᠤᠸᠠᠨ ᠰᠢᠩ ᠡᠨᠧᠷᠬᠢ ᠭᠢᠮᠢ ᠶᠢᠨ ᠬᠢᠵᠠᠭᠠᠷᠲᠤ ᠺᠤᠮᠫᠠᠨᠢ ᠶᠢᠨ ᠨᠠᠮ ᠪᠠ ᠤᠯᠠᠨ ᠲᠥᠮᠡᠨ ᠤ ᠠᠵᠢᠯ ᠤᠨ ᠭᠡᠯᠳᠡᠰ ᠤᠨ ᠭᠤᠤᠯ ᠬᠠᠷᠢᠭᠤᠴᠠᠯᠭᠠᠳᠠᠨ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃      ᠪᠤᠯᠪᠠᠰᠤᠷᠠᠯ ᠨᠢ ᠨᠠᠮ ᠤᠨ ᠲᠥᠷᠥ ᠶᠢᠨ ᠪᠤᠳᠤᠯᠭ᠎ᠠ ᠤᠨᠤᠯ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ ᠲᠠᠶᠢᠶᠤᠸᠠᠨ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠠᠤᠭᠡ ᠨᠠᠮ ᠤᠨ ᠪᠠᠶᠢᠭᠤᠯᠤᠯᠳᠠ ᠶᠢᠨ ᠵᠢᠭᠠᠬᠤ ᠶᠢ ᠰᠤᠳᠤᠯᠬᠤ ᠲᠠᠰᠤᠭ ᠤᠨ ᠡᠷᠭᠢᠯᠡᠭᠴᠢ᠂ ᠨᠠᠮ ᠤᠨ ᠲᠡᠤᠭᠡ ᠨᠠᠮ ᠤᠨ ᠪᠠᠶᠢᠭᠤᠯᠤᠯᠳᠠ ᠶᠢᠨ ᠰᠢᠨᠵᠢᠯᠠᠭᠦ ᠤᠬᠠᠭᠠᠨ ᠤ ᠲᠠᠭᠠᠭᠤᠯᠤᠭᠴᠢ ᠵᠧᠩ ᠫᠸᠢ ᠵᠢᠶᠥ᠋ᠨ ᠫᠷᠤᠹᠧᠰᠰᠤᠷ ᠢ ᠤᠷᠢᠵᠤ᠂ ︽ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠵᠢᠴᠢ ᠰᠢ ᠶᠢᠨ ᠫᠢᠩ ᠤᠨ ᠰᠢᠨ᠎ᠠ ᠴᠠᠭ ᠥᠶ᠎ᠠ  ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ︾ ᠳᠤ ᠲᠠᠶᠢᠯᠪᠤᠷᠢᠯᠠᠯᠳᠠ  ᠭᠢᠯᠭᠡᠵᠤ᠂ ᠬᠤᠳᠠ ᠶᠢᠨ ᠨᠠᠶᠢᠭᠡᠮ ᠵᠢᠷᠤᠮ ᠤᠨ ᠲᠡᠭᠡᠳᠤ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ᠂ ᠬᠤᠳᠠ  ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠭᠢᠷᠤᠯ᠂ ᠬᠤᠳᠠ ᠶᠢᠨ ᠵᠠᠰᠠᠭ ᠵᠠᠭᠢᠷᠭᠠᠨ ᠤᠨ ᠰᠤᠷᠭᠠᠭᠤᠯᠢ ᠶᠢᠨ ᠲᠡᠳ᠋ ᠵᠠᠬᠢᠷᠤᠯ ᠴᠢ ᠬᠠᠢ ᠯᠢᠨ ᠫᠷᠤᠹᠧᠰᠰᠤᠷ ᠢ ᠤᠷᠢᠵᠤ ︽ᠰᠢᠨ᠎ᠠ ᠴᠠᠭ ᠥᠶ᠎ᠠ ᠶᠢᠨ ᠥᠨᠳᠤᠰᠤᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ — ︿ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠡᠭᠦᠷ ᠤᠨ ᠠᠵᠢᠯ ᠤᠨ ᠲᠥᠷᠢᠮ ︵ᠲᠤᠷᠰᠢᠨ ᠭᠡᠷᠡᠭᠯᠠᠭᠦ︶  ﹀᠂  ︿ᠲᠤᠮᠳᠠᠳᠤ ᠤᠯᠤᠰ ᠤᠨ ᠡᠪ ᠬᠠᠮᠳᠤ ᠨᠠᠮ ᠤᠨ ᠭᠥᠳᠡᠭᠡ ᠲᠤᠰᠬᠤᠨ ᠤ ᠥᠨᠳᠤᠰᠤᠨ ᠱᠠᠳᠤᠨ ᠤ ᠵᠤᠭᠢᠶᠠᠨ ᠪᠠᠶᠢᠭᠤᠯᠤᠯᠳᠠ ᠶᠢᠨ ᠠᠵᠢᠯ ᠤᠨ ᠲᠥᠷᠢᠮ﹀︾ ᠳᠤ ᠲᠠᠶᠢᠯᠪᠤᠷᠢᠯᠠᠯᠳᠠ ᠭᠢᠯᠭᠡᠭᠰᠠᠨ ᠪᠠᠶᠢᠨ᠎ᠠ᠃ ᠥᠪᠤᠷ ᠮᠤᠩᠭᠤᠯ ᠤᠨ ᠶᠡᠭᠡ ᠰᠤᠷᠭᠠᠭᠤᠯᠢ ᠶᠢᠨ ᠭᠥᠨ ᠤᠬᠠᠭᠠᠨ ᠤ ᠲᠡᠭᠡᠲᠦ ᠰᠤᠷᠭᠠᠭᠤᠯᠢ ᠶᠢᠨ ᠨᠠᠮ ᠤᠨ ᠶᠠᠷᠤᠩᠭᠡᠢ ᠡᠭᠦᠷ ᠤᠨ ᠱᠥᠵᠢ᠂ ᠳ᠋ᠤᠺᠲ᠋ᠤᠷᠠᠠᠲ ᠤᠨ ᠵᠢᠯᠤᠭᠤᠳᠤᠭᠴᠢ ᠯᠢ ᠰᠢᠶᠤᠤ ᠴᠥᠨ ᠫᠷᠤᠹᠧᠰᠰᠤᠷ ᠢ ᠤᠷᠢᠵᠤ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠵᠡᠷᠭᠡ ᠶᠢᠨ ᠠᠭᠤᠯᠭ᠎ᠠ ᠳᠤ ᠲᠠᠶᠢᠯᠪᠤᠷᠢᠯᠠᠯᠳᠠ ᠭᠢᠯᠭᠡᠪᠠ᠃      ᠲᠤᠰ ᠤᠳᠠᠭᠠᠨ ᠤ ᠪᠤᠯᠪᠠᠰᠤᠷᠠᠯ ᠤᠨ ᠬᠤᠷᠠᠯ ᠪᠤᠯ ᠮᠠᠨ ᠤ ᠬᠤᠰᠢᠭᠤ ︽ᠡᠷᠳᠠᠮ ᠴᠢᠳᠠᠪᠤᠷᠢ ᠪᠠᠨ ᠴᠢᠩᠭᠠᠳᠬᠠᠨ ᠭᠡᠪ ᠪᠣᠯᠪᠠᠰᠣᠷᠠᠯ ᠢᠶᠠᠨ ᠲᠡᠭᠡᠭᠰᠢᠯᠠᠭᠦᠯᠵᠤ ᠰᠠᠭᠤᠷᠢ ᠪᠠᠨ ᠪᠠᠭᠢᠵᠢᠭᠦᠯᠭᠦ︾ ᠰᠤᠷᠤᠯᠴᠠᠨ ᠰᠤᠳᠤᠯᠬᠤ ᠰᠢᠷᠢᠰ ᠠᠵᠢᠯᠯᠠᠭ᠎ᠠ ᠶᠢᠨ ᠨᠢᠭᠡ ᠴᠢᠬᠤᠯᠠ ᠭᠤᠭᠴᠤᠭ᠎ᠠ ᠪᠠᠶᠢᠵᠤ᠂ ᠵᠤᠷᠢᠯᠭ᠎ᠠ ᠨᠢ ᠬᠠᠮᠳᠤ ᠶᠢᠨ ᠪᠤᠯᠪᠠᠰᠤᠷᠠᠯ ᠢᠶᠠᠷ  ᠲᠠᠮᠵᠢᠭᠤᠯᠤᠨ ᠰᠤᠷᠤᠯᠴᠠᠯᠭ᠎ᠠ ᠶᠢ ᠤᠯᠠᠮ ᠭᠥᠨᠵᠡᠭᠡᠶᠢᠷᠠᠭᠦᠯᠵᠤ ᠪᠥᠭᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ  ᠤᠨ ᠨᠠᠮ ᠤᠨ ᠲᠥᠪ ᠬᠤᠷᠢᠶᠠᠨ ᠤ ᠴᠢᠭᠯᠡᠯᠳᠠ ᠲᠥᠷᠥ ᠶᠢᠨ ᠪᠤᠳᠤᠯᠭ᠎ᠠ ᠶᠢ ᠪᠥᠭᠦ ᠲᠠᠯ᠎ᠠ ᠪᠠᠷ ᠤᠶᠢᠯᠠᠭᠠᠨ  ᠡᠵᠡᠮᠰᠢᠵᠤ ᠥᠵᠠᠯ ᠰᠠᠨᠠᠭ᠎ᠠ ᠪᠠᠨ ᠴᠢᠯᠦᠭᠡᠯᠡᠨ ᠮᠡᠳᠡᠯᠭᠡ ᠪᠠᠨ ᠰᠢᠨᠡᠴᠢᠯᠡᠵᠤ ᠴᠢᠳᠠᠪᠤᠷᠢ ᠪᠠᠨ ᠲᠡᠭᠡᠭᠰᠢᠯᠡᠬᠦᠯᠦᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠨ ᠭᠢᠭᠦ᠂ ᠭᠥᠳᠡᠭᠡ ᠲᠤᠰᠬᠤᠨ ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠭᠦ᠂ ᠭᠥᠳᠡᠭᠡ ᠨᠤᠲᠤᠭ ᠤᠨ ᠪᠤᠯᠪᠠᠰᠤᠨ ᠰᠤᠷᠳᠠᠯ ᠢ ᠠᠭᠢᠭᠤᠯᠬᠤ ᠵᠡᠷᠭᠡ ᠶᠢᠨ ᠠᠵᠢᠯ ᠳᠤ ᠤᠨᠤᠯ ᠤᠨ ᠰᠠᠭᠤᠷᠢ ᠲᠠᠯᠪᠢᠵᠤ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠶᠢ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠠᠶᠠᠯᠠᠭᠦᠯᠭᠦ ᠠᠮᠢᠳᠤᠯᠢᠭ ᠥᠢᠯᠡᠳᠤᠯᠭᠡ ᠪᠤᠯᠭᠠᠨ ᠬᠤᠪᠢᠷᠠᠭᠤᠯᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号