2 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠳᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ | ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠬᠡᠷ | ᠤᠨ ᠡᠷᠬᠢᠯᠡᠭᠴᠢ ᠵᠣᠣ ᠶᠦᠩ ᠹᠧᠩ ᠮᠠᠨ ᠤ ᠬᠤᠰᠢᠭᠤᠨ ᠤ 6 ᠰᠣᠮᠣ ᠪᠠᠯᠭᠠᠰᠣᠨ ᠤ ᠨᠠᠮ ᠤᠨ ᠬᠤᠷᠢᠶᠠᠨ ᠤ | ᠱᠦᠵᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠳᠠᠭᠠᠭᠤᠯᠣᠨ ᠱᠠᠨᠰᠢ ᠮᠣᠵᠢ ᠶᠢᠨ | ᠯᠢᠴᠤᠸᠠᠨ ᠰᠢᠶᠠᠨ᠂ ᠶᠠᠩᠯᠢᠩ ᠳᠣᠭᠤᠷᠢᠭ᠂ ᠯᠥᠸᠧᠴᠣᠸᠠᠨ ᠰᠢᠶᠠᠨ ᠳᠤ ᠬᠦᠳᠡᠭᠡ ᠳᠣᠰᠬᠤᠨ ᠢ ᠬᠦᠭᠵᠢᠬᠦᠯᠦᠨ | ᠮᠠᠨᠳᠣᠭᠤᠯᠬᠤ ᠠᠵᠢᠯ ᠤᠨ ᠳᠣᠬᠠᠢ ᠪᠠᠶᠢᠴᠠᠭᠠᠯᠳᠠ ᠬᠢᠵᠦ ᠴᠢᠬᠤᠯᠠᠴᠢᠯᠠᠬᠤ ᠳᠠᠭᠠᠨ᠂ ᠬᠦᠳᠡᠭᠡ ᠳᠣᠰᠬᠤᠨ ᠢ | ᠬᠦᠭᠵᠢᠬᠦᠯᠦᠨ ᠮᠠᠨᠳᠣᠭᠤᠯᠬᠤ ᠶᠢᠨ ᠵᠠᠩᠬᠢᠯᠠᠭ᠎ᠠ ᠨᠢ ᠠᠵᠣ ᠦᠢᠯᠡᠰ ᠢ ᠬᠦᠭᠵᠢᠬᠦᠯᠦᠨ ᠮᠠᠨᠳᠣᠭᠤᠯᠬᠤ ᠳᠤ ᠪᠠᠶᠢᠨ᠎ᠠ᠃ | ᠳᠡᠷᠢᠬᠦᠨ ᠤ ᠭᠠᠵᠠᠷ ᠣᠷᠣᠨ ᠤ ᠠᠵᠣ ᠦᠢᠯᠡᠰ ᠤᠨ ᠬᠦᠭᠵᠢᠯᠳᠡ ᠶᠢᠨ ᠳᠡᠷᠢᠬᠦᠨ ᠤ ᠳᠣᠷᠰᠢᠯᠭ᠎ᠠ ᠶᠢ ᠰᠣᠷᠣᠯᠴᠠᠬᠤ | ᠪᠠᠷ ᠳᠠᠮᠵᠢᠨ ᠮᠠᠨ ᠤ ᠬᠤᠰᠢᠭᠤᠨ ᠤ ᠠᠵᠣ ᠦᠢᠯᠡᠰ ᠲᠤ ᠲᠥᠯᠥᠪᠵᠢᠬᠦᠯᠬᠡ ᠬᠢᠬᠦ ᠰᠡᠳᠬᠢᠮᠵᠢ ᠪᠠᠨ ᠦᠷᠭᠡᠳᠬᠡᠵᠦ | ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ ᠶᠢᠨ ᠳᠠᠶᠢᠴᠢᠯᠠᠨ ᠳᠠᠭᠠᠭᠤᠯᠬᠤ ᠦᠢᠯᠡᠳᠦᠯ ᠢ ᠪᠦᠬᠦ ᠳᠠᠯ᠎ᠠ ᠪᠠᠷ | ᠴᠢᠩᠭᠠᠳᠬᠠᠨ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠳᠤ ᠳᠣᠰᠠᠯᠠᠵᠦ ᠮᠠᠯᠴᠢᠨ ᠳᠠᠷᠢᠶᠠᠴᠢᠨ ᠤ | ᠣᠷᠣᠯᠭ᠎ᠠ ᠶᠢ ᠨᠡᠮᠡᠭᠳᠡᠬᠦᠯᠬᠦ ᠬᠡᠷᠡᠭᠲᠡᠢ ᠬᠡᠪᠡ᠃ | | | | | | | ᠶᠤᠸᠠᠨ ᠵᠢᠶᠠ ᠳᠣᠰᠬᠤᠨ ᠪᠣᠯ ᠮᠢᠩᠭ᠎ᠠ ᠭᠤᠷᠪᠠᠨ ᠵᠠᠭᠤ ᠭᠠᠷᠣᠢ ᠵᠢᠯ ᠤᠨ ᠳᠡᠣᠬᠡ ᠲᠠᠢ ᠨᠢᠬᠡᠳᠦᠬᠡᠷ᠂ | ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠣᠶᠠᠯᠳᠣᠨ ᠳᠦᠪᠯᠡᠷᠡᠭᠰᠡᠨ ᠪᠤᠭᠤᠮᠲᠠ ᠶᠢᠨ ᠳᠣᠮᠳᠠ ᠣᠷᠣᠨ ᠭᠠᠵᠠᠷ | ᠪᠠᠶᠢᠵᠦ ᠵᠢᠯ ᠳᠡᠭᠡᠨ 500 ᠲᠦᠮᠡᠨ ᠵᠣᠭᠠᠴᠠᠭᠰᠠᠳ ᠢ ᠬᠦᠯᠢᠶᠡᠨ ᠠᠪᠴᠦ ᠵᠣᠴᠢᠯᠡᠨ ᠵᠢᠯ ᠤᠨ ᠣᠷᠣᠯᠭ᠎ᠠ ᠨᠢ | ᠳᠠᠪᠣᠨ ᠳ᠋ᠦᠩᠰᠢᠭᠤᠷ ᠲᠦᠬᠦᠷᠢᠭ ᠬᠦᠷᠳᠡᠭ᠃ ᠡᠷᠳᠡᠨᠢᠪᠢᠯᠢᠭ ᠨᠠᠷ ᠶᠤᠸᠠᠨ ᠵᠢᠶᠠ ᠳᠣᠰᠬᠤᠨ ᠤ ᠳᠡᠣᠬᠡ᠂ ᠠᠵᠣ | ᠦᠢᠯᠡᠰ ᠤᠨ ᠳᠣᠭᠳᠠᠴᠠ᠂ ᠢᠳᠡᠬᠡᠨ ᠤ ᠦᠢᠯᠡᠳᠪᠦᠷᠢᠯᠡᠯ᠂ ᠨᠡᠷᠡᠲᠤ ᠳᠡᠮᠳᠡᠭ ᠢ ᠡᠬᠦᠳᠬᠦ᠂ ᠰᠣᠶᠣᠯ ᠤᠨ | ᠪᠠᠶᠢᠭᠤᠯᠣᠯᠲᠠ᠂ ᠵᠠᠬ᠎ᠠ ᠳᠡᠯᠭᠡᠬᠦᠷ ᠤᠨ ᠡᠵᠡᠩᠨᠡᠯᠳᠡ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ᠂ | ᠨᠠᠮ ᠤᠨ ᠪᠠᠶᠢᠭᠤᠯᠣᠯᠲᠠ ᠵᠡᠷᠬᠡ ᠶᠢ ᠳᠣᠬᠠᠢ ᠶᠢᠨ ᠭᠠᠵᠠᠷ ᠢᠶᠠᠷ ᠳᠣᠭᠤᠷᠢᠨ ᠣᠶᠢᠯᠠᠭᠠᠭᠰᠠᠨ ᠤ ᠳᠠᠷᠠᠭ᠎ᠠ ᠵᠢᠭᠠᠵᠦ | ᠭᠠᠷᠭᠠᠬᠤ ᠳᠠᠭᠠᠨ᠂ ᠶᠤᠸᠠᠨ ᠵᠢᠶᠠ ᠳᠣᠰᠬᠤᠨ ᠤ ᠳᠡᠷᠢᠬᠦᠨ ᠤ ᠠᠷᠭ᠎ᠠ ᠠᠪᠴᠠᠯ ᠳᠣᠷᠰᠢᠯᠭ᠎ᠠ ᠶᠢ ᠠᠰᠢᠭᠯᠠᠵᠦ | ᠰᠣᠷᠣᠯᠴᠠᠬᠤ ᠴᠢᠬᠤᠯᠠᠳᠠᠢ᠂ ᠢᠯᠠᠩᠭᠤᠶ᠎ᠠ ︽ᠡᠬᠢ ᠰᠣᠷᠪᠣᠯᠵᠢ ᠶᠢ ᠡᠳ᠋ ᠬᠦᠷᠦᠩᠬᠡ ᠪᠣᠯᠭᠠᠵᠦ ᠡᠳ᠋ ᠬᠦᠷᠦᠩᠬᠡ ᠶᠢ | ᠬᠤᠪᠢᠴᠠᠭᠠᠲᠣ ᠮᠦᠩᠬᠦ ᠪᠣᠯᠭᠠᠨ ᠳᠣᠰᠬᠤᠨ ᠤ ᠠᠷᠠᠳ ᠬᠤᠪᠢ ᠣᠷᠣᠭᠤᠯᠣᠭᠴᠢ ᠪᠣᠯᠬᠤ︾ ᠬᠦᠭᠵᠢᠯᠳᠡ ᠶᠢᠨ | ᠬᠡᠯᠪᠡᠷᠢ ᠪᠠᠷ ᠳᠣᠰᠬᠤᠨ ᠤ ᠠᠷᠠᠳ ᠬᠠᠮᠳᠣᠪᠠᠷ ᠪᠠᠶᠠᠵᠢᠬᠤ ᠶᠢ ᠪᠡᠶᠡᠯᠡᠬᠦᠯᠦᠭᠰᠡᠨ᠂ ᠠᠵᠣ ᠦᠢᠯᠡᠰ ᠤᠨ ᠬᠡᠯᠬᠢᠶᠡᠵᠢᠯ | ᠢᠶᠠᠷ ᠣᠶᠢᠷ᠎ᠠ ᠬᠠᠪᠢ ᠶᠢᠨ ᠳᠣᠰᠬᠤᠨ ᠤ ᠬᠠᠮᠲᠣ ᠶᠢᠨ ᠬᠦᠭᠵᠢᠯᠳᠡ ᠶᠢ ᠪᠡᠶᠡᠯᠡᠬᠦᠯᠦᠭᠰᠡᠨ ᠵᠡᠷᠭᠡ ᠳᠣᠷᠰᠢᠯᠭ᠎ᠠ᠂ | ᠠᠷᠭ᠎ᠠ ᠠᠪᠴᠠᠯ ᠨᠢ ᠪᠢᠳᠠᠨ ᠳᠤ ᠰᠢᠨ᠎ᠡ ᠰᠡᠳᠬᠢᠮᠵᠢ ᠬᠠᠩᠭᠠᠵᠠᠢ ᠬᠡᠪᠡ᠃ ᠡᠷᠳᠡᠨᠢᠪᠢᠯᠢᠭ ᠴᠢᠬᠤᠯᠠᠴᠢᠯᠠᠬᠤ ᠳᠠᠭᠠᠨ᠂ | ᠮᠠᠯᠵᠢᠬᠤ ᠳᠠᠷᠢᠶᠠᠯᠠᠬᠤ ᠣᠷᠣᠨ ᠤ ᠰᠠᠭᠤᠷᠢ ᠳᠦᠬᠦᠬᠡᠷᠦᠮᠵᠢ ᠶᠢᠨ ᠪᠠᠶᠢᠭᠤᠯᠣᠯᠲᠠ ᠶᠢ ᠬᠦᠨᠵᠡᠬᠡᠢ ᠠᠬᠢᠭᠤᠯᠵᠦ | ᠮᠠᠯᠴᠢᠨ ᠳᠠᠷᠢᠶᠠᠴᠢᠨ ᠤ ᠰᠠᠭᠤᠷᠢᠰᠢᠯ ᠤᠨ ᠣᠷᠴᠢᠨ ᠳᠣᠭᠤᠷᠢᠨ ᠢ ᠰᠠᠶᠢᠵᠢᠷᠠᠭᠤᠯᠣᠨ ᠳᠣᠬᠢᠯᠢᠭ ᠳᠠᠭᠠᠯᠠᠮᠵᠢᠲᠠᠢ | ᠬᠦᠳᠡᠭᠡ ᠳᠣᠰᠬᠤᠨ ᠢ ᠪᠠᠶᠢᠭᠤᠯᠬᠤ ᠶᠢ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠠᠷᠭ᠎ᠠ ᠪᠣᠳᠣᠯᠭ᠎ᠠ | ᠶᠢᠨ ᠴᠢᠬᠤᠯᠠ ᠡᠬᠦᠷᠭᠡ ᠪᠣᠯᠭᠠᠵᠦ ᠡᠯ᠎ᠡ ᠰᠣᠮᠣ ᠪᠠᠯᠭᠠᠰᠣ ᠬᠠᠷᠢᠯᠴᠠᠭ᠎ᠠ ᠬᠠᠪᠰᠣᠷᠣᠯᠴᠠᠭ᠎ᠠ ᠪᠠᠨ ᠴᠢᠩᠭᠠᠳᠬᠨ | ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠬᠠᠷᠢᠭᠤᠴᠠᠯᠭᠠᠳᠠᠨ ᠤ ᠳᠣᠯᠣᠭᠠᠶᠢᠯᠠᠭᠴᠢ ᠶᠢᠨ | ᠦᠢᠯᠡᠳᠦᠯ ᠪᠠ ᠨᠠᠮ ᠤᠨ ᠪᠠᠶᠢᠭᠤᠯᠣᠯᠲᠠ ᠶᠢᠨ ᠳᠠᠭᠠᠭᠤᠯᠣᠭᠴᠢ ᠶᠢᠨ ᠦᠢᠯᠡᠳᠦᠯ ᠢᠶᠠᠨ ᠪᠠᠳᠠᠷᠠᠭᠤᠯᠵᠦ ᠬᠦᠳᠡᠭᠡ | ᠳᠣᠰᠬᠤᠨ ᠢ ᠬᠦᠭᠵᠢᠬᠦᠯᠦᠨ ᠮᠠᠨᠳᠣᠭᠤᠯᠬᠤ ᠪᠠ ᠠᠵᠣ ᠦᠢᠯᠡᠰ ᠢ ᠬᠦᠭᠵᠢᠬᠦᠯᠬᠦ᠂ ᠦᠵᠡᠰᠬᠦᠯᠡᠩᠲᠣ ᠰᠠᠶᠢᠬᠠᠨ | ᠬᠦᠳᠡᠭᠡ ᠳᠣᠰᠬᠤᠨ ᠤ ᠪᠠᠶᠢᠭᠤᠯᠣᠯᠲᠠ ᠲᠠᠢ ᠣᠶᠠᠯᠳᠣᠭᠤᠯᠤᠨ ᠣᠷᠣᠨ ᠨᠣᠳᠤᠭ ᠤᠨ ᠣᠨᠴᠠᠯᠢᠭᠲᠣ ᠬᠦᠳᠡᠭᠡ | ᠳᠣᠰᠬᠤᠨ ᠤ ᠵᠢᠭᠤᠯᠴᠢᠯᠠᠯ ᠤᠨ ᠭᠠᠵᠠᠷ ᠢ ᠪᠠᠶᠢᠭᠤᠯᠵᠦ ᠰᠢᠯᠢᠳᠡᠭ ᠮᠠᠯ ᠳᠠᠷᠢᠶᠠᠯᠠᠩ ᠤᠨ ᠪᠦᠲᠦᠭᠡᠭᠳᠡᠬᠦᠨ ᠢ | ᠦᠢᠯᠡᠳᠬᠦ ᠳᠤ ᠳᠦᠰᠢᠭᠯᠡᠨ ᠳᠣᠰ ᠭᠠᠵᠠᠷ ᠤᠨ ᠢᠶᠠᠨ ᠮᠠᠯ ᠳᠠᠷᠢᠶᠠᠯᠠᠩ ᠤᠨ ᠪᠦᠲᠦᠭᠡᠭᠳᠡᠬᠦᠨ ᠤ ᠨᠡᠷᠡᠲᠣ ᠳᠡᠮᠳᠡᠭ ᠢ | ᠡᠬᠦᠳᠴᠦ ᠰᠦᠯᠵᠢᠶᠡᠨ ᠲᠠᠬᠢ ᠪᠣᠷᠣᠯᠠᠭᠤᠯᠭ᠎ᠠ ᠣᠬᠠᠭᠤᠯᠭ᠎ᠠ ᠶᠢᠨ ᠵᠠᠮ ᠢ ᠪᠠᠶᠢᠭᠤᠯᠵᠦ ᠨᠢᠬᠡᠳᠦᠬᠡᠷ᠂ ᠬᠤᠶᠠᠳᠣᠭᠠᠷ᠂ | ᠭᠤᠷᠪᠠᠳᠣᠭᠠᠷ ᠠᠵᠣ ᠦᠢᠯᠡᠰ ᠤᠨ ᠣᠶᠠᠯᠳᠣᠨ ᠬᠦᠭᠵᠢᠬᠦ ᠶᠢ ᠠᠬᠢᠭᠤᠯᠤᠨ ᠮᠠᠯᠴᠢᠨ ᠳᠠᠷᠢᠶᠠᠴᠢᠨ ᠤ ᠣᠷᠣᠯᠭ᠎ᠠ ᠶᠢ | ᠨᠡᠮᠡᠭᠳᠡᠬᠦᠯᠬᠦ ᠬᠡᠷᠡᠭᠲᠡᠢ ᠬᠡᠪᠡ᠃ | | | | | | | ᠶᠠᠩᠯᠢᠩ ᠳᠠᠷᠢᠶᠠᠯᠠᠩ ᠤᠨ ᠦᠢᠯᠡᠰ ᠤᠨ ᠳᠡᠭᠡᠲᠦ ᠰᠢᠨ᠎ᠡ ᠮᠡᠷᠭᠡᠵᠢᠯ ᠤᠨ ᠳᠠᠭᠤᠷᠢᠶᠠᠯ ᠦᠵᠡᠬᠦᠯᠬᠦ ᠳᠣᠭᠤᠷᠢᠭ | ᠲᠤ ᠡᠷᠳᠡᠨᠢᠪᠢᠯᠢᠭ ᠨᠠᠷ ᠣᠷᠢᠳ ᠬᠤᠵᠢᠳ ᠪᠠᠷᠠᠭᠤᠨ ᠬᠤᠶᠢᠳᠦ ᠶᠢᠨ ᠳᠠᠷᠢᠶᠠᠯᠠᠩ ᠣᠢ ᠰᠢᠭᠤᠢ ᠲᠧᠭᠨᠢᠭ ᠮᠡᠷᠭᠡᠵᠢᠯ | ᠤᠨ ᠶᠡᠭᠡ ᠰᠣᠷᠭᠠᠭᠤᠯᠢ ᠶᠢᠨ ᠰᠢᠨᠵᠢᠯᠡᠬᠦ ᠣᠬᠠᠭᠠᠨ ᠤ ᠰᠣᠳᠣᠯᠣᠯ ᠤᠨ ᠬᠦᠯᠡᠮᠵᠢ᠂ ᠶᠠᠩᠯᠢᠩ ᠤᠨ ᠳᠣᠰᠬᠠᠢ | ᠮᠡᠷᠭᠡᠵᠢᠯ ᠤᠨ ᠳᠠᠷᠢᠶᠠᠴᠢᠳ ᠤᠨ ᠦᠢᠯᠡᠰ ᠪᠣᠰᠬᠠᠵᠦ ᠰᠢᠨ᠎ᠡ ᠶᠢ ᠡᠬᠦᠳᠬᠦ ᠬᠦᠷᠢᠶᠡᠯᠡᠩ ᠪᠠ ᠶᠠᠩᠯᠢᠩ ᠤᠨ | ᠣᠳᠣᠬᠢᠴᠢᠯᠠᠭᠰᠠᠨ ᠳᠠᠷᠢᠶᠠᠯᠠᠩ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ ᠳᠠᠭᠤᠷᠢᠶᠠᠯ ᠦᠵᠡᠬᠦᠯᠬᠦ ᠬᠦᠷᠢᠶᠡᠯᠡᠩ | ᠢᠶᠠᠷ ᠬᠦᠷᠴᠤ ᠳᠠᠷᠢᠵᠦ ᠪᠣᠶᠢᠵᠢᠭᠤᠯᠬᠤ ᠮᠡᠷᠭᠡᠵᠢᠯ᠂ ᠣᠳᠣᠬᠢᠴᠢᠯᠠᠭᠰᠠᠨ ᠬᠦᠯᠡᠮᠵᠢ ᠶᠢ ᠪᠠᠶᠢᠭᠤᠯᠬᠤ᠂ ᠳᠠᠷᠢᠶᠠᠨ | ᠭᠠᠵᠠᠷ ᠤᠨ ᠬᠠᠮᠢᠶᠠᠷᠣᠯᠳᠠ᠂ ᠪᠣᠷᠣᠯᠠᠭᠤᠯᠭ᠎ᠠ ᠶᠢᠨ ᠠᠷᠭ᠎ᠠ ᠮᠠᠶ᠋ᠢᠭ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ | ᠳᠣᠬᠠᠢ ᠣᠶᠢᠯᠠᠭᠠᠭᠰᠠᠨ ᠪᠠᠶᠢᠨ᠎ᠠ᠃ ᠡᠷᠳᠡᠨᠢᠪᠢᠯᠢᠭ ᠵᠢᠭᠠᠵᠦ ᠭᠠᠷᠭᠠᠬᠤ ᠳᠠᠭᠠᠨ᠂ ᠮᠠᠨ ᠤ ᠬᠤᠰᠢᠭᠤᠨ ᠤ ᠳᠠᠷᠢᠶᠠᠯᠠᠩ | ᠤᠨ ᠰᠠᠭᠤᠷᠢ ᠰᠠᠶᠢᠨ᠂ ᠬᠡᠪᠡᠴᠦ ᠣᠳᠣᠬᠠᠨ ᠳᠤ ᠣᠯᠠᠩᠬᠢ ᠭᠠᠵᠠᠷ ᠣᠯᠠᠮᠵᠢᠯᠠᠯᠲᠣ ᠳᠠᠷᠢᠶᠠᠯᠠᠩ ᠤᠨ ᠮᠠᠶ᠋ᠢᠭ ᠢᠶᠠᠨ | ᠬᠠᠳᠠᠭᠠᠯᠠᠭᠰᠠᠭᠠᠷ ᠪᠠᠶᠢᠨ᠎ᠠ᠃ ᠣᠷᠴᠢᠮ ᠤᠨ ᠵᠢᠯ ᠳᠤ ᠰᠢᠷᠬᠤᠰᠣᠨ ᠪᠠᠯᠭᠠᠰᠣᠨ ᠤ ᠸᠠᠩ ᠶᠣᠣ ᠸᠠᠨ ᠲᠤᠰᠬᠤᠨ ᠤ | ᠣᠶᠢᠷ᠎ᠠ ᠬᠠᠪᠢ ᠶᠢᠨ ᠣᠳᠣᠬᠢᠴᠢᠯᠠᠭᠰᠠᠨ ᠳᠠᠷᠢᠶᠠᠯᠠᠩ ᠤᠨ ᠬᠦᠭᠵᠢᠯᠳᠡ ᠠᠯᠭᠤᠷ ᠠᠭᠠᠵᠢᠮ ᠢᠶᠠᠷ ᠵᠠᠮ ᠳᠠᠭᠠᠨ | ᠣᠷᠣᠵᠦ ᠮᠠᠨ ᠤ ᠬᠤᠰᠢᠭᠤᠨ ᠤ ᠣᠳᠣᠬᠢᠴᠢᠯᠠᠭᠰᠠᠨ ᠳᠠᠷᠢᠶᠠᠯᠠᠩ ᠤᠨ ᠬᠦᠭᠵᠢᠯᠳᠡ ᠳᠤ ᠳᠠᠭᠤᠷᠢᠶᠠᠯ ᠪᠣᠯᠣᠭᠰᠠᠨ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯ᠎ᠡ ᠰᠣᠮᠣ ᠪᠠᠯᠭᠠᠰᠣ ᠳᠡᠷᠢᠬᠦᠨ ᠤ ᠭᠠᠵᠠᠷ ᠣᠷᠣᠨ ᠲᠠᠢ ᠬᠠᠷᠢᠯᠴᠠᠭ᠎ᠠ | ᠶᠠᠪᠣᠯᠴᠠᠭ᠎ᠠ ᠪᠠᠨ ᠰᠠᠶᠢᠵᠢᠷᠠᠭᠤᠯᠵᠦ ᠳᠠᠷᠢᠶᠠᠯᠠᠩ ᠤᠨ ᠮᠡᠷᠭᠡᠵᠢᠯᠳᠡᠨ ᠤ ᠪᠣᠯᠪᠠᠰᠣᠷᠠᠯ ᠢ ᠴᠢᠩᠭᠠᠳᠬᠠᠨ ᠣᠷᠣᠨ | ᠨᠤᠳᠤᠭ ᠲᠠᠭᠠᠨ ᠳᠣᠬᠢᠷᠠᠭᠤᠯᠣᠨ ᠣᠳᠣᠬᠢᠴᠢᠯᠠᠭᠰᠠᠨ ᠳᠠᠷᠢᠶᠠᠯᠠᠩ ᠢ ᠬᠦᠭᠵᠢᠬᠦᠯᠵᠦ ᠠᠵᠣ ᠠᠬᠤᠢ ᠶᠢᠨ ᠳᠠᠷᠢᠮᠠᠯ | ᠳᠠᠷᠢᠬᠤ ᠪᠠᠷ ᠳᠠᠮᠵᠢᠨ ᠬᠡᠮᠵᠢᠶ᠎ᠠ ᠬᠢᠵᠠᠭᠠᠷ ᠲᠠᠢ ᠭᠠᠵᠠᠷ ᠣᠰᠣ ᠠᠴᠠ ᠪᠠᠨ ᠨᠡᠩ ᠶᠡᠭᠡ ᠦᠷ᠎ᠡ ᠠᠰᠢᠭ ᠣᠯᠬᠤ ᠶᠢ | ᠳᠠᠶᠢᠴᠢᠯᠠᠨ ᠳᠠᠭᠠᠭᠤᠯᠬᠤ ᠬᠡᠷᠡᠭᠲᠡᠢ᠃ ᠣᠳᠣᠬᠢᠴᠢᠯᠠᠭᠰᠠᠨ ᠳᠠᠷᠢᠶᠠᠯᠠᠩ ᠢ ᠬᠦᠭᠵᠢᠬᠦᠯᠬᠦ ᠶᠠᠪᠣᠴᠠ ᠳᠤ ᠳᠠᠷᠢᠬᠤ | ᠪᠣᠯᠣᠨ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠳᠣᠷ ᠬᠢᠵᠦ ᠵᠠᠬᠢᠶᠠᠯᠠᠭ᠎ᠠ ᠪᠠ ᠪᠣᠷᠣᠯᠠᠭᠤᠯᠭ᠎ᠠ ᠶᠢ ᠣᠶᠠᠯᠳᠣᠭᠤᠯᠤᠨ | ᠬᠤᠷᠰᠢᠶᠠᠵᠢᠯ ᠤᠨ ᠮᠠᠶ᠋ᠢᠭ ᠢᠶᠠᠷ ᠣᠷᠣᠯᠭ᠎ᠠ ᠶᠢ ᠨᠡᠮᠡᠭᠳᠡᠬᠦᠯᠵᠦ ᠣᠶᠢᠷ᠎ᠠ ᠬᠠᠪᠢ ᠶᠢᠨ ᠳᠣᠰᠬᠤᠨ ᠤ ᠬᠠᠮᠲᠣ ᠶᠢᠨ | ᠬᠦᠭᠵᠢᠯᠳᠡ ᠶᠢ ᠳᠠᠶᠢᠴᠢᠯᠠᠬᠤ ᠬᠡᠷᠡᠭᠲᠡᠢ ᠬᠡᠪᠡ᠃ | | | | | | | ᠯᠥᠸᠧᠴᠣᠸᠠᠨ ᠤ ᠠᠯᠮᠣᠷᠠᠳ ᠢ ︽ᠳᠣᠮᠳᠠᠳᠣ ᠣᠯᠣᠰ ᠤᠨ ᠳᠡᠯᠡᠬᠡᠢ ᠶᠢᠨ ᠨᠢᠬᠡᠳᠦᠬᠡᠷ ᠨᠡᠷᠡᠲᠦ ᠳᠡᠮᠳᠡᠭ︾ | ᠭᠡᠳᠡᠭ᠃ ᠯᠥᠸᠧᠴᠣᠸᠠᠨ ᠰᠢᠶᠠᠨ ᠳᠤ ᠡᠷᠳᠡᠨᠢᠪᠢᠯᠢᠭ ᠨᠠᠷ ᠣᠷᠢᠳ ᠬᠤᠵᠢᠳ ᠮᠧᠢ ᠢᠦᠢ ᠭᠤᠣ ᠵᠢᠮᠢᠰ ᠳᠡᠬᠦᠬᠦ | ᠬᠦᠷᠢᠶᠡᠯᠡᠩ᠂ ᠮᠧᠢ ᠢᠦᠢ ᠭᠤᠣ ᠠᠯᠮᠣᠷᠠᠳ ᠪᠤᠯᠪᠠᠰᠣᠷᠠᠭᠤᠯᠬᠤ ᠦᠢᠯᠡᠳᠪᠦᠷᠢ᠂ ᠯᠥᠸᠧᠴᠣᠸᠠᠨ ᠤ ᠯᠢᠦᠢ ᠵᠢᠶᠠ | ᠠᠮᠢ ᠠᠬᠤᠢ ᠶᠢᠨ ᠳᠠᠷᠢᠶᠠᠯᠠᠩ ᠤᠨ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠵᠢᠴᠢ ᠳᠣᠮᠳᠠᠳᠣ ᠣᠯᠣᠰ ᠤᠨ | ᠠᠯᠮᠣᠷᠠᠳ ᠤᠨ ᠨᠢᠬᠡᠳᠦᠬᠡᠷ ᠳᠣᠰᠬᠤᠨ ᠠ ᠰᠧ ᠳᠣᠰᠬᠤᠨ ᠳᠤ ᠬᠦᠷᠴᠦ ᠳᠡᠨᠳᠡᠬᠢ ᠶᠢᠨ ᠬᠦᠭᠵᠢᠯᠳᠡ ᠶᠢᠨ ᠳᠡᠣᠬᠡ᠂ | ᠮᠡᠷᠭᠡᠵᠢᠯᠳᠡᠨ ᠳᠤ ᠳᠦᠰᠢᠭᠯᠡᠬᠦ᠂ ᠮᠡᠷᠭᠡᠵᠢᠯ ᠢᠶᠠᠷ ᠳᠣᠰᠠᠯᠠᠬᠤ᠂ ᠵᠠᠬ᠎ᠠ ᠳᠡᠯᠬᠡᠬᠦᠷ ᠢ ᠦᠷᠭᠡᠳᠬᠡᠬᠦ᠂ ᠳᠠᠷᠢᠶᠠᠯᠠᠩ ᠤᠨ | ᠡᠳ᠋ ᠪᠠᠷᠠᠭ᠎ᠠ ᠶᠢᠨ ᠦᠢᠯᠡᠴᠢᠯᠡᠭᠡ᠂ ᠪᠣᠯᠪᠠᠰᠣᠷᠠᠭᠤᠯᠵᠦ ᠪᠣᠭᠤᠳᠠᠯᠯᠠᠬᠤ᠂ ᠬᠦᠢᠳᠡᠨ ᠬᠡᠯᠬᠢᠶ᠎ᠡ ᠪᠠᠷ ᠵᠦᠬᠡᠬᠡᠪᠦᠷᠢᠯᠡᠬᠦ᠂ | ᠨᠠᠮ ᠤᠨ ᠪᠠᠶᠢᠭᠤᠯᠣᠯᠲᠠ ᠶᠢᠨ ᠳᠠᠯ᠎ᠠ ᠪᠠᠷ ᠬᠦᠲᠦᠯᠦᠨ ᠳᠠᠭᠠᠭᠤᠯᠬᠤ᠂ ᠶᠠᠳᠠᠭᠤ ᠠᠴᠠ ᠠᠩᠬᠢᠵᠢᠷᠠᠭᠤᠯᠬᠤ ᠵᠡᠷᠭᠡ ᠶᠢ | ᠣᠶᠢᠯᠠᠭᠠᠵᠦ ᠵᠢᠭᠠᠵᠦ ᠭᠠᠷᠭᠠᠬᠤ ᠳᠠᠭᠠᠨ᠂ ᠯᠥᠸᠧᠴᠣᠸᠠᠨ ᠤ ᠠᠯᠮᠣᠷᠠᠳ ᠤᠨ ᠦᠢᠯᠡᠰ ᠤᠨ ᠠᠮᠵᠢᠯᠳᠠ ᠣᠯᠣᠭᠰᠠᠨ | ᠠᠷᠪᠢᠨ ᠳᠣᠷᠰᠢᠯᠭ᠎ᠠ ᠠᠷᠭ᠎ᠠ ᠪᠠᠷᠢᠯ ᠢ ᠰᠣᠷᠣᠯᠴᠠᠭᠤᠰᠢᠳᠠᠢ ᠶᠣᠮ᠃ ᠮᠠᠨ ᠤ ᠬᠤᠰᠢᠭᠤ ᠦᠩᠬᠡᠷᠡᠭᠰᠡᠨ ᠳᠤ | ᠠᠯᠮᠣᠷᠠᠳ ᠳᠠᠷᠢᠭᠰᠠᠨ ᠳᠡᠣᠬᠡ ᠲᠠᠢ ᠴᠣ᠋ ᠳᠠᠷᠢᠭᠰᠠᠨ ᠬᠡᠪᠴᠢᠶ᠎ᠡ ᠨᠢ ᠪᠠᠭ᠎ᠠ᠂ ᠪᠣᠷᠣᠯᠠᠭᠤᠯᠭ᠎ᠠ ᠶᠢᠨ ᠵᠠᠮ ᠢ ᠨᠡᠭᠡᠭᠡᠭᠰᠡᠨ | ᠦᠬᠡᠢ ᠠᠴᠠ ᠦᠷᠬᠦᠯᠵᠢᠯᠡᠨ ᠬᠦᠭᠵᠢᠬᠦ ᠳᠡᠶᠢᠯᠦᠭᠰᠡᠨ ᠦᠬᠡᠢ᠃ ᠡᠨᠡ ᠣᠳᠠᠭᠠᠨ ᠤ ᠰᠣᠷᠣᠯᠴᠠᠯᠭ᠎ᠠ ᠪᠠᠷ ᠳᠠᠮᠵᠢᠨ | ᠮᠠᠨ ᠤ ᠬᠤᠰᠢᠭᠤᠨ ᠤ ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠠᠵᠣ ᠦᠢᠯᠡᠰ ᠤᠨ ᠲᠦᠯᠦᠪᠵᠢᠬᠦᠯᠬᠡ | ᠳᠤ ᠰᠢᠨ᠎ᠡ ᠰᠡᠳᠬᠢᠮᠵᠢ ᠣᠯᠭᠤᠭᠰᠠᠨ ᠪᠠᠶᠢᠨ᠎ᠠ᠃ ᠡᠯ᠎ᠡ ᠰᠣᠮᠣ ᠪᠠᠯᠭᠠᠰᠣ ᠳᠡᠷᠢᠬᠦᠨ ᠤ ᠳᠣᠷᠰᠢᠯᠭ᠎ᠠ ᠶᠢ ᠰᠣᠷᠣᠯᠴᠠᠵᠦ | ᠬᠦᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ᠳᠤ ᠬᠦᠴᠦᠨ ᠢᠶᠠᠨ ᠡᠷᠬᠦᠨ ᠮᠠᠯᠴᠢᠨ ᠳᠠᠷᠢᠶᠠᠴᠢᠨ ᠤ | ᠣᠷᠣᠯᠭ᠎ᠠ ᠶᠢ ᠨᠡᠮᠡᠭᠳᠡᠬᠦᠯᠬᠦ ᠬᠡᠷᠡᠭᠲᠡᠢ ᠬᠡᠪᠡ᠃ | | |