ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠳᠤᠭᠤᠢᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠢᠢᠯᠠᠩ ᠤᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2019-02-21
     ᠴᠠᠭᠠᠨ ᠰᠠᠷ᠎ᠠ ᠶᠢᠨ ᠰᠢᠨᠡᠳ ᠦᠡᠭᠭᠡᠷᠡᠵᠤ ᠬᠦᠮᠤᠰ ᠠᠶᠢᠯᠴᠢᠯᠠᠵᠤ ᠳᠤᠭᠤᠷᠢᠬᠤ ᠰᠡᠳᠬᠢᠯ ᠢᠶᠠᠨ ᠬᠤᠷᠢᠶᠠᠨ ᠠᠵᠢᠯ ᠳᠠᠭᠠᠨ ᠭᠠᠷᠬᠤ ᠪᠤᠯᠪᠠ᠃ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 2 ᠰᠠᠷ᠎ᠠ ᠶᠢᠨ 13 ᠤ ᠡᠳᠤᠷ ᠨᠠᠮ ᠤᠨ ᠳᠤᠭᠤᠢᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠢᠢᠯᠠᠩ ᠤᠨ ᠰᠤᠷᠤᠯᠴᠠᠯᠭ᠎ᠠ ᠶᠢᠨ ᠬᠤᠷᠠᠯ ᠬᠢᠵᠤ᠂ ᠰᠢ ᠶᠢᠨ ᠫᠢᠩ ᠶᠡᠷᠦᠩᠭᠡᠢ ᠱᠦᠵᠢ ᠶᠢᠨ 2019 ᠤᠨ ᠤ ᠴᠠᠭᠠᠨ ᠰᠠᠷ᠎ᠠ ᠶᠢᠨ ᠬᠠᠮᠳᠤ ᠶᠢᠨ ᠴᠠᠶᠢᠯᠠᠯᠭ᠎ᠠ ᠳᠡᠭᠡᠷ᠎ᠠ ᠳᠠᠯᠪᠢᠬᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠤ᠂ ᠯᠢ ᠺᠧ ᠴᠢᠶᠠᠩ ᠶᠡᠷᠦᠩᠭᠡᠢ ᠰᠠᠶᠢᠳ ᠤᠨ ᠦᠪᠤᠷ ᠮᠤᠩᠭᠤᠯ ᠳᠤ ᠪᠠᠶᠢᠴᠠᠭᠠᠨ ᠰᠤᠳᠤᠯᠤᠯᠳᠠ ᠬᠢᠵᠤ ᠳᠤᠬᠤᠨᠢᠭᠤᠯᠬᠤ ᠦᠶᠡᠰ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠬᠤᠰᠢᠭᠤ ᠱᠠᠳᠤᠨ ᠤ ᠳᠦᠪᠯᠡᠷᠡᠩᠬᠦᠢ ᠰᠤᠷᠤᠯᠴᠠᠯᠭ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠬᠰᠠᠨ ᠪᠠᠶᠢᠨ᠎ᠠ᠃      ᠰᠤᠷᠤᠯᠴᠠᠯᠭ᠎ᠠ ᠳᠡᠭᠡᠷ᠎ᠠ 2019 ᠤᠨ ᠤ ᠠᠵᠢᠯ ᠤᠨ ᠰᠡᠳᠬᠢᠴᠡ᠂ ᠦᠨᠳᠤᠷ ᠱᠠᠭᠠᠷᠳᠠᠯᠭ᠎ᠠ᠂ ᠦᠨᠳᠤᠷ ᠵᠤᠬᠰᠤᠴᠠ᠂ ᠦᠨᠳᠤᠷ ᠡᠬᠢᠯᠡᠯᠳᠡ ᠶᠢ ᠴᠢᠨᠠᠬᠰᠢᠳᠠ ᠳᠤᠳᠤᠷᠬᠠᠢᠢᠯᠠᠨ᠂ ᠠᠵᠢᠯ ᠢᠶᠠᠨ ᠰᠠᠶᠢᠨ ᠡᠬᠢᠯᠡᠬᠦᠯᠵᠤ᠂ ᠰᠠᠶᠢᠳᠤᠷ ᠠᠵᠢᠯᠯᠠᠬᠤ ᠶᠢ ᠱᠠᠭᠠᠷᠳᠠᠬᠰᠠᠨ ᠪᠠᠶᠢᠨ᠎ᠠ᠃ ᠨᠢᠭᠡ ᠳᠤ ︽ᠠᠶᠢᠯᠴᠢᠯᠠᠵᠤ ᠳᠤᠭᠤᠷᠢᠬᠤ ᠰᠡᠳᠬᠢᠯ︾ ᠢᠶᠠᠨ ᠬᠤᠷᠢᠶᠠᠵᠤ᠂ ᠦᠵᠡᠯ ᠰᠠᠨᠠᠭ᠎ᠠ ᠪᠠᠨ ᠳᠤᠬᠢᠷᠠᠭᠤᠯᠤᠨ᠂ ᠠᠵᠢᠯ ᠳᠠᠭᠠᠨ ᠬᠦᠴᠤᠯᠡᠵᠤ᠂ ᠪᠤᠳᠠᠳᠠᠢ ᠠᠵᠢᠯᠯᠠᠨ᠂ ᠳᠠᠷᠤᠢ ᠳᠦᠷᠭᠡᠨ ᠬᠦᠳᠡᠯᠤᠯᠴᠡᠬᠦ ᠭᠡᠷᠡᠭᠳᠡᠢ᠃ ᠬᠤᠶᠠᠷ ᠲᠤ ᠰᠠᠬᠢᠯᠭ᠎ᠠ ᠪᠠᠳᠤ ᠶᠢ ᠴᠢᠩᠭᠠᠳᠬᠠᠨ᠂ ᠪᠦᠬᠦ ᠬᠤᠷᠢᠶᠠᠨ ᠤ ᠠᠵᠢᠯ ᠤᠨ ᠳᠦᠷᠢᠮ ᠢ ᠴᠢᠩᠭ᠎ᠠ ᠭᠡᠷᠡᠭᠵᠢᠬᠦᠯᠵᠤ᠂ ᠱᠠᠭᠠᠷᠳᠠᠨ ᠪᠠᠶᠢᠴᠠᠭᠠᠬᠤ ᠬᠦᠴᠤᠯᠡᠴᠡ ᠪᠠᠨ ᠴᠢᠨᠠᠬᠰᠢᠳᠠ ᠨᠡᠮᠡᠭᠳᠡᠬᠦᠯᠤᠨ᠂ ᠠᠯᠵᠠᠭᠤᠷᠠᠵᠤ ᠬᠤᠶᠢᠷᠭᠤᠰᠢᠬᠤ ᠶᠢ ᠰᠡᠷᠭᠡᠶᠢᠯᠡᠬᠦ ᠭᠡᠷᠡᠭᠳᠡᠢ᠃ ᠭᠤᠷᠪᠠ ᠳᠤ ᠤᠳᠤᠬᠠᠨ ᠤ ᠡᠯ᠎ᠠ ᠳᠦᠷᠤᠯ ᠤᠨ ᠪᠠᠶᠢᠴᠠᠭᠠᠬᠤ ᠠᠵᠢᠯ ᠢ ᠡᠷᠴᠢᠮᠳᠡᠢ ᠬᠢᠵᠤ᠂ ︽ᠰᠤᠷᠤᠯᠴᠠᠵᠤ ᠤᠯᠤᠰ ᠢᠶᠠᠨ ᠬᠦᠴᠤᠷᠭᠡᠭᠵᠢᠬᠦᠯᠬᠦ︾ ᠳᠠᠪᠴᠠᠩ ᠢ ᠰᠠᠶᠢᠳᠤᠷ ᠡᠵᠡᠮᠳᠡᠨ᠂ ︽ᠴᠢᠳᠠᠪᠤᠷᠢ ᠪᠠᠨ ᠴᠢᠩᠭᠠᠳᠬᠠᠨ᠂ ᠭᠡᠪ ᠪᠤᠯᠪᠠᠰᠤᠷᠠᠯ ᠢᠶᠠᠨ ᠳᠡᠭᠡᠭᠰᠢᠯᠡᠬᠦᠯᠵᠤ᠂ ᠰᠠᠭᠤᠷᠢ ᠪᠠᠨ ᠪᠠᠳᠤᠳᠬᠠᠬᠤ︾ ᠰᠢᠷᠢᠰ ᠰᠤᠷᠤᠯᠴᠠᠯᠭ᠎ᠠ ᠶᠢᠨ ᠠᠵᠢᠯᠯᠠᠭ᠎ᠠ ᠶᠢ ᠦᠷᠨᠢᠬᠦᠯᠬᠦ ᠭᠡᠷᠡᠭᠳᠡᠢ ᠭᠡᠵᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号