ᠬᠤᠰᠢᠭᠤ ᠠᠷᠠᠳ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2019-02-20
ᠡᠯ᠎ᠡ ᠠᠵᠣ ᠠᠬᠤᠢ ᠶᠢᠨ ᠨᠡᠭᠡᠭᠡᠯᠲᠠ ᠶᠢᠨ ᠳᠣᠭᠤᠷᠢᠭ ︵ᠬᠦᠷᠢᠶᠠᠯᠠᠩ︶ ᠤᠨ ᠬᠠᠮᠢᠶᠠᠷᠣᠯᠳᠠ ᠶᠢᠨ ᠵᠦᠪᠯᠡᠯ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠪᠠᠶᠢᠭᠤᠯᠤᠮᠵᠢ ᠶᠢᠨ ᠦᠭᠡᠷᠡᠴᠢᠯᠡᠯᠲᠡ ᠪᠠ ᠠᠵᠢᠯᠲᠠᠨ ᠤ ᠶᠠᠪᠤᠳᠠᠯ ᠤᠨ ᠬᠤᠪᠢᠷᠠᠯᠲᠠ ᠠᠴᠠ ᠪᠤᠯᠵᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠠᠮᠵᠢᠨ ᠡᠳᠤᠭᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠤᠷᠠᠬᠢ ᠮᠡᠲᠤ ᠮᠡᠳᠡᠭᠳᠡᠶ᠎ᠡ᠄      ᠵᠣᠣ ᠹᠧᠢ ᠯᠤ᠋    ᠬᠤᠰᠢᠭᠤ ᠤᠷᠤᠯᠠᠭᠴᠢ ᠲᠠᠷᠤᠭ᠎ᠠ      ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠬᠦ ᠳᠠᠯ᠎ᠠ ᠶᠢᠨ ᠠᠵᠢᠯ ᠢ ᠬᠠᠷᠢᠭᠤᠴᠠᠵᠦ ᠬᠤᠰᠢᠭᠤ ᠬᠢᠨᠠᠨ ᠪᠤᠳᠤᠬᠤ ᠲᠤᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃      ᠵᠠᠩ ᡁᠢ ᠰᠢᠥ᠋ᠩ   ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠣᠨ ᠤ ᠬᠤᠰᠢᠭᠤ ᠳᠡᠳ᠋ ᠳᠠᠷᠤᠭ᠎ᠠ          ᠬᠤᠰᠢᠭᠤ ᠳᠠᠷᠤᠭ᠎ᠠ ᠶᠢ ᠬᠠᠪᠰᠣᠷᠣᠨ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠮᠥᠩᠬᠦᠨ ᠬᠦᠢᠯᠭᠡᠭᠡ᠂ ᠲᠤᠭ᠎ᠠ ᠪᠦᠷᠢᠳᠬᠡᠯ᠂ ᠠᠵᠤ ᠦᠢᠯᠡᠳᠪᠦᠷᠢ ᠶᠢᠨ ᠠᠵᠤ ᠠᠬᠤᠢ᠂ ᠠᠶᠤᠯᠬᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠭᠤᠯᠤᠯᠳᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠮᠢᠶᠠᠷᠬᠤ ᠨᠢ᠄  ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤ ᠡᠳ᠋ ᠤᠨ ᠵᠠᠰᠠᠭ ᠤᠨ ᠳᠣᠪᠴᠢᠶ᠎ᠠ᠂ ᠲᠤᠭ᠎ᠠ ᠪᠦᠷᠢᠳᠬᠡᠯ ᠤᠨ ᠳᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ᠂ ᠠᠵᠦ ᠦᠢᠯᠡᠳᠪᠤᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠂ ᠡᠨᠧᠷᠬᠢ ᠶᠢᠨ ᠲᠤᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ᠂ ᠮᠥᠩᠬᠦᠨ ᠬᠦᠢᠯᠭᠡᠭᠡᠨ ᠤ ᠠᠵᠢᠯ ᠤᠨ ᠠᠯᠪᠠᠨ ᠭᠡᠷ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠱᠠᠭᠠᠷᠳᠠᠨ ᠪᠠᠶᠢᠴᠠᠭᠠᠬᠤ ᠠᠯᠪᠠᠨ ᠭᠡᠷ᠂ ᠡᠯᠺᠲᠷᠤᠨ ᠵᠠᠰᠠᠭ ᠤᠨ ᠶᠠᠪᠤᠳᠠᠯ ᠤᠨ ᠲᠦᠪ᠂ ᠵᠠᠰᠠᠭ ᠵᠠᠬᠢᠷᠭᠠᠨ ᠤ ᠰᠤᠷᠭᠠᠭᠤᠯᠢ᠂ ᠣᠯᠣᠰ ᠤᠨ ᠥᠮᠴᠢᠯᠡᠯᠳᠣ ᠡᠳ᠋ ᠬᠦᠷᠦᠩᠬᠡ ᠶᠢᠨ ᠬᠠᠮᠢᠶᠠᠷᠣᠯᠳᠠ ᠶᠢᠨ ᠲᠤᠪᠴᠢᠶ᠎ᠠ᠂ ᠣᠯᠣᠰ ᠤᠨ ᠥᠮᠴᠢᠯᠡᠯᠳᠣ ᠡᠳ᠋ ᠬᠦᠷᠦᠩᠬᠡ ᠶᠢᠨ ᠬᠢᠨᠠᠨ ᠬᠠᠮᠢᠶᠠᠷᠣᠯᠳᠠ ᠶᠢᠨ ᠵᠦᠪᠯᠡᠯ᠂ ᠣᠯᠣᠰ ᠤᠨ ᠥᠮᠴᠢᠯᠡᠯᠳᠣ ᠡᠳ᠋ ᠬᠦᠷᠦᠩᠬᠡ ᠶᠢᠨ ᠬᠢᠨᠠᠨ ᠬᠠᠮᠢᠶᠠᠷᠣᠯᠳᠠ ᠶᠢᠨ ᠠᠯᠪᠠᠨ ᠭᠡᠷ᠂ ᠭᠠᠶᠢᠯᠢ ᠶᠢᠨ ᠪᠣᠰᠣ ᠣᠷᠣᠯᠭ᠎ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠵᠠᠰᠠᠭ ᠤᠨ ᠣᠷᠳᠣᠨ ᠤ ᠬᠤᠳᠠᠯᠳᠣᠨ ᠠᠪᠬᠤ ᠠᠵᠢᠯ ᠤᠨ ᠠᠯᠪᠠᠨ ᠭᠡᠷ᠂ ᠰᠣᠪᠣᠷᠭ᠎ᠠ ᠠᠵᠣ ᠠᠬᠤᠢ ᠶᠢᠨ ᠨᠡᠬᠡᠬᠡᠯᠲᠡ ᠶᠢᠨ ᠳᠣᠭᠤᠷᠢᠭ ᠤᠨ ᠬᠠᠮᠢᠶᠠᠷᠣᠯᠳᠠ ᠶᠢᠨ ᠵᠦᠪᠯᠡᠯ᠂ ᠨᠠᠷᠢᠠᠭᠤᠣᠯ ᠠᠵᠣ ᠣᠶᠢᠯᠡᠳᠪᠣᠷᠢ ᠶᠢᠨ ᠳᠣᠭᠤᠷᠢᠭ ᠤᠨ ᠬᠠᠮᠢᠶᠠᠷᠣᠯᠳᠠ ᠶᠢᠨ ᠵᠦᠪᠯᠡᠯ᠂ ᠣᠯᠣᠰ ᠤᠨ ᠦᠮᠴᠢᠯᠡᠯᠳᠣ ᠡᠳ᠋ ᠬᠦᠷᠦᠩᠬᠡ ᠶᠢᠨ ᠪᠡᠯᠡ ᠣᠷᠣᠭᠤᠯᠣᠯᠳᠠ ᠶᠢᠨ ᠡᠵᠡᠩᠨᠡᠯᠳᠡ ᠶᠢᠨ ᠬᠢᠵᠠᠭᠠᠷᠳᠣ ᠬᠠᠷᠢᠭᠤᠴᠠᠯᠭᠠᠳᠣ ᠺᠣᠮᠫᠠᠨᠢ᠂ ᠣᠰᠣᠨ ᠶᠠᠪᠣᠳᠠᠯ ᠤᠨ ᠺᠣᠮᠫᠠᠨᠢ᠂ ᠵᠢᠢ ᠲᠦᠩ ᠪᠠᠷᠠᠭᠠᠨ ᠬᠦᠢᠯᠭᠡᠭᠡᠨ ᠤ ᠬᠢᠵᠠᠭᠠᠷᠳᠣ ᠺᠤᠮᠫᠠᠨᠢ᠃ ᠬᠤᠰᠢᠭᠤ ᠳᠠᠷᠤᠭ᠎ᠠ ᠶᠢ ᠬᠠᠪᠰᠣᠷᠣᠨ ᠬᠤᠰᠢᠭᠤ ᠬᠢᠨᠠᠨ ᠪᠤᠳᠤᠬᠤ ᠲᠤᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃      ᠬᠠᠷᠢᠯᠴᠠᠬᠤ ᠨᠢ᠄ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠬᠡᠨ ᠤ ᠥᠥᠰᠢᠨ ᠬᠤᠰᠢᠭᠤᠨ ᠤ ᠬᠤᠷᠢᠶ᠎ᠠ᠂ ᠠᠷᠠᠳ ᠤᠨ ᠵᠡᠪᠰᠡᠭᠲᠤ ᠬᠦᠴᠦᠨ ᠤ ᠬᠡᠯᠳᠡᠰ᠂ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠨᠠᠮ ᠤᠨ ᠰᠤᠷᠭᠠᠭᠤᠯᠢ᠂ ᠠᠵᠢᠯᠴᠢᠨ ᠤ ᠶᠡᠷᠤᠩᠬᠡᠢ ᠡᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠲᠠᠮᠠᠬᠢ ᠲᠤᠰᠬᠠᠢ ᠬᠤᠳᠠᠯᠳᠤᠬᠤ ᠲᠤᠪᠴᠢᠶ᠎ᠠ᠂ ᠭᠠᠯ ᠤᠨᠳᠠᠷᠠᠭᠠᠬᠤ ᠶᠡᠭᠡ ᠠᠩᠬᠢ᠂ ᠣᠯᠣᠰ ᠲᠤ ᠪᠠᠨ ᠪᠤᠴᠠᠵᠤ ᠢᠷᠡᠭᠰᠡᠨ ᠲᠤᠮᠳᠠᠳᠤ ᠶᠢᠨ ᠬᠠᠷᠢᠶᠠᠲᠤ ᠨᠠᠷ ᠤᠨ ᠬᠤᠯᠪᠤᠭᠠᠲᠤ ᠬᠤᠷᠠᠯ᠂ ᠤᠯᠤᠰ ᠤᠨ ᠭᠠᠶᠢᠯᠢ ᠶᠢᠨ ᠶᠡᠷᠤᠩᠬᠡᠢ ᠲᠤᠪᠴᠢᠶᠠᠨ ᠤ ᠥᠥᠰᠢᠨ ᠬᠤᠰᠢᠭᠤᠨ ᠤ ᠭᠠᠶᠢᠯᠢ ᠶᠢᠨ ᠲᠤᠪᠴᠢᠶ᠎ᠠ᠂ ᠣᠶᠢᠯᠡᠳᠪᠣᠷᠢ ᠬᠤᠳᠠᠯᠳᠣᠭᠠᠨ ᠤ ᠬᠤᠯᠪᠤᠭ᠎ᠠ᠂ ᠳᠣᠮᠳᠠᠳᠣ ᠣᠯᠣᠰ ᠤᠨ ᠠᠷᠠᠳ ᠤᠨ ᠪᠠᠩᠬᠢ ᠶᠢᠨ ᠦᠤᠰᠢᠨ ᠬᠤᠰᠢᠭᠤᠨ ᠳᠠᠬᠢ ᠰᠠᠯᠪᠣᠷᠢ ᠪᠠᠩᠬᠢ᠂ ᠳᠠᠷᠢᠶᠠᠯᠠᠩ ᠤᠨ ᠬᠦᠭᠵᠢᠬᠦᠯᠥᠯᠳᠡ ᠶᠢᠨ ᠪᠠᠩᠬᠢ ᠶᠢᠨ ᠦᠣᠰᠢᠨ ᠬᠤᠰᠢᠭᠤᠨ ᠳᠠᠬᠢ ᠰᠠᠯᠪᠣᠷᠢ ᠪᠠᠩᠬᠢ᠂ ᠣᠶᠢᠯᠡᠳᠪᠣᠷᠢ ᠬᠤᠳᠠᠯᠳᠣᠭᠠᠨ ᠤ ᠪᠠᠩᠬᠢ ᠶᠢᠨ ᠦᠤᠰᠢᠨ ᠬᠤᠰᠢᠭᠤᠨ ᠳᠠᠬᠢ ᠰᠠᠯᠪᠣᠷᠢ ᠪᠠᠩᠬᠢ᠂ ᠳᠠᠷᠢᠶᠠᠯᠠᠩ ᠤᠨ ᠪᠠᠩᠬᠢ ᠶᠢᠨ ᠦᠣᠰᠢᠨ ᠬᠤᠰᠢᠭᠤᠨ ᠳᠠᠬᠢ ᠰᠠᠯᠪᠣᠷᠢ ᠪᠠᠩᠬᠢ᠂ ᠪᠦᠳᠦᠬᠡᠨ ᠪᠠᠶᠢᠭᠤᠯᠤᠯᠳᠠ ᠶᠢᠨ ᠪᠠᠩᠬᠢ ᠶᠢᠨ ᠦᠣᠰᠢᠨ ᠬᠤᠰᠢᠭᠤᠨ ᠳᠠᠬᠢ ᠰᠠᠯᠪᠣᠷᠢ ᠪᠠᠩᠬᠢ᠂ ᠳᠣᠮᠳᠠᠳᠣ ᠤᠯᠤᠰ ᠤᠨ ᠪᠠᠩᠬᠢ ᠶᠢᠨ ᠦᠣᠰᠢᠨ ᠬᠤᠰᠢᠭᠤᠨ ᠳᠠᠬᠢ ᠰᠠᠯᠪᠣᠷᠢ ᠪᠠᠩᠬᠢ᠂ ᠪᠤᠭᠤᠳᠤ ᠶᠢᠨ ᠬᠤᠳᠠᠯᠳᠣᠭᠠᠨ ᠤ ᠳᠣᠰᠬᠤᠨ ᠪᠠᠯᠭᠠᠰᠣᠨ ᠤ ᠪᠠᠩᠬᠢ᠂ ᠤᠷᠳᠣᠰ ᠪᠠᠩᠬᠢ ᠶᠢᠨ ᠦᠣᠰᠢᠨ ᠬᠤᠰᠢᠭᠤᠨ ᠳᠠᠬᠢ ᠰᠠᠯᠪᠣᠷᠢ ᠪᠠᠩᠬᠢ᠂ ᠤᠷᠳᠤᠰ ᠮᠦᠩᠬᠦᠨ ᠬᠦᠢᠯᠬᠡᠬᠡᠨ ᠤ ᠬᠢᠨᠠᠯᠳᠠ ᠶᠢᠨ ᠬᠤᠪᠢᠶᠠᠷᠢ ᠳᠣᠪᠴᠢᠶᠠᠨ ᠤ ᠦᠣᠰᠢᠨ ᠬᠤᠰᠢᠭᠤᠨ ᠳᠠᠬᠢ ᠬᠡᠷᠡᠭ ᠡᠷᠬᠢᠯᠡᠬᠦ ᠭᠠᠵᠠᠷ᠂ ᠳᠣᠮᠳᠠᠳᠣ ᠣᠯᠣᠰ ᠤᠨ ᠠᠮᠢ ᠨᠠᠰᠣᠨ ᠤ ᠳᠠᠭᠠᠳᠬᠠᠯ ᠤᠨ ᠬᠤᠪᠢ ᠣᠷᠣᠭᠤᠯᠣᠭᠰᠠᠨ ᠬᠢᠵᠠᠭᠠᠷᠳᠣ ᠺᠣᠮᠫᠠᠨᠢ ᠶᠢᠨ ᠦᠣᠰᠢᠨ ᠬᠤᠰᠢᠭᠤᠨ ᠳᠠᠬᠢ ᠰᠠᠯᠪᠣᠷᠢ ᠺᠣᠮᠫᠠᠨᠢ᠂ ᠳᠣᠮᠳᠠᠳᠣ ᠣᠯᠣᠰ ᠤᠨ ᠠᠷᠠᠳ ᠤᠨ ᠡᠳ᠋ ᠬᠦᠷᠦᠩᠬᠡ ᠶᠢᠨ ᠳᠠᠭᠠᠳᠬᠠᠯ ᠤᠨ ᠬᠤᠪᠢ ᠣᠷᠣᠭᠤᠯᠣᠭᠰᠠᠨ ᠬᠢᠵᠠᠭᠠᠷᠳᠣ ᠺᠣᠮᠫᠠᠨᠢ ᠶᠢᠨ ᠦᠣᠰᠢᠨ ᠬᠤᠰᠢᠭᠤᠨ ᠳᠠᠬᠢ ᠰᠠᠯᠪᠣᠷᠢ ᠺᠣᠮᠫᠠᠨᠢ᠂ ᠳᠣᠮᠳᠠᠳᠣ ᠤᠯᠤᠰ ᠤᠨ ᠬᠠᠮᠳᠣᠷᠠᠭᠰᠠᠨ ᠴᠢᠮᠡᠭᠡ ᠨᠡᠪᠳᠡᠷᠡᠯᠭᠡ ᠶᠢᠨ ᠬᠢᠵᠠᠭᠠᠷᠳᠣ ᠺᠤᠮᠫᠠᠨᠢ ᠶᠢᠨ ᠦᠣᠰᠢᠨ ᠬᠤᠰᠢᠭᠤᠨ ᠤ ᠬᠤᠪᠢᠶᠠᠷᠢ ᠺᠣᠮᠫᠠᠨᠢ᠂ ᠳᠣᠮᠳᠠᠳᠣ ᠤᠯᠤᠰ ᠤᠨ ᠰᠢᠯᠵᠢᠮᠡᠯ ᠲᠤᠤᠷ ᠰᠦᠯᠵᠢᠶ᠎ᠡ ᠴᠢᠮᠡᠭᠡ ᠨᠡᠪᠳᠡᠷᠡᠯᠭᠡ ᠶᠢᠨ ᠦᠪᠦᠷ ᠮᠤᠩᠭᠤᠯ ᠤᠨ ᠬᠢᠵᠠᠭᠠᠷᠳᠣ ᠺᠣᠮᠫᠠᠨᠢ ᠶᠢᠨ ᠦᠣᠰᠢᠨ ᠬᠤᠰᠢᠭᠤᠨ ᠳᠠᠬᠢ ᠬᠤᠪᠢᠶᠠᠷᠢ ᠺᠣᠮᠫᠠᠨᠢ᠂ ᠳᠣᠮᠳᠠᠳᠣ ᠤᠯᠤᠰ ᠤᠨ ᠴᠠᠭᠢᠯᠭᠠᠨ ᠬᠤᠯᠪᠤᠭ᠎ᠠ ᠶᠢᠨ ᠦᠣᠰᠢᠨ ᠬᠤᠰᠢᠭᠤᠨ ᠳᠠᠬᠢ ᠬᠤᠪᠢᠶᠠᠷᠢ ᠺᠣᠮᠫᠠᠨᠢ᠃      ᠭᠤᠤ ᠬᠤ᠋     ᠬᠤᠰᠢᠭᠤ ᠳᠡᠳ᠋ ᠳᠠᠷᠤᠭ᠎ᠠ᠂ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠶᠢᠨ ᠳᠣᠪᠴᠢᠶᠠᠨ ᠳᠠᠷᠤᠭ᠎ᠠ        ᠬᠤᠰᠢᠭᠤ ᠳᠠᠷᠤᠭ᠎ᠠ ᠶᠢ ᠬᠠᠪᠰᠣᠷᠤᠨ ᠳᠣᠳᠣᠭᠠᠳᠣ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ᠂ ᠬᠠᠤᠯᠢ ᠴᠠᠭᠠᠵᠠ ᠶᠢᠨ ᠳᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠤᠪᠴᠢᠶ᠎ᠠ᠃      ᠬᠠᠷᠢᠯᠴᠠᠬᠤ ᠨᠢ᠄ ᠬᠤᠰᠢᠭᠤ ᠠᠷᠠᠳ ᠤᠨ ᠰᠢᠬᠦᠬᠦ ᠬᠤᠷᠢᠶ᠎ᠠ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠂ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠶᠡᠭᠡ ᠠᠩᠬᠢ᠃      ᠵᠸᠣ ᠱᠤᠸᠠᠢ    ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠣᠷᠣᠨ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠲᠥᠯᠥᠪᠵᠢᠬᠦᠯᠬᠡ ᠂ ᠬᠤᠳᠠ ᠶᠢᠨ ᠪᠦᠳᠦᠬᠡᠨ ᠪᠠᠶᠢᠭᠤᠯᠣᠯᠳᠠ ︵ᠵᠢᠵᠢᠭ ᠬᠤᠳᠠ ᠪᠠᠯᠭᠠᠰᠣᠨ ᠤ ᠪᠦᠳᠦᠭᠡᠨ ᠪᠠᠶᠢᠭᠤᠯᠤᠯᠳᠠ ᠪᠠᠭᠳᠠᠨ᠎ᠠ︶ ᠂ ᠬᠤᠳᠠ ᠶᠢᠨ ᠬᠠᠣᠯᠢ ᠬᠡᠷᠡᠭᠵᠢᠬᠦᠯᠥᠯᠳᠠ᠂ ᠬᠡᠷ ᠪᠠᠶᠢᠰᠢᠩ ᠤᠨ ᠳᠠᠳᠠᠪᠤᠷᠢᠯᠠᠯᠲᠠ᠂ ᠰᠢᠤᠳᠠᠨ ᠶᠠᠪᠣᠳᠠᠯ ᠵᠡᠷᠬᠡ ᠳᠡᠯ᠎ᠡ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ᠂ ᠪᠠᠶᠢᠭᠠᠯᠢ  ᠶᠢᠨ ᠡᠬᠢ ᠪᠠᠶᠠᠯᠢᠭ ᠤᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠲᠥᠯᠥᠪᠵᠢᠬᠦᠯᠬᠡ ᠪᠦᠳᠦᠬᠡᠨ ᠪᠠᠶᠢᠭᠤᠯᠣᠯᠳᠠ ᠶᠢᠨ ᠳᠣᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠥᠯᠳᠠ ᠶᠢᠨ ᠳᠣᠪᠴᠢᠶ᠎ᠠ᠂ ᠬᠤᠳᠠ ᠬᠦᠳᠡᠭᠡ ᠶᠢᠨ ᠲᠥᠯᠥᠪᠵᠢᠬᠦᠯᠬᠡ ᠶᠢ ᠬᠢᠨᠠᠨ ᠰᠢᠯᠭᠠᠬᠤ ᠲᠦᠪ᠂ ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠠᠯᠪᠠᠨ ᠬᠡᠷ᠂ ᠪᠠᠳᠣᠯᠠᠭ᠎ᠠ ᠶᠢᠨ ᠴᠢᠨᠠᠷᠳᠠᠢ ᠤᠷᠤᠨ ᠰᠠᠭᠤᠴᠠ ᠪᠠ ᠭᠡᠷ ᠪᠠᠶᠢᠰᠢᠩ ᠠᠷᠠᠯᠵᠢᠶᠠᠯᠠᠬᠤ ᠬᠠᠮᠢᠶᠠᠷᠤᠯᠳᠠ ᠶᠢᠨ ᠲᠥᠪ᠂ ᠥᠯᠥ ᠬᠦᠳᠡᠯᠬᠦ ᠬᠦᠷᠦᠩᠭᠡ ᠶᠢᠨ ᠪᠦᠷᠢᠳᠬᠡᠯ ᠤᠨ ᠲᠦᠪ᠂ ᠭᠠᠵᠠᠷ ᠰᠢᠷᠤᠢ ᠶᠢ ᠬᠤᠳᠠᠯᠳᠤᠨ ᠠᠪᠬᠤ ᠬᠤᠷᠢᠶᠠᠨ ᠬᠠᠳᠠᠭᠠᠯᠠᠬᠤ ᠦᠨ᠎ᠡ ᠬᠠᠶᠠᠯᠴᠠᠨ ᠬᠤᠳᠠᠯᠳᠤᠬᠤ ᠲᠦᠪ᠂ ᠣᠯᠠᠨ ᠨᠡᠶᠢᠳᠡ ᠶᠢᠨ ᠠᠵᠢᠯ ᠣᠶᠢᠯᠡᠰ ᠤᠨ ᠬᠠᠮᠢᠶᠠᠷᠣᠯᠳᠠ ᠶᠢᠨ ᠳᠣᠪᠴᠢᠶ᠎ᠠ᠂ ᠴᠡᠴᠡᠷᠯᠢᠭᠵᠢᠬᠦᠯᠦᠯᠳᠡ ᠨᠣᠭᠤᠭᠠᠷᠠᠭᠤᠯᠣᠯᠳᠠ ᠶᠢᠨ ᠳᠣᠪᠴᠢᠶ᠎ᠠ᠂ ᠬᠡᠷ ᠪᠠᠶᠢᠰᠢᠩ ᠳᠠᠳᠠᠪᠣᠷᠢᠯᠠᠬᠤ ᠳᠣᠪᠴᠢᠶ᠎ᠠ᠂ ᠲᠡᠮᠤᠷ ᠵᠠᠮ ᠠᠷᠠᠳ ᠤᠨ ᠠᠭᠠᠷ ᠤᠨ ᠠᠶᠠᠯᠠᠯ ᠤᠨ ᠪᠠᠶᠢᠭᠤᠯᠤᠯᠲᠠ ᠶᠢᠨ ᠠᠯᠪᠠᠨ ᠭᠡᠷ᠂ ᠳᠡᠭᠡᠲᠤ ᠳᠡᠰ ᠤᠨ ᠵᠠᠰᠠᠮᠠᠯ ᠵᠠᠮ ᠤᠨ ᠪᠠᠶᠢᠭᠤᠯᠤᠯᠲᠠ ᠨᠡᠬᠡᠬᠡᠯᠲᠡ ᠶᠢᠨ ᠬᠢᠵᠠᠭᠠᠷᠲᠤ ᠺᠤᠮᠫᠠᠨᠢ᠂ ᠬᠤᠳᠠ ᠶᠢᠨ ᠪᠦᠳᠦᠬᠡᠨ ᠪᠠᠶᠢᠭᠤᠯᠣᠯᠳᠠ ᠶᠢᠨ ᠪᠠᠯᠠ ᠣᠷᠣᠭᠤᠯᠣᠯᠳᠠ ᠶᠢᠨ ᠬᠢᠵᠠᠭᠠᠷᠳᠣ ᠺᠣᠮᠫᠠᠨᠢ᠃      ᠬᠠᠷᠢᠯᠴᠠᠬᠤ ᠨᠢ᠄ ᠣᠷᠳᠣᠰ ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ ᠶᠢᠨ ᠥᠥᠰᠢᠨ ᠬᠤᠰᠢᠭᠤᠨ ᠤ ᠬᠤᠪᠢᠶᠠᠷᠢ ᠲᠤᠪᠴᠢᠶ᠎ᠠ᠂ IS014001 ᠰᠢᠰᠲ᠋ᠧᠮ ᠢ ᠠᠬᠢᠭᠤᠯᠬᠤ ᠠᠵᠢᠯ ᠤᠨ ᠠᠯᠪᠠᠨ ᠬᠡᠷ᠂ ᠣᠷᠳᠣᠰ ᠬᠤᠳᠠ ᠶᠢᠨ ᠥᠥᠰᠢᠨ ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠬᠤᠪᠢᠶᠠᠷᠢ ᠲᠤᠪᠴᠢᠶ᠎ᠠ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠷᠢᠯᠭ᠎ᠠ  ᠶᠢᠨ ᠲᠤᠭᠤᠷᠢᠭ᠂ ᠣᠷᠳᠣᠰ ᠬᠤᠳᠠ ᠶᠢᠨ ᠣᠷᠣᠨ ᠰᠠᠭᠤᠴᠠ ᠶᠢᠨ ᠨᠡᠶᠢᠳᠠ ᠶᠢᠨ ᠬᠤᠷᠠᠮᠳᠣᠭᠤᠯᠭ᠎ᠠ ᠶᠢᠨ ᠮᠦᠩᠬᠦ ᠶᠢᠨ ᠬᠠᠮᠢᠶᠠᠷᠣᠯᠳᠠ ᠶᠢᠨ ᠲᠦᠪ ᠤᠨ ᠦᠣᠰᠢᠨ ᠬᠤᠰᠢᠭᠤᠨ ᠳᠠᠬᠢ ᠬᠠᠮᠢᠶᠠᠷᠣᠯᠳᠠ ᠶᠢᠨ ᠭᠠᠵᠠᠷ᠂ ᠰᠢᠣᠳᠠᠨ ᠶᠠᠪᠣᠳᠠᠯ ᠤᠨ ᠳᠣᠪᠴᠢᠶ᠎ᠠ᠂ ᠳᠣᠮᠳᠠᠳᠣ ᠤᠯᠤᠰ ᠤᠨ ᠴᠢᠯᠠᠭᠤᠨ ᠳᠣᠰᠣᠨ ᠤ ᠣᠷᠳᠣᠰ ᠬᠤᠳᠠ ᠶᠢᠨ ᠪᠤᠷᠤᠯᠠᠭᠤᠯᠭ᠎ᠠ ᠶᠢᠨ ᠬᠤᠪᠢᠶᠠᠷᠢ ᠺᠣᠮᠫᠠᠨᠢ ᠶᠢᠨ ᠦᠦᠰᠢᠨ ᠬᠤᠰᠢᠭᠤᠨ ᠳᠠᠬᠢ ᠡᠵᠡᠩᠨᠡᠯᠳᠡ ᠶᠢᠨ ᠭᠠᠵᠠᠷ᠃      ᠪᠠᠶᠠᠨᠴᠡᠩᠬᠡᠯ     ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠣᠷᠣᠨ ᠠᠵᠤ ᠠᠬᠤᠢ ᠶᠢᠨ ᠬᠠᠮᠢᠶᠠᠷᠤᠯᠲᠠ᠂ ᠮᠠᠯ ᠳᠠᠷᠢᠶᠠᠯᠠᠩ ᠠᠵᠣ ᠠᠬᠤᠢ᠂ ᠦᠨᠳᠣᠰᠣᠳᠠᠨ ᠱᠠᠰᠢᠨ ᠰᠣᠷᠳᠠᠬᠤᠨ᠂ ᠠᠷᠠᠳ ᠤᠨ ᠶᠠᠪᠤᠳᠠᠯ᠂ ᠠᠮᠤ ᠪᠤᠳᠠᠭ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ ᠵᠡᠷᠭᠡ ᠳᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠳᠠᠷᠢᠶᠠᠯᠠᠩ ᠮᠠᠯ ᠠᠵᠣ ᠠᠬᠤᠢ ᠶᠢᠨ ᠳᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠳᠣᠪᠴᠢᠶ᠎ᠠ᠂ ᠣᠰᠣᠨ ᠠᠰᠢᠭᠯᠠᠯᠲᠠ ᠶᠢᠨ ᠳᠣᠪᠴᠢᠶ᠎ᠠ᠂ ᠦᠨᠳᠣᠰᠣᠳᠠᠨ ᠤ ᠬᠡᠷᠡᠭ ᠡᠷᠬᠢᠯᠡᠬᠦ ᠵᠦᠪᠯᠡᠯ᠂ ᠠᠷᠠᠳ ᠤᠨ ᠶᠠᠪᠤᠳᠠᠯ ᠤᠨ ᠳᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠣᠯᠠᠭ᠎ᠠ ᠶᠢᠨ ᠳᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ᠂ ᠨᠡᠶᠢᠬᠡᠮ ᠤᠨ ᠳᠠᠭᠠᠳᠬᠠᠯ ᠤᠨ ᠳᠣᠪᠴᠢᠶ᠎ᠠ᠂ ᠠᠵᠢᠯ ᠣᠯᠭᠤᠬᠤ ᠣᠶᠢᠯᠡᠴᠢᠯᠡᠬᠡᠨ ᠤ ᠳᠣᠪᠴᠢᠶ᠎ᠠ᠂ ᠤᠢ ᠰᠢᠭᠤᠢ ᠶᠢᠨ ᠳᠣᠳᠣᠭᠠᠳᠣ ᠶᠢ ᠬᠠᠮᠠᠭᠠᠯᠠᠬᠤ ᠳᠣᠪᠴᠢᠶ᠎ᠠ᠂ ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠠᠵᠢᠯ ᠤᠨ ᠲᠥᠪ᠂ ᠠᠮᠤ ᠪᠤᠳᠠᠭᠠᠨ ᠤ ᠬᠦᠢᠯᠭᠡᠭᠡᠨ ᠤ ᠦᠢᠯᠡᠴᠢᠯᠡᠭᠡᠨ ᠤ ᠲᠦᠪ᠂ ᠭᠠᠵᠠᠷ ᠬᠦᠳᠡᠯᠦᠯᠳᠡ ᠶᠢᠨ ᠳᠣᠪᠴᠢᠶ᠎ᠠ᠂ ᠳᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠳᠠ ᠶᠢᠨ ᠣᠶᠢᠯᠡᠴᠢᠯᠡᠬᠡᠨ ᠤ ᠲᠦᠪ᠂ ᠶᠠᠳᠠᠭᠤ ᠶᠢ ᠳᠡᠳᠬᠦᠬᠦ ᠨᠠᠬᠡᠬᠡᠯᠳᠠ ᠶᠢᠨ ᠶᠡᠷᠥᠭᠭᠡᠶᠢᠯᠡᠭᠰᠡᠨ ᠦᠢᠯᠡᠴᠢᠯᠡᠭᠡᠨ ᠤ ᠲᠦᠪ᠂ ᠳᠠᠷᠢᠶᠠᠯᠠᠩ ᠤᠨ ᠶᠡᠷᠥᠩᠭᠡᠶᠢᠯᠡᠭᠰᠡᠨ ᠨᠡᠬᠡᠬᠡᠯᠳᠡ ᠶᠢᠨ ᠠᠯᠪᠠᠨ ᠬᠡᠷ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ᠂ ᠮᠣᠣᠠᠣᠰᠣ ᠶᠢᠨ ᠠᠷᠴᠡᠨ ᠤ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠤ ᠬᠠᠮᠢᠶᠠᠷᠣᠯᠳᠠ ᠶᠢᠨ ᠳᠣᠪᠴᠢᠶ᠎ᠠ᠂ ᠦᠪᠦᠷ ᠮᠤᠩᠭᠤᠯ ᠤᠨ ᠰᠢᠷᠠᠤ᠋ᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠳᠠ ᠶᠢᠨ ᠳᠣᠪᠴᠢᠶ᠎ᠠ᠂ ᠮᠠᠯ ᠳᠠᠷᠢᠶᠠᠯᠠᠩ ᠤᠨ ᠠᠵᠣ ᠣᠶᠢᠯᠡᠰᠵᠢᠬᠦᠯᠥᠯᠳᠠ ᠶᠢᠨ ᠦᠢᠯᠡᠴᠢᠯᠡᠭᠡᠨ ᠤ ᠲᠥᠪ᠂ ᠬᠠᠩᠭᠠᠨ ᠪᠣᠷᠣᠯᠠᠭᠤᠯᠭ᠎ᠠ ᠶᠢᠨ ᠬᠤᠷᠰᠢᠶ᠎ᠠ᠃      ᠬᠠᠷᠢᠯᠴᠠᠬᠤ ᠨᠢ᠄ ᠬᠤᠰᠢᠭᠤ ᠰᠢᠨᠵᠢᠯᠡᠬᠦ ᠣᠬᠠᠭᠠᠨ ᠮᠡᠷᠬᠡᠵᠢᠯ ᠤᠨ ᠨᠡᠶᠢᠬᠡᠮᠯᠢᠭ᠂ ᠴᠠᠭ ᠠᠭᠤᠷ ᠤᠨ ᠳᠣᠪᠴᠢᠶ᠎ᠠ᠂ ᠦᠦᠰᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ᠂ ᠨᠡᠬᠦᠳᠡᠯ ᠠᠷᠠᠳ ᠢ ᠳᠦᠪᠬᠢᠨᠡᠬᠦᠯᠬᠦ ᠠᠵᠢᠯ ᠤᠨ ᠬᠠᠮᠢᠶᠠᠷᠤᠯᠳᠠ ᠶᠢᠨ ᠲᠥᠪ᠂ ᠬᠦᠳᠡᠭᠡ ᠳᠣᠰᠬᠤᠨ ᠤ ᠢᠳᠡᠬᠡᠮᠵᠢ ᠶᠢᠨ ᠬᠤᠷᠰᠢᠶ᠎ᠠ᠃      ᠪᠠᠶᠠᠨᠴᠢᠮᠡᠭ     ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠣᠷᠣᠨ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠳᠠ᠂ ᠡᠷᠡᠬᠦᠯ ᠬᠠᠮᠠᠭᠠᠯᠠᠯ᠂  ᠡᠮᠴᠢᠯᠡᠭᠡᠨ ᠤ ᠪᠠᠲᠤᠯᠠᠭ᠎ᠠ᠂ ᠰᠣᠷᠭᠠᠨ ᠬᠦᠮᠦᠵᠢᠯ᠂ ᠪᠡᠶ᠎ᠡ ᠲᠠᠮᠢᠷ ᠵᠡᠷᠭᠡ ᠳᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠵᠠᠬ᠎ᠠ ᠳᠡᠯᠭᠡᠬᠦᠷ ᠤᠨ ᠬᠢᠨᠠᠨ ᠬᠠᠮᠢᠶᠠᠷᠣᠯᠳᠠ ᠶᠢᠨ ᠳᠣᠪᠴᠢᠶ᠎ᠠ᠂ ᠡᠷᠡᠬᠦᠯ ᠬᠠᠮᠠᠭᠠᠯᠠᠯ ᠡᠷᠡᠭᠦᠯ ᠮᠡᠨᠲᠤ ᠶᠢᠨ ᠵᠦᠪᠯᠡᠯ᠂ ᠰᠣᠷᠭᠠᠨ ᠬᠦᠮᠦᠵᠢᠯ ᠪᠡᠶ᠎ᠡ ᠲᠠᠮᠢᠷ ᠤᠨ ᠳᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ᠂ ᠪᠡᠶ᠎ᠡ ᠲᠠᠮᠢᠷ ᠤᠨ ᠠᠵᠢᠯ ᠦᠢᠯᠡᠰ ᠤᠨ ᠬᠦᠭᠵᠢᠬᠦᠯᠦᠯᠲᠡ ᠶᠢᠨ ᠲᠦᠪ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯ ᠤᠨ ᠵᠦᠪᠯᠡᠯ ᠤᠨ ᠠᠯᠪᠠᠨ ᠭᠡᠷ᠃      ᠬᠠᠷᠢᠯᠴᠠᠬᠤ ᠨᠢ᠄ ᠣᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠵᠡᠮᠳᠡᠭᠴᠣᠳ ᠤᠨ ᠬᠤᠯᠪᠣᠭᠠᠳᠣ ᠬᠤᠷᠠᠯ᠂ ᠬᠡᠷᠡᠭᠯᠡᠭᠴᠢᠳ ᠤᠨ ᠨᠡᠶᠢᠬᠡᠮᠯᠢᠭ᠂ ᠬᠤᠪᠢ ᠶᠢᠨ ᠪᠠ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠤᠨ ᠬᠠᠮᠢᠶᠠᠷᠤᠯᠳᠠ ᠶᠢᠨ ᠨᠡᠶᠢᠬᠡᠮᠯᠢᠭ᠂ ᠡᠪ ᠬᠠᠮᠳᠣ ᠵᠠᠯᠠᠭᠤᠴᠣᠳ ᠤᠨ ᠡᠪᠯᠡᠯ ᠤᠨ ᠦᠣᠰᠢᠨ ᠬᠤᠰᠢᠭᠤᠨ ᠤ ᠬᠤᠷᠢᠶ᠎ᠠ᠂ ᠡᠮᠡᠭᠳᠡᠶᠢᠴᠤᠳ ᠤᠨ ᠬᠤᠯᠪᠣᠭᠠᠳᠣ ᠬᠤᠷᠠᠯ᠃      ᠯᠢ ᠬᠤᠩ ᠯᠢᠶᠠᠩ     ᠲᠦᠷ ᠲᠤᠰᠢᠶᠠᠯ ᠡᠭᠦᠷᠭᠡᠯᠡᠵᠦ ᠪᠠᠶᠢᠭ᠎ᠠ ᠬᠤᠰᠢᠭᠤ ᠳᠡᠳ᠋ ᠳᠠᠷᠤᠭ᠎ᠠ      ᠬᠤᠰᠢᠭᠤ ᠳᠠᠷᠤᠭ᠎ᠠ ᠶᠢ ᠬᠠᠪᠰᠣᠷᠣᠨ ᠰᠣᠶᠤᠯ᠂ ᠵᠢᠭᠤᠯᠴᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠦ ᠬᠤᠰᠢᠭᠤ ᠳᠡᠳ᠋ ᠳᠠᠷᠤᠭ᠎ᠠ ᠵᠠᠩ ᡁᠢ ᠰᠢᠥ᠋ᠩ᠂ ᠬᠤᠰᠢᠭᠤ ᠳᠡᠳ᠋ ᠳᠠᠷᠤᠭ᠎ᠠ ᠵᠸᠤ ᠱᠤᠸᠠᠢ ᠶᠢᠨ ᠠᠵᠢᠯ ᠢ ᠬᠠᠪᠰᠤᠷᠤᠨ᠎ᠠ᠃      ᠬᠤᠪᠢᠶᠠᠷᠢᠯᠠᠨ ᠬᠠᠷᠢᠭᠤᠴᠠᠬᠤ ᠨᠢ᠄ ᠬᠤᠰᠢᠭᠤ ᠰᠤᠶᠤᠯ ᠵᠢᠭᠤᠯᠴᠢᠯᠠᠯ ᠤᠨ ᠲᠤᠪᠴᠢᠶ᠎ᠠ᠂ ᠵᠢᠭᠤᠯᠴᠢᠯᠠᠯ ᠤᠨ ᠦᠢᠯᠡᠰ ᠤᠨ ᠦᠢᠯᠡᠴᠢᠯᠡᠭᠡᠨ ᠤ ᠲᠦᠪ᠂ ᠰᠢᠷᠬᠤᠰᠣ ᠰᠤᠶᠤᠯ ᠵᠢᠭᠤᠯᠴᠢᠯᠠᠯ ᠤᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠰᠢᠷᠬᠤᠰᠣ ᠤᠯᠤᠰ ᠤᠨ ᠬᠠᠭᠤᠴᠢ ᠰᠤᠳᠤᠯᠣᠯ ᠤᠨ ᠴᠡᠴᠡᠷᠯᠢᠭ ᠤᠨ ᠬᠠᠮᠢᠶᠠᠷᠤᠯᠲᠠ  ᠶᠢᠨ ᠲᠤᠪᠴᠢᠶ᠎ᠠ᠂ ᠲᠤᠭᠤᠶᠢᠯᠠᠩ ᠰᠣᠶᠣᠯ ᠵᠢᠭᠤᠯᠴᠢᠯᠠᠯ ᠤᠨ ᠬᠢᠵᠠᠭᠠᠷᠲᠤ ᠺᠤᠮᠫᠠᠨᠢ᠃      ᠬᠠᠷᠢᠯᠴᠠᠬᠤ ᠨᠢ᠄ ᠷᠠᠳᠢᠣ᠋ ᠲᠧᠯᠸᠢᠰ ᠤᠨ ᠰᠦᠯᠵᠢᠶᠠᠨ ᠺᠤᠮᠫᠠᠨᠢ᠂ 854 ᠰᠠᠴᠤᠷᠠᠭᠤᠯᠬᠤ ᠳᠠᠪᠴᠠᠩ᠂ ᠰᠢᠨᠬᠤᠸᠠ ᠨᠤᠮ ᠤᠨ ᠳᠡᠯᠭᠡᠭᠦᠷ᠂ ᠷᠠᠳᠢᠣ᠋ ᠲᠧᠯᠸᠢᠰ ᠦᠢᠯᠡᠴᠢᠯᠡᠭᠡᠨ ᠤ ᠲᠦᠪ᠃      ᠯᠢ ᠵᠢᠶᠠᠨ ᠱᠢ     ᠵᠢᠩᠬᠢᠨᠢ ᠭᠠᠵᠠᠷ ᠤᠨ ᠳᠡᠰ      ᠵᠸᠤ ᠱᠤᠸᠠᠢ ᠨᠦᠬᠦᠷ ᠤᠨ ᠠᠵᠢᠯ ᠢ ᠬᠠᠪᠰᠤᠷᠤᠨ᠎ᠠ᠃                                                      ᠥᠥᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                        2019 ᠣᠨ ᠤ 2 ᠰᠠᠷ᠎ᠠ ᠶᠢᠨ 1 ᠤ ᠡᠳᠦᠷ
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号