2 ᠰᠠᠷ᠎ᠠ ᠶᠢᠨ 16 ᠤ ᠡᠳᠦᠷ ᠭᠡᠪᠯᠡᠭᠳᠡᠬᠦ 4 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠳᠡᠭᠡᠷ᠎ᠠ | ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠨ ︽ᠨᠠᠮ ᠤᠨ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠶ᠎ᠠ︾ ᠭᠡᠬᠦ ᠴᠢᠬᠤᠯᠠ ᠵᠤᠬᠢᠶᠠᠯ ᠢ ᠨᠡᠶᠢᠳᠡᠯᠡᠪᠡ᠃ | | ᠵᠤᠬᠢᠶᠠᠯ ᠳᠤ᠂ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠨᠢ ᠰᠠᠭᠤᠷᠢ ᠴᠢᠨᠠᠷᠳᠠᠢ᠂ | ᠪᠠᠳᠤᠯᠠᠭ᠎ᠠ ᠶᠢᠨ ᠴᠢᠨᠠᠷᠳᠠᠢ ᠦᠢᠯᠡᠳᠦᠯ ᠲᠠᠢ ᠶᠤᠮ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ | ᠶᠡᠭᠡ ᠦᠢᠯᠡᠰ᠂ ᠠᠭᠤᠤ ᠶᠡᠭᠡ ᠬᠦᠰᠡᠯ ᠵᠡᠬᠦᠳᠤ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠥ᠂ ᠨᠡᠶᠢᠬᠡᠮ | ᠵᠢᠷᠤᠮ ᠤᠨ ᠤᠳᠤᠬᠢᠴᠢᠯᠠᠭᠰᠠᠠ ᠤᠯᠤᠰ ᠢ ᠪᠦᠬᠦ ᠲᠡᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ᠂ | ᠨᠠᠮ ᠤᠨ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ ᠲᠦᠪᠯᠡᠷᠡᠩᠬᠦᠢ ᠨᠢᠬᠡᠳᠤᠯᠳᠡᠢ | ᠤᠳᠤᠷᠢᠳᠤᠯᠭ᠎ᠠ ᠶᠢ ᠴᠢᠩᠭᠠᠳᠬᠠᠵᠥ᠂ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ | ᠤᠶᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠠᠷ ᠵᠢᠯᠤᠭᠤᠳᠤᠯᠭ᠎ᠠ ᠪᠤᠯᠭᠠᠬᠤ ᠶᠢ | ᠪᠠᠷᠢᠮᠳᠠᠯᠠᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠢᠶᠠᠷ ᠭᠤᠶᠢᠪᠢᠰᠢ ᠦᠭᠡᠢ | ᠵᠠᠮᠨᠠᠬᠤ ᠶᠢ ᠪᠠᠷᠢᠮᠳᠠᠯᠠᠵᠥ᠂ ᠬᠠᠤᠯᠢ ᠪᠠᠷ ᠵᠠᠰᠠᠬᠤ ᠠᠵᠢᠯ ᠤᠨ ᠦᠨᠳᠦᠰᠦ ᠰᠠᠭᠤᠷᠢ ᠶᠢ ᠪᠠᠬᠢᠵᠢᠬᠦᠯᠬᠦ᠂ ᠵᠢᠱᠢᠯᠳᠡ ᠶᠢ | ᠲᠤᠭᠳᠠᠭᠤᠨ ᠪᠠᠶᠢᠯᠭᠠᠬᠤ᠂ ᠠᠯᠤᠰ ᠬᠡᠳᠤ ᠳᠤ ᠠᠰᠢᠬᠳᠠᠢ ᠪᠠᠶᠢᠬᠤ ᠪᠠᠳᠤᠯᠠᠭ᠎ᠠ ᠶᠢᠨ ᠦᠢᠯᠡᠳᠦᠯ ᠢ ᠤᠯᠠᠮ ᠰᠠᠶᠢᠳᠤᠷ | ᠪᠠᠳᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠵᠤᠬᠢᠶᠠᠯ ᠳᠤ᠂ ᠤᠳᠤᠬᠠᠨ ᠳᠤ ᠮᠠᠨ ᠤ ᠤᠯᠤᠰ ᠶᠠᠭ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ | ᠪᠡᠶᠡᠯᠡᠬᠦᠯᠬᠦ ᠲᠡᠤᠬᠡ ᠶᠢᠨ ᠰᠤᠯᠪᠢᠴᠠᠯ ᠤᠨ ᠬᠤᠭᠤᠴᠠᠭ᠎ᠠ ᠳᠤ ᠤᠷᠤᠰᠢᠵᠥ ᠪᠠᠶᠢᠨ᠎ᠠ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠳᠤ ᠤᠯᠠᠮ ᠢᠯᠡᠬᠦᠤ ᠬᠠᠤᠯᠢᠵᠢᠯ ᠳᠤ ᠲᠦᠰᠢᠭᠯᠡᠬᠦ | ᠴᠢᠬᠤᠯᠠᠳᠠᠢ᠂ ᠤᠯᠠᠮ ᠢᠯᠡᠬᠦᠤ ᠨᠠᠮ ᠤᠨ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ | ᠤᠳᠤᠷᠢᠳᠤᠯᠭ᠎ᠠ ᠶᠢ ᠴᠢᠩᠭᠠᠳᠬᠠᠬᠤ ᠴᠢᠬᠤᠯᠠᠳᠠᠢ᠃ ᠨᠠᠮ ᠤᠨ ᠲᠦᠪ ᠬᠤᠷᠢᠶ᠎ᠠ ᠲᠦᠪ ᠤᠨ ᠪᠦᠬᠦ ᠲᠡᠯ᠎ᠡ ᠪᠠᠷ | ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠪᠠᠶᠢᠭᠤᠯᠬᠤ ᠪᠠᠷ ᠲᠤᠭᠳᠠᠭᠰᠠᠠ ᠶᠠᠪᠤᠳᠠᠯ ᠪᠤᠯ ᠨᠠᠮ ᠤᠨ ᠠᠷᠪᠠ | ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠨᠠᠮ ᠤᠨ ᠪᠦᠬᠦ | ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ | ᠴᠢᠩᠭᠠᠳᠬᠠᠬᠤ ᠬᠡᠷᠡᠭᠴᠡᠭᠡ ᠠᠴᠠ ᠪᠤᠯᠤᠭᠰᠠᠠ ᠶᠤᠮ᠂ ᠬᠠᠤᠯᠢ ᠪᠠᠷ ᠤᠯᠤᠰ ᠢᠶᠠᠨ ᠵᠠᠰᠠᠬᠤ ᠴᠢᠬᠤᠯᠠ ᠶᠡᠭᠡ ᠶᠠᠪᠤᠳᠠᠯ | ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠬᠠᠤᠯᠢᠵᠢᠯ ᠤᠨ ᠰᠢᠰᠲ᠋ᠧᠮ ᠪᠤᠯᠤᠨ ᠨᠡᠶᠢᠬᠡᠮ ᠵᠢᠷᠤᠮ ᠤᠨ ᠬᠠᠤᠯᠢᠵᠢᠯ ᠤᠨ ᠤᠯᠤᠰ ᠤᠨ | ᠪᠠᠶᠢᠭᠤᠯᠤᠯᠳᠠ ᠶᠢ ᠵᠤᠬᠢᠴᠠᠭᠤᠯᠤᠨ ᠠᠬᠢᠭᠤᠯᠬᠤ ᠬᠡᠷᠡᠭᠴᠡᠭᠡ ᠠᠴᠠ ᠪᠤᠯᠤᠭᠰᠠᠠ ᠶᠤᠮ᠂ ︽ᠬᠤᠤᠰ ᠵᠠᠭᠤᠨ ᠵᠢᠯ︾ | ᠤᠨ ᠲᠡᠮᠡᠴᠡᠬᠦ ᠬᠠᠷᠠᠯᠳᠠ ᠶᠢ ᠪᠡᠶᠡᠯᠡᠬᠦᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠬᠠᠤᠯᠢᠵᠢᠯ ᠤᠨ ᠪᠠᠳᠤᠯᠠᠭ᠎ᠠ ᠬᠠᠩᠭᠠᠬᠤ | ᠬᠡᠷᠡᠭᠴᠡᠭᠡ ᠠᠴᠠ ᠪᠤᠯᠤᠭᠰᠠᠠ ᠶᠤᠮ᠃ ᠨᠠᠮ ᠠᠴᠠ ᠪᠦᠬᠦ ᠲᠡᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ | ᠤᠳᠤᠷᠢᠳᠬᠤ ᠲᠦᠷᠢᠮ ᠪᠤᠯᠤᠨ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠵᠥ᠂ ᠨᠠᠮ ᠤᠨ ᠤᠳᠤᠷᠢᠳᠤᠯᠭ᠎ᠠ ᠶᠢᠨ | ᠲᠦᠷᠢᠮᠵᠢᠯᠳᠡ᠂ ᠬᠠᠤᠯᠢᠵᠢᠯᠳᠡ ᠶᠢ ᠦᠷᠬᠦᠯᠵᠢᠯᠡᠨ ᠠᠬᠢᠭᠤᠯᠵᠥ᠂ ᠨᠠᠮ ᠤᠨ ᠤᠳᠤᠷᠢᠳᠤᠯᠭ᠎ᠠ ᠶᠢ ᠪᠦᠬᠦ ᠲᠡᠯ᠎ᠡ ᠪᠠᠷ | ᠬᠠᠤᠯᠢ ᠪᠠᠷ ᠤᠯᠤᠰ ᠢᠶᠠᠨ ᠵᠠᠰᠠᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠥ᠂ ᠴᠢᠨᠡᠭᠡᠯᠢᠭ ᠨᠡᠶᠢᠬᠡᠮ ᠢ | ᠪᠦᠬᠦ ᠲᠡᠯ᠎ᠡ ᠪᠠᠷ ᠪᠡᠶᠡᠯᠡᠬᠦᠯᠬᠦ᠂ ᠦᠭᠡᠷᠡᠴᠢᠯᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠬᠦ᠂ ᠪᠦᠬᠦ ᠲᠡᠯ᠎ᠡ ᠪᠠᠷ ᠨᠠᠮ ᠢ | ᠴᠢᠩᠭ᠎ᠠ ᠵᠠᠰᠠᠬᠤ ᠳᠤ ᠤᠷᠳᠤ ᠬᠤᠭᠤᠴᠠᠭᠠᠨ ᠤ ᠲᠤᠭᠳᠠᠭᠤᠨ ᠬᠠᠤᠯᠢᠵᠢᠯ ᠤᠨ ᠪᠠᠳᠤᠯᠠᠭ᠎ᠠ ᠬᠠᠩᠭᠠᠬᠤ ᠬᠡᠷᠡᠭᠳᠡᠢ ᠭᠡᠵᠦ | ᠵᠢᠭᠠᠵᠦ ᠭᠠᠷᠭᠠᠪᠠ᠃ | ᠵᠤᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠠᠯᠢ ᠤᠯᠠᠨ ᠴᠢᠬᠤᠯᠠ ᠶᠡᠭᠡ ᠰᠢᠢᠳᠪᠦᠷᠢᠲᠤ | ᠪᠤᠳᠤᠯᠭ᠎ᠠ ᠲᠤᠬᠳᠠᠭᠠᠵᠤ᠂ ᠠᠯᠢ ᠤᠯᠠᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ | ᠤᠶᠢᠯᠠᠭᠠᠬᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠴᠤ᠂ ᠪᠦᠬᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠵᠢᠯᠤᠭᠤᠳᠬᠤ ᠦᠵᠡᠯ ᠰᠠᠨᠠᠭ᠎ᠠ᠂ ᠬᠦᠭᠵᠢᠯᠳᠠ ᠶᠢᠨ ᠵᠠᠮ᠂ ᠠᠵᠢᠯ ᠤᠨ | ᠪᠠᠶᠢᠷᠢᠰᠢᠭᠤᠯᠤᠯᠳᠠ᠂ ᠭᠤᠤᠯᠳᠠᠯᠭ᠎ᠠ ᠲᠠᠢ ᠡᠬᠦᠷᠭᠡ ᠶᠢ ᠳᠤᠳᠤᠷᠬᠠᠶᠢᠯᠠᠪᠠ᠃ ᠨᠢᠭᠡ ᠳᠤ᠂ ᠨᠠᠮ ᠤᠨ ᠬᠠᠤᠯᠢ ᠪᠠᠷ | ᠤᠯᠤᠰ ᠢᠶᠠᠨ ᠵᠠᠰᠠᠬᠤ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠬᠤ ᠭᠡᠷᠡᠭᠲᠡᠢ︔ ᠬᠤᠶᠠᠷ ᠲᠤ᠂ ᠠᠷᠠᠳ | ᠲᠦᠮᠡᠨ ᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ ᠭᠡᠷᠡᠭᠲᠡᠢ︔ ᠭᠤᠷᠪᠠ ᠳᠤ᠂ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢ ᠪᠠᠷᠢᠮᠲᠠᠯᠠᠬᠤ ᠭᠡᠷᠡᠭᠲᠡᠢ︔ ᠲᠦᠷᠪᠡ ᠳᠤ᠂ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠬᠤ ᠶᠢ | ᠪᠠᠷᠢᠮᠲᠠᠯᠠᠬᠤ ᠭᠡᠷᠡᠭᠲᠡᠢ︔ ᠲᠠᠪᠤ ᠳᠤ᠂ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠦᠷᠦ ᠪᠠᠷᠢᠬᠤ᠂ | ᠬᠠᠤᠯᠢ ᠪᠠᠷ ᠵᠠᠰᠠᠬ ᠶᠠᠪᠤᠭᠤᠯᠬᠤ ᠶᠢ ᠵᠡᠷᠬᠡ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ | ᠬᠠᠤᠯᠢᠵᠢᠯ ᠤᠨ ᠵᠠᠰᠠᠬ ᠤᠨ ᠤᠷᠳᠤᠨ᠂ ᠬᠠᠤᠯᠢᠵᠢᠯ ᠤᠨ ᠨᠡᠶᠢᠭᠡᠮ ᠢ ᠨᠢᠭᠡ ᠴᠤᠬᠴᠠᠵᠢᠭᠤᠯᠤᠨ ᠪᠠᠶᠢᠭᠤᠯᠬᠤ ᠭᠡᠷᠡᠭᠲᠡᠢ︔ | ᠵᠢᠷᠭᠤᠭ᠎ᠠ ᠳᠤ᠂ ᠦᠨᠳᠦᠰᠤᠨ ᠬᠠᠤᠯᠢ ᠪᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠪᠠᠷ ᠲᠦᠷᠦ ᠪᠠᠷᠢᠬᠤ ᠶᠢ | ᠪᠠᠷᠢᠮᠲᠠᠯᠠᠬᠤ ᠭᠡᠷᠡᠭᠲᠡᠢ︔ ᠲᠤᠯᠤᠭ᠎ᠠ ᠳᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠤᠬᠲᠠᠭᠠᠬᠤ᠂ ᠬᠠᠤᠯᠢ ᠶᠢ ᠴᠢᠩᠭ᠎ᠠ | ᠬᠡᠷᠡᠭᠵᠢᠭᠦᠯᠬᠦ᠂ ᠲᠦᠪ ᠭᠤᠤᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠵᠢᠷᠤᠮᠯᠠᠬᠤ ᠶᠢ ᠪᠦᠬᠦ | ᠲᠠᠯ᠎ᠠ ᠪᠠᠷ ᠠᠬᠢᠭᠤᠯᠬᠤ ᠶᠢ ᠪᠠᠷᠢᠮᠲᠠᠯᠠᠬᠤ ᠭᠡᠷᠡᠭᠲᠡᠢ︔ ᠨᠠᠢᠮᠠ ᠳᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠬᠤᠪᠢᠰᠤᠩᠭᠤᠢ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠬᠦ ᠶᠢ ᠪᠠᠷᠢᠮᠲᠠᠯᠠᠬᠤ ᠭᠡᠷᠡᠭᠲᠡᠢ︔ ᠶᠢᠰᠦ ᠳᠤ᠂ | ᠮᠤᠷᠠᠯ ᠴᠢᠳᠠᠪᠤᠷᠢ ᠬᠤᠤᠰᠯᠠᠬᠰᠠᠨ ᠦᠨᠳᠦᠷ ᠬᠡᠪ ᠪᠤᠯᠪᠠᠰᠤᠷᠠᠯ ᠲᠠᠢ ᠬᠠᠤᠯᠢᠵᠢᠯ ᠤᠨ ᠠᠵᠢᠯ ᠤᠨ ᠡᠩᠨᠡᠭᠡ ᠶᠢ | ᠪᠠᠶᠢᠭᠤᠯᠬᠤ ᠶᠢ ᠪᠠᠷᠢᠮᠲᠠᠯᠠᠬᠤ ᠭᠡᠷᠡᠭᠲᠡᠢ︔ ᠠᠷᠪᠠ ᠳᠤ᠂ ᠤᠳᠤᠷᠢᠳᠬᠤ ᠺᠠᠳ᠋ᠷ ᠤᠨ ᠡᠨᠡ ᠬᠦ ︽ᠵᠠᠩᠬᠢᠯᠠᠭ᠎ᠠ ᠶᠢᠨ | ᠴᠦᠬᠡᠨ ᠲᠤᠭᠠᠲᠠᠨ︾ ᠢ ᠠᠳᠬᠤᠬᠤ ᠶᠢ ᠪᠠᠷᠢᠮᠲᠠᠯᠠᠬᠤ ᠭᠡᠷᠡᠭᠲᠡᠢ᠃ ᠡᠳᠡᠭᠡᠷ ᠰᠢᠨ᠎ᠡ ᠤᠶᠢᠯᠠᠭᠠᠬᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠪᠤᠯ ᠮᠠᠷᠺᠰ ᠤᠨ ᠦᠵᠡᠯ ᠤᠨ ᠬᠠᠤᠯᠢᠵᠢᠯ ᠤᠨ ᠦᠵᠡᠯ ᠰᠠᠨᠠᠭᠠᠨ ᠤ | ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠠ ᠪᠦᠳᠦᠭᠡᠯ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠶᠢᠨ ᠦᠨᠳᠦᠰᠦᠨ ᠵᠢᠷᠤᠮᠯᠠᠯ ᠮᠦᠨ᠂ ᠡᠷᠬᠡᠪᠰᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠲᠠᠰᠤᠷᠠᠯᠲᠠ | ᠦᠭᠡᠢ ᠪᠠᠶᠠᠯᠢᠬᠵᠢᠭᠤᠯᠤᠨ ᠬᠦᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | |