ᠬᠢᠨᠠᠨ ᠪᠣᠳᠣᠬᠤ ᠴᠢᠳᠠᠪᠣᠷᠢ ᠪᠠᠨ ᠴᠢᠩᠭᠠᠳᠬᠠᠵᠤ ᠬᠢᠨᠠᠨ ᠪᠣᠳᠣᠬᠤ ᠬᠢᠨᠠᠯᠲᠠ ᠶᠢᠨ ᠦᠢᠯᠡᠴᠢᠯᠡᠭᠡᠨ ᠤ | ᠦᠢᠯᠡᠳᠣᠯ ᠢᠶᠠᠨ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠦᠯᠦᠬᠡ ᠤᠶᠢᠷ᠎ᠠ ᠶᠢᠨ ᠡᠳᠦᠷ ᠬᠤᠰᠢᠭᠤ ᠬᠢᠨᠠᠨ | ᠪᠣᠳᠣᠬᠤ ᠲᠤᠪᠴᠢᠶ᠎ᠠ ᠪᠥᠬᠦ ᠺᠠᠳ᠋ᠷ ᠠᠵᠢᠯᠲᠠᠨ ᠢᠶᠠᠨ ᠵᠤᠬᠢᠶᠠᠨ ᠪᠠᠶᠢᠭᠤᠯᠤᠨ ᠨᠢᠭᠡ ᠭᠠᠷᠠᠭ ᠤᠨ ᠬᠤᠭᠤᠴᠠᠭᠠᠨ ᠤ | ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠦᠷᠨᠢᠭᠦᠯᠪᠡ᠃ | ᠰᠣᠷᠣᠯᠴᠠᠯᠭ᠎ᠠ ᠳᠤ ᠡᠯ᠎ᠠ ᠬᠤᠪᠢ ᠲᠠᠰᠤᠭ ᠤᠨ ᠤᠳᠤᠷᠢᠳᠤᠯᠭ᠎ᠠ ᠪᠤᠯᠤᠨ ᠳᠤᠬᠠᠶᠢᠯᠠᠭᠰᠡᠨ ᠠᠵᠢᠯ ᠤᠨ | ᠴᠢᠳᠠᠪᠤᠷᠢᠲᠠᠨ ᠰᠠᠯᠠᠭ᠎ᠠ ᠮᠦᠴᠢᠷ ᠤᠨ ᠲᠦᠰᠤᠪ ᠬᠡᠷᠡᠭᠵᠢᠭᠦᠯᠦᠯᠲᠠ ᠶᠢᠨ ᠬᠢᠨᠠᠨ ᠪᠤᠳᠤᠯᠲᠠ᠂ ᠵᠠᠰᠠᠭ ᠤᠨ | ᠣᠷᠳᠣᠨ ᠤ ᠪᠡᠯᠡ ᠣᠷᠣᠭᠤᠯᠣᠯᠲᠠ ᠶᠢᠨ ᠲᠦᠷᠤᠯ ᠵᠦᠢᠯ ᠤᠨ ᠬᠢᠨᠠᠨ ᠪᠣᠳᠣᠯᠲᠠ ᠪᠠ ᠬᠤᠯᠪᠣᠭᠳᠠᠯ ᠪᠦᠬᠦᠢ ᠭᠠᠷ | ᠭᠦᠢᠴᠡᠳᠬᠡᠯ ᠤᠨ ᠶᠠᠪᠤᠴᠠ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠣᠩᠭᠡ ᠶᠢᠨ ᠬᠢᠨᠠᠨ ᠪᠣᠳᠣᠯᠲᠠ᠂ ᠳ᠋ᠠᠶᠢᠲ᠋ᠠ ᠶᠢᠨ ᠬᠦᠮᠣᠷᠭᠡᠨ ᠤ ᠮᠡᠷᠭᠡᠵᠢᠯ ᠤᠨ ᠬᠡᠷᠡᠭᠯᠡᠯᠲᠡ᠂ ᠨᠠᠮ | ᠵᠠᠰᠠᠭ ᠤᠨ ᠪᠠᠶᠢᠭᠤᠯᠭ᠎ᠠ ᠶᠢᠨ ᠠᠯᠪᠠᠨ ᠪᠢᠴᠢᠭ ᠢ ᠰᠢᠢᠳᠪᠣᠷᠢᠯᠡᠬᠦ ᠳᠥᠷᠢᠮᠵᠢᠯ ᠵᠡᠷᠭᠡ ᠠᠭᠤᠯᠭ᠎ᠠ ᠶᠢ ᠰᠣᠷᠣᠯᠴᠠᠵᠦ | ᠲᠤᠬᠠᠶᠢᠯᠠᠭᠰᠠᠨ ᠠᠵᠢᠯ ᠤᠨ ᠮᠡᠳᠡᠯᠭᠡ ᠪᠠᠨ ᠳᠡᠭᠡᠭᠰᠢᠯᠡᠬᠦᠯᠦᠭᠰᠡᠨ ᠪᠠᠶᠢᠨ᠎ᠠ᠃ | ᠲᠤᠰ ᠤᠳᠠᠭᠠᠨ ᠤ ᠰᠤᠷᠤᠯᠴᠠᠯᠭ᠎ᠠ ᠨᠢ ᠺᠠᠳ᠋ᠷ ᠠᠵᠢᠯᠲᠠᠳ ᠤᠨ ᠬᠢᠨᠠᠨ ᠪᠣᠳᠣᠯᠲᠠ ᠶᠢᠨ ᠠᠵᠢᠯ ᠳᠤᠮᠳᠠᠬᠢ | ᠣᠨᠣᠯ ᠤᠨ ᠰᠠᠭᠤᠷᠢ ᠪᠤᠯᠵᠦ ᠲᠤᠬᠠᠶᠢᠯᠠᠭᠰᠠᠨ ᠠᠵᠢᠯ ᠤᠨ ᠴᠢᠳᠠᠪᠦᠷᠢ ᠶᠢ ᠳᠡᠭᠡᠭᠰᠢᠯᠡᠭᠦᠯᠤᠨ ᠬᠢᠨᠠᠨ ᠪᠤᠳᠤᠬᠤ | ᠲᠤᠪᠴᠢᠶ᠎ᠠ ᠶᠢᠨ ᠦᠨᠳᠤᠷ ᠪᠦᠳᠤᠮᠵᠢᠲᠤ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠪᠤᠯᠤᠭᠰᠡᠨ | ᠪᠠᠶᠢᠨ᠎ᠠ᠃ |