ᠮᠠᠨ ᠤ ᠬᠤᠰᠢᠭᠤ ᠵᠢᠩ ᠨᠧᠩ 2×1000 ᠰᠠᠶ᠎ᠠ ᠸᠠᠲ ᠶᠢᠨ ᠢᠯᠴᠢ ᠶᠢᠨ ᠴᠠᠭᠢᠯᠭᠠᠨ ᠤ ᠲᠥᠷᠤᠯ ᠵᠥᠢᠯ ᠤᠨ ᠠᠭᠢᠭᠤᠯᠤᠯᠳᠠ ᠶᠢᠨ ᠠᠵᠢᠯ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-02-19
     2 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠳᠣᠭᠤᠷᠢᠭ ᠲᠤ ᠭᠥᠷᠴᠤ ᠪᠠᠶᠢᠴᠠᠭᠠᠨ ᠰᠤᠳᠤᠯᠤᠯᠳᠠ ᠭᠢᠭᠦ ᠶᠢᠨ ᠬᠠᠮᠳᠤ ᠵᠢᠩ ᠨᠧᠩ 2×1000 ᠰᠠᠶ᠎ᠠ ᠸᠠᠲ ᠶᠢᠨ ᠢᠯᠴᠢ ᠶᠢᠨ ᠴᠠᠭᠢᠯᠭᠠᠨ ᠤ ᠲᠥᠷᠤᠯ ᠵᠥᠢᠯ ᠤᠨ ᠠᠭᠢᠭᠤᠯᠤᠯᠳᠠ ᠶᠢᠨ ᠠᠵᠢᠯ ᠤᠨ ᠰᠠᠭᠤᠳᠠᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠳᠣᠭᠤᠷᠢᠭ᠂ ᠬᠤᠯᠪᠤᠭᠳᠠᠯ ᠪᠥᠭᠦᠢ ᠰᠠᠯᠠᠭ᠎ᠠ ᠮᠥᠴᠢᠷ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠭᠥᠭᠵᠢᠭᠦᠯᠥᠯᠳᠠ ᠪᠠ ᠥᠭᠡᠷᠡᠴᠢᠯᠡᠯᠲᠡ ᠶᠢᠨ ᠵᠥᠪᠯᠠᠯ᠂ ᠠᠵᠤ ᠥᠢᠯᠡᠳᠪᠤᠷᠢ ᠮᠡᠳᠡᠭᠡ ᠵᠠᠩᠭᠢᠴᠢᠯᠠᠯᠳᠠ ᠪᠠ ᠰᠢᠨᠵᠢᠯᠠᠭᠦ ᠤᠬᠠᠭᠠᠨ ᠲᠧᠭᠨᠢᠭ ᠮᠠᠷᠭᠡᠵᠢᠯ ᠤᠨ ᠲᠤᠪᠴᠢᠶ᠎ᠠ᠂ ᠡᠨᠧᠷᠬᠢ ᠶᠢᠨ ᠲᠤᠪᠴᠢᠶ᠎ᠠ᠂ ᠪᠠᠶᠢᠭᠠᠯᠢ ᠶᠢᠨ ᠡᠭᠢ ᠪᠠᠶᠠᠯᠢᠭ ᠤᠨ ᠲᠤᠪᠴᠢᠶ᠎ᠠ ᠵᠢᠴᠢ ᠵᠢᠩ ᠨᠧᠩ ᠪᠥᠯᠥᠭᠯᠠᠯ ᠵᠡᠷᠭᠡ ᠰᠠᠯᠠᠭ᠎ᠠ ᠮᠥᠴᠢᠷ ᠠᠵᠤ ᠠᠬᠤᠶᠢᠯᠠᠯ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
     ᠬᠤᠷᠠᠯ ᠲᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠳᠠᠨ ᠠᠴᠠ ᠵᠢᠩ ᠨᠧᠩ ᠪᠥᠯᠥᠭᠯᠠᠯ ᠤᠨ ᠥᠨᠳᠤᠰᠤᠨ ᠪᠠᠶᠢᠳᠠᠯ᠂ ᠵᠢᠩ ᠨᠧᠩ 2×1000 ᠰᠠᠶ᠎ᠠ ᠸᠠᠲ ᠶᠢᠨ ᠢᠯᠴᠢ ᠶᠢᠨ ᠴᠠᠭᠢᠯᠭᠠᠨ ᠤ ᠲᠥᠷᠤᠯ ᠵᠥᠢᠯ ᠤᠨ ᠲᠥᠭᠦᠮ ᠪᠠᠶᠢᠳᠠᠯ ᠵᠢᠴᠢ ᠪᠡᠯᠡ ᠤᠷᠤᠭᠤᠯᠤᠯᠳᠠ ᠶᠢᠨ ᠭᠡᠪᠴᠢᠶ᠎ᠠ᠂ ᠪᠥᠳᠥᠭᠡᠨ ᠪᠠᠶᠢᠭᠤᠯᠤᠯᠳᠠ ᠵᠡᠷᠭᠡ ᠥᠨᠳᠤᠰᠤᠨ ᠪᠠᠶᠢᠳᠠᠯ  ᠳᠤ ᠬᠠᠷᠢᠭᠤ ᠮᠡᠳᠡᠭᠦᠯᠥᠯᠳᠠ ᠭᠢᠬᠦ ᠶᠢᠨ ᠬᠠᠮᠳᠤ ᠢᠯᠠᠷᠭᠡᠶᠢᠯᠠᠭᠦ ᠳᠤ ᠪᠠᠨ᠂ ᠥᠥᠰᠢᠨ ᠬᠤᠰᠢᠭᠤ ᠥᠨᠢ ᠤᠳᠠᠭᠠᠨ ᠲᠡᠤᠭᠡ ᠰᠤᠶᠤᠯ ᠲᠠᠢ᠂ ᠡᠯᠪᠡᠭ ᠲᠡᠯᠪᠡᠭ ᠡᠭᠢ ᠪᠠᠶᠠᠯᠢᠭ ᠲᠠᠢ᠂ ᠤᠷᠤᠨ ᠪᠠᠶᠢᠷᠢ ᠶᠢᠨ ᠲᠠᠪᠠᠭᠤᠯᠢᠭ ᠲᠤᠪᠤᠶᠢᠮ᠎ᠠ᠂ ᠵᠠᠮ ᠬᠠᠷᠢᠯᠴᠠᠭ᠎ᠠ ᠲᠥᠭᠦᠮ ᠲᠥᠳᠠ᠂ ᠰᠠᠭᠤᠷᠢ ᠲᠥᠭᠦᠭᠡᠷᠤᠮᠵᠢ ᠪᠥᠷᠢᠨ ᠲᠥᠭᠦᠷ᠂ ᠲᠥᠷᠥ ᠶᠢᠨ ᠪᠤᠳᠤᠯᠭ᠎ᠠ ᠲᠠᠪᠠᠭᠤᠯᠢᠭ᠂ ᠨᠥᠭᠦᠴᠠᠯ ᠪᠣᠯᠣᠮᠵᠢ ᠪᠥᠷᠢᠨ ᠪᠠᠶᠢᠵᠤ ᠠᠵᠤ ᠠᠬᠤᠶᠢᠯᠠᠯ ᠤᠨ ᠪᠡᠯᠡ ᠤᠷᠤᠭᠤᠯᠬᠤ ᠳᠤ ᠲᠤᠭᠢᠷᠠᠭᠰᠠᠨ ᠭᠠᠵᠠᠷ ᠪᠠᠶᠢᠨ᠎ᠠ ᠭᠡᠪᠡ᠃      ᠵᠤᠤ ᠹᠸᠢ ᠯᠤ᠋ ᠢᠯᠡᠷᠬᠡᠶᠢᠯᠡᠬᠦ ᠳᠤ ᠪᠠᠨ᠂ ᠮᠠᠨ ᠤ ᠬᠤᠰᠢᠭᠤ ᠡᠯᠪᠡᠭ ᠪᠠᠶᠠᠯᠢᠭ ᠨᠠᠭᠦᠷᠠᠰᠤ ᠪᠠ ᠤᠰᠤᠨ ᠤ ᠡᠭᠢ ᠪᠠᠶᠠᠯᠢᠭ ᠲᠠᠢ ᠪᠠᠶᠢᠵᠤ ᠢᠯᠴᠢ ᠶᠢᠨ ᠴᠠᠭᠢᠯᠭᠠᠨ ᠤ ᠥᠢᠯᠡᠳᠪᠤᠷᠢ ᠶᠢ ᠪᠠᠶᠢᠭᠤᠯᠬᠤ ᠳᠤ ᠲᠤᠶᠢᠯ ᠤᠨ ᠰᠠᠶᠢᠨ ᠤᠭ ᠮᠠᠲ᠋ᠧᠷᠢᠶᠠᠯ ᠤᠨ ᠬᠠᠩᠭᠠᠯᠳᠠ ᠪᠠ ᠴᠠᠭᠢᠯᠭᠠᠨ ᠭᠡᠷᠡᠭᠯᠠᠭᠦ ᠭᠡᠷᠡᠭᠴᠡᠭᠡ ᠲᠠᠢ ᠪᠠᠶᠢᠭ᠎ᠠ ᠶᠤᠮ᠃ ᠲᠤᠳᠤᠭᠠᠳᠤ ᠭᠡᠷᠡᠭᠴᠡᠭᠡ ᠶᠢᠨ ᠲᠠᠯ᠎ᠠ ᠪᠠᠷ᠂  ᠤᠳᠤᠬᠠᠨ ᠳᠤ ᠡᠵᠡᠩᠨᠠᠯᠳᠠ ᠭᠢᠵᠤ ᠪᠠᠶᠢᠭ᠎ᠠ ᠠᠯᠺᠸᠠ ᠶᠢᠨ ᠲᠥᠷᠥᠯ ᠵᠥᠢᠯ᠂ ᠪᠤᠷᠳᠤᠭᠤᠷ ᠤᠨ ᠲᠥᠷᠤᠯ ᠵᠥᠢᠯ᠂ ᠮᠧᠲ᠋ᠢᠯ ᠠᠯᠺᠤᠤᠯ ᠤᠨ ᠲᠥᠷᠤᠯ ᠵᠥᠢᠯ ᠪᠤᠯᠤᠨ ᠭᠡᠷᠡᠭᠵᠢᠭᠦᠯᠭᠦ ᠪᠠᠷ ᠪᠠᠶᠢᠭ᠎ᠠ ᠵᠥᠩ ᠲᠢᠶᠠᠨ ᠡᠾᠧ ᠴᠤᠸᠠᠩ ᠺᠤᠮᠫᠠᠨᠢ ᠶᠢᠨ ᠭᠤᠷᠪᠠᠳᠤᠭᠠᠷ ᠬᠤᠭᠤᠴᠠᠭ᠎ᠠ ᠵᠠᠷᠭᠡ ᠲᠥᠷᠥᠯ ᠵᠥᠢᠯ ᠪᠠ ᠭᠡᠯᠭᠢᠶᠠᠵᠢᠯ ᠢ ᠤᠷᠳᠤᠳᠬᠠᠨ ᠨᠠᠷᠢᠯᠢᠭ ᠪᠤᠯᠪᠠᠰᠤᠷᠠᠭᠤᠯᠬᠤ ᠲᠥᠷᠥᠯ ᠵᠥᠢᠯ ᠤᠨ ᠴᠠᠭᠢᠯᠭᠠᠨ ᠭᠡᠷᠡᠭᠯᠠᠭᠦ ᠭᠡᠷᠡᠭᠴᠡᠭᠡ ᠲᠤᠶᠢᠯ ᠤᠨ ᠶᠡᠭᠡ ᠶᠣᠮ᠃ ᠭᠠᠳᠠᠭᠰᠢ ᠲᠠᠮᠵᠢᠭᠤᠯᠬᠤ ᠲᠠᠯ᠎ᠠ ᠪᠠᠷ᠂ ᠤᠳᠤᠬᠠᠨ ᠳᠤ ᠱᠠᠨᠳᠥ᠋ᠩ᠂ ᠠᠠᠾᠦ᠋ᠢ ᠵᠡᠷᠭᠡ ᠭᠠᠵᠠᠷ ᠤᠨ ᠴᠠᠭᠢᠯᠭᠠᠨ ᠬᠡᠷᠡᠭᠯᠡᠭᠡ ᠪᠠᠴᠢᠮ ᠪᠤᠯᠵᠤ ᠭᠠᠳᠠᠭᠰᠢ ᠭᠡᠷᠡᠭᠰᠡᠭᠦ ᠴᠠᠭᠢᠯᠭᠠᠨ ᠬᠠᠩᠭᠠᠬᠤ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠡᠨᠡᠭᠦ ᠪᠠᠶᠢᠳᠠᠯ ᠠᠴᠠ ᠵᠠᠳᠠᠯᠵᠤ ᠥᠵᠠᠪᠠᠯ ᠵᠢᠩ ᠨᠧᠩ ᠪᠥᠯᠥᠭᠯᠠᠯ ᠨᠢ ᠮᠠᠨ ᠤ ᠬᠤᠰᠢᠭᠤᠨ ᠳᠤ 2×1000 ᠰᠠᠶ᠎ᠠ ᠸᠠᠲ ᠶᠢᠨ ᠢᠯᠴᠢ ᠶᠢᠨ ᠴᠠᠭᠢᠯᠭᠠᠨ ᠤ ᠲᠥᠷᠤᠯ ᠵᠥᠢᠯ ᠢ ᠭᠡᠷᠡᠭᠵᠢᠭᠦᠯᠭᠦ ᠨᠢ ᠰᠢᠯᠢᠳᠡᠭ ᠰᠠᠶᠢᠨ ᠨᠠᠭᠦᠷᠡᠰᠣ ᠤᠰᠤᠨ ᠤ ᠡᠭᠢ ᠪᠠᠶᠠᠯᠢᠭ ᠤᠨ ᠲᠠᠪᠠᠭᠤᠯᠢᠭ ᠪᠠ ᠲᠤᠶᠢᠯ ᠤᠨ ᠶᠡᠭᠡ ᠴᠠᠭᠢᠯᠭᠠᠨ ᠭᠡᠷᠡᠭᠰᠡᠭᠦ ᠤᠷᠤᠨ ᠵᠠᠢ  ᠲᠠᠢ ᠪᠠᠶᠢᠬᠤ ᠮᠦᠷᠳᠡᠭᠡᠨ ᠵᠢᠩ ᠨᠧᠩ ᠪᠥᠯᠥᠭᠯᠠᠯ ᠪᠠᠰᠠ ᠥᠪᠠᠷ ᠤᠨ ᠠᠵᠤ ᠥᠢᠯᠡᠰ ᠤᠨ ᠲᠠᠪᠠᠭᠤᠯᠢᠭ ᠲᠠᠢ ᠪᠤᠯᠬᠤᠷ ᠰᠠᠷᠠᠭᠤᠯ ᠰᠠᠶᠢᠬᠠᠨ ᠭᠥᠭᠵᠢᠯᠳᠠ ᠲᠠᠢ ᠪᠠᠶᠢᠭ᠎ᠠ ᠶᠤᠮ᠃ ᠮᠠᠨ ᠤ ᠬᠤᠰᠢᠭᠤ ᠨᠢ ᠠᠵᠤ ᠠᠬᠤᠶᠢᠯᠠᠯ ᠳᠤ ᠬᠠᠮᠤᠭ ᠤᠨ ᠰᠢᠯᠢᠳᠡᠭ ᠥᠢᠯᠡᠴᠢᠯᠡᠭᠡ ᠬᠠᠩᠭᠠᠨ ᠬᠤᠶᠠᠷ ᠲᠠᠯ᠎ᠠ ᠶᠢᠨ ᠬᠠᠮᠳᠤᠷᠠᠯᠴᠠᠭ᠎ᠠ ᠤᠷᠤᠭᠰᠢᠳᠠᠢ ᠠᠭᠢᠬᠤ ᠶᠢ ᠪᠠᠳᠤᠯᠠᠵᠦ ᠬᠠᠷᠢᠯᠴᠠᠨ ᠠᠰᠢᠭᠳᠠᠢ ᠬᠤᠤᠰ ᠠᠰᠢᠭ ᠭᠥᠷᠳᠠᠭᠦ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠠᠶᠠᠯᠠᠭᠦᠯᠤᠨ᠎ᠠ ᠭᠡᠪᠡ᠃
     ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ ᠪᠤᠯ ᠨᠡᠮᠡᠭᠳᠠᠯ ᠢ ᠲᠤᠭᠳᠠᠭᠤᠨ ᠪᠠᠶᠢᠯᠭᠠᠬᠤ ᠶᠢᠨ ᠴᠢᠬᠤᠯᠠ ᠭᠠᠷᠳᠠᠴᠠ ᠪᠤᠯᠤᠨ᠎ᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠳᠣᠭᠤᠷᠢᠭ ᠪᠤᠯᠤᠨ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠠᠵᠢᠯ ᠤᠨ ᠠᠷᠭ᠎ᠠ ᠭᠡᠮᠵᠢᠶ᠎ᠠ ᠪᠠᠨ ᠰᠠᠶᠢᠵᠢᠷᠠᠭᠤᠯᠤᠨ ᠠᠵᠤ ᠠᠬᠤᠶᠢᠯᠠᠯ ᠤᠨ ᠭᠠᠷ ᠭᠥᠢᠴᠡᠳᠭᠡᠯ ᠬᠦᠢᠴᠡᠳᠬᠡᠬᠦ ᠳᠤ ᠵᠤᠭᠢᠴᠠᠭᠤᠯᠬᠤ ᠥᠢᠯᠡᠴᠢᠯᠡᠭᠡᠨ ᠤ ᠠᠵᠢᠯ ᠢ ᠰᠠᠶᠢᠨ ᠭᠢᠵᠤ ᠲᠥᠷᠥᠯ ᠵᠥᠢᠯ ᠤᠨ ᠠᠭᠢᠭᠤᠯᠤᠯᠳᠠ ᠲᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠰᠶᠢᠳᠪᠤᠷᠢᠯᠠᠨ ᠲᠥᠷᠥᠯ ᠵᠥᠢᠯ ᠤᠨ ᠪᠥᠳᠥᠭᠡᠨ ᠪᠠᠶᠢᠭᠤᠯᠤᠯᠳᠠ ᠶᠢᠨ ᠥᠨᠳᠤᠷ ᠥᠷ᠎ᠠ ᠠᠰᠢᠭ ᠲᠠᠢ ᠲᠥᠷᠭᠡᠨ ᠠᠭᠢᠬᠤ ᠶᠢ ᠪᠠᠳᠤᠯᠠᠬᠤ ᠭᠡᠷᠡᠭᠳᠠᠢ᠃ ᠡᠭᠦᠨ ᠤ ᠬᠠᠮᠳᠤ ᠠᠵᠤ ᠠᠬᠤᠶᠢᠯᠠᠯ ᠨᠠᠷᠢᠨ ᠭᠢᠨᠠᠮᠠᠭᠠᠢ ᠲᠥᠯᠥᠪᠵᠢᠭᠦᠯᠵᠤ ᠡᠮᠤᠨ᠎ᠠ ᠬᠤᠭᠤᠴᠠᠭᠠᠨ ᠤ ᠭᠠᠷ ᠭᠥᠢᠴᠡᠳᠭᠡᠯ ᠬᠦᠢᠴᠡᠳᠬᠡᠬᠦ ᠠᠵᠢᠯ ᠢ ᠠᠬᠢᠭᠤᠯᠣᠨ ᠲᠥᠷᠤᠯ ᠵᠥᠢᠯ ᠤᠨ ᠲᠥᠯᠥᠪᠯᠡᠭᠡ ᠲᠥᠯᠥᠪᠵᠢᠭᠦᠯᠭᠡ᠂ ᠪᠠᠷᠢᠯᠭ᠎ᠠ ᠶᠢᠨ ᠪᠥᠳᠥᠭᠡᠨ ᠪᠠᠶᠢᠭᠤᠯᠤᠯᠳᠠ ᠵᠡᠷᠭᠡ ᠶᠢᠨ ᠭᠤᠤᠯᠳᠠᠯᠭ᠎ᠠ ᠲᠠᠢ ᠠᠵᠢᠯ  ᠢ ᠰᠠᠶᠢᠨ ᠭᠢᠵᠤ ᠲᠥᠷᠤᠯ ᠵᠥᠢᠯ ᠤᠨ ᠡᠷᠳᠡᠭᠡᠨ ᠪᠠᠷᠢᠯᠭ᠎ᠠ ᠪᠠᠨ ᠡᠭᠢᠯᠠᠭᠦᠯᠵᠤ ᠡᠷᠳᠡᠭᠡᠨ ᠡᠷᠭᠢᠯᠳᠠ ᠲᠠᠢ ᠪᠤᠯᠭᠠᠬᠤ  ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号