ᠬᠦᠬᠡᠨᠠᠭᠤᠷ ᠭᠠᠴᠠᠭ᠎ᠠ ︽ᠨᠠᠰᠣᠳᠠᠳ ᠢᠶᠠᠨ ᠬᠦᠨᠳᠣᠯᠡᠵᠣ ᠨᠠᠰᠣᠳᠠᠶᠢᠴᠣᠳ ᠢᠶᠠᠨ ᠬᠠᠪᠰᠣᠷᠴᠣ ᠨᠠᠰᠣᠳᠠᠶᠢᠴᠣᠳ ᠢᠶᠠᠨ ᠬᠠᠶᠢᠷᠠᠯᠠᠬᠤ︾ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠬᠡᠵᠢᠬᠦᠯᠬᠦ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2019-02-20
      ᠣᠶᠢᠷ᠎ᠠ ᠶᠢᠨ ᠡᠳᠣᠷ ᠭᠠᠯᠠᠭᠤᠳᠣ ᠪᠠᠯᠭᠠᠰᠣᠨ ᠤ ᠬᠦᠬᠡᠨᠠᠭᠤᠷ ᠭᠠᠴᠠᠭ᠎ᠠ ︽ᠨᠠᠰᠣᠳᠠᠳ ᠢᠶᠠᠨ ᠬᠦᠨᠳᠣᠯᠡᠵᠣ᠂ ᠨᠠᠰᠣᠳᠠᠶᠢᠴᠣᠳ ᠢᠶᠠᠨ ᠬᠠᠪᠰᠣᠷᠴᠣ᠂ ᠨᠠᠰᠣᠳᠠᠶᠢᠴᠣᠳ ᠢᠶᠠᠨ ᠬᠠᠶᠢᠷᠠᠯᠠᠬᠤ︾ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠬᠡᠵᠢᠬᠦᠯᠬᠦ ᠠᠵᠢᠯᠯᠠᠭ᠎ᠠ ᠦᠷᠨᠢᠬᠦᠯᠵᠦ᠂ ᠬᠤᠰᠢᠭᠤ ᠣᠶᠣᠨ ᠤ ᠪᠣᠯᠪᠠᠰᠣᠨ ᠤ ᠠᠯᠪᠠᠨ ᠭᠡᠷ ᠤᠨ ᠬᠠᠮᠢᠶ᠎ᠠ ᠪᠦᠬᠦᠢ ᠣᠳᠣᠷᠢᠳᠣᠯᠭ᠎ᠠ᠂ ᠲᠣᠰᠬᠤᠨ ᠳᠤ ᠰᠠᠭᠤᠭ᠎ᠠ ᠠᠵᠢᠯᠯᠠᠬᠤ ᠡᠩᠨᠡᠭᠡ᠂ ᠭᠠᠴᠠᠭᠠᠨ ᠤ ᠬᠠᠷᠢᠯᠴᠠᠬᠤ ᠣᠳᠣᠷᠢᠳᠣᠯᠭ᠎ᠠ᠂ ᠭᠠᠴᠠᠭᠠᠨ ᠤ 70 ᠨᠠᠰᠣᠨ ᠠᠴᠠ ᠲᠡᠭᠡᠭᠰᠢᠬᠢ ᠨᠠᠰᠣᠳᠡᠶᠢᠴᠣᠳ ᠣᠷᠣᠯᠴᠠᠪᠠ᠃
     ᠠᠵᠢᠯᠯᠠᠭ᠎ᠠ ᠲᠡᠭᠡᠷ᠎ᠡ ᠭᠠᠴᠠᠭᠠᠨ ᠠᠴᠠ 80 ᠨᠠᠰᠣᠨ ᠠᠴᠠ ᠲᠡᠭᠡᠭᠰᠢᠬᠢ ᠨᠠᠰᠣᠳᠡᠶᠢᠴᠣᠳ ᠲᠤ ᠪᠡᠯᠭᠡ ᠲᠡᠮᠪᠡᠷᠢᠯ ᠤᠨ ᠪᠠᠯᠡᠭ — ᠮᠣᠩᠭᠤᠯ ᠲᠡᠪᠡᠯ᠂ ᠭᠤᠳᠣᠯ᠂ ᠮᠠᠯᠠᠭᠠᠢ ᠬᠦᠷᠭᠡᠵᠦ᠂ 70 ᠨᠠᠰᠣᠨ ᠠᠴᠠ ᠲᠡᠭᠡᠭᠰᠢᠬᠢ ᠨᠠᠰᠣᠳᠡᠶᠢᠴᠣᠳ ᠲᠤ ᠮᠣᠩᠭᠤᠯ ᠲᠠᠪᠡᠯ ᠤᠨ ᠲᠤᠷᠭ᠎ᠠ ᠪᠡᠯᠡᠭᠯᠡᠭᠰᠡ ᠪᠦᠬᠡᠳ ᠪᠠᠶᠠᠷ ᠵᠢᠷᠭᠠᠯ ᠤᠨ ᠰᠠᠶᠢᠬᠠᠨ ᠮᠦᠴᠡ ᠶᠢ ᠬᠤᠪᠢᠶᠠᠯᠴᠠᠨ ᠳᠤᠷᠠᠰᠬᠠᠵᠤ ᠬᠠᠮᠲᠤ ᠶᠢᠨ ᠵᠢᠷᠤᠭ ᠰᠡᠬᠦᠳᠡᠷ ᠦᠯᠡᠳᠡᠭᠡᠪᠡ᠃ ᠭᠠᠴᠠᠭᠠᠨ ᠠᠴᠠ ᠪᠠᠰᠠ ᠱᠠᠭ᠎ᠠ ᠣᠷᠬᠢᠬᠤ᠂ ᠱᠠᠩᠨᠠᠯᠳᠣ ᠮᠡᠳᠡᠯᠬᠡ ᠶᠢᠨ ᠣᠷᠣᠯᠳᠣᠭᠠᠨ ᠬᠢᠬᠦ ᠶᠢᠨ ᠬᠠᠮᠲᠤ 19 ᠨᠡᠷ᠎ᠡ ᠨᠣᠳᠤᠭ ᠤᠨ ᠠᠬᠠᠮᠠᠳ ᠲᠣᠮᠣᠭᠠᠳᠠᠳ ᠲᠤ ︽ᠨᠣᠳᠤᠭ ᠤᠨ ᠵᠢᠳᠬᠦᠯᠳᠡᠨ︾ ᠤ ᠢᠷᠠᠭᠤ ᠠᠯᠳᠠᠷ ᠤᠨ ᠫᠠᠶᠢᠰᠠ ᠤᠯᠭᠤᠵᠤ᠂ ᠬᠤᠰᠢᠭᠤᠨ ᠤ ᠣᠶᠣᠨ ᠤ ᠪᠣᠯᠪᠠᠰᠣᠨ ᠤ ᠠᠯᠪᠠᠨ ᠭᠡᠷ ᠠᠴᠠ ᠨᠠᠰᠣᠳᠠᠶᠢᠴᠣᠳ ᠲᠤ ᠲᠣᠷᠠᠰᠬᠠᠯ ᠤᠨ ᠪᠠᠯᠡᠭ ᠭᠠᠷᠳᠠᠭᠤᠯᠪᠠ᠃
     ᠲᠣᠰ ᠣᠳᠠᠭᠠᠨ ᠤ ᠠᠵᠢᠯᠯᠠᠭ᠎ᠠ ᠨᠢ ᠲᠣᠮᠳᠠᠳᠣ ᠶᠢᠨ ᠦᠨᠳᠣᠰᠣᠳᠡᠨ ᠤ ᠨᠠᠰᠣᠳᠠᠨ ᠢᠶᠠᠨ ᠬᠦᠨᠳᠣᠯᠡᠨ ᠬᠠᠶᠢᠷᠠᠯᠠᠬᠤ ᠣᠯᠠᠮᠵᠢᠯᠠᠯᠳᠣ ᠶᠣᠰᠣ ᠰᠣᠷᠳᠠᠬᠤᠨ ᠢ ᠣᠯᠠᠮᠵᠢᠯᠠᠨ ᠪᠠᠳᠠᠷᠠᠭᠤᠯᠵᠣ ᠨᠠᠰᠣᠳᠠᠨ ᠢᠶᠠᠨ ᠬᠦᠨᠳᠣᠯᠡᠨ ᠬᠠᠶᠢᠷᠠᠯᠠᠬᠤ ᠰᠢᠯᠢᠳᠡᠭ ᠰᠠᠶᠢᠬᠠᠨ ᠨᠡᠶᠢᠬᠡᠮ ᠤᠨ ᠠᠬᠤᠢ ᠶᠢ ᠪᠣᠢ ᠪᠣᠯᠭᠠᠵᠣ ᠰᠢᠨ᠎ᠡ ᠴᠠᠭ ᠦᠶ᠎ᠡ ᠶᠢᠨ ᠪᠤᠯᠪᠠᠰᠤᠨ ᠢ ᠣᠶᠢᠯᠡᠳᠣᠯᠬᠡᠵᠢᠬᠦᠯᠤᠨ ᠬᠦᠬᠡᠨᠠᠭᠤᠷ ᠭᠠᠴᠠᠭᠠᠨ ᠤ ᠨᠠᠰᠣᠳᠠᠶᠢᠴᠣᠳ ᠲᠤ ᠬᠠᠶᠢᠷ᠎ᠠ ᠬᠠᠯᠠᠮᠵᠢ ᠬᠦᠷᠳᠡᠭᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号