ᠪᠤᠶᠠᠨᠲᠠᠢ ᠪᠤᠭᠤᠷᠤᠯᠴᠤᠳ ᠲᠠᠭᠠᠨ ᠬᠦᠷᠬᠡᠭᠰᠡᠨ ᠰᠢᠨ᠎ᠡ ᠶᠢᠨ ᠪᠡᠯᠡᠭ
ᠨᠡᠶᠢᠲᠡᠯᠡᠭᠰᠡᠨ ᠴᠠᠭ᠄
2019-02-21
     ᠴᠠᠭᠠᠨ ᠰᠠᠷ᠎ᠠ ᠪᠠᠷ ᠲᠦᠷᠦᠯ ᠰᠠᠳᠤᠨ᠂ ᠨᠤᠳᠤᠭ ᠨᠢᠬᠡᠳᠡᠨ᠂ ᠬᠠᠮᠳᠤ ᠰᠤᠷᠤᠯᠭᠠᠳᠠᠨ ᠤ ᠬᠠᠮᠳᠤ ᠶᠢᠨ ᠵᠤᠯᠭᠠᠯᠳᠠ᠂ ᠰᠢᠨ᠎ᠡ ᠶᠢᠨ ᠴᠠᠶᠢᠯᠠᠯᠭ᠎ᠠ ᠦᠷᠬᠦᠯᠵᠢᠯᠡᠵᠦ ᠬᠦᠮᠦᠰ ᠦᠪᠡᠷ ᠦᠪᠡᠷ ᠤᠨ ᠠᠷᠭ᠎ᠠ ᠬᠡᠯᠪᠡᠷᠢ ᠪᠠᠷ ᠪᠠᠶᠠᠰᠴᠤ ᠪᠠᠶᠢᠳᠠᠭ᠃ ᠤᠶᠢᠷ᠎ᠠ ᠶᠢᠨ ᠡᠳᠦᠷ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯᠣᠨ ᠲᠤᠭ ᠪᠠᠯᠭᠠᠰᠤᠨ  ᠤ ᠲᠠᠷᠬᠠᠨᠯᠠᠮ᠎ᠠ ᠭᠠᠴᠠᠭ᠎ᠠ ᠬᠠᠮᠳᠤᠷᠠᠵᠤ ᠭᠠᠴᠠᠭᠠᠨ ᠤ ᠪᠤᠶᠠᠨᠲᠠᠢ ᠪᠤᠭᠤᠷᠤᠯᠴᠤᠳ ᠲᠠᠭᠠᠨ ᠴᠠᠭᠠᠨ ᠰᠠᠷ᠎ᠠ ᠶᠢᠨ ᠬᠠᠮᠲᠤ ᠶᠢᠨ ᠵᠤᠯᠭᠠᠯᠲᠠ ᠶᠢ ᠬᠢᠵᠤ ᠨᠡᠶᠢᠲᠡ 55 ᠨᠠᠰᠤᠳᠠᠨ ᠤᠷᠤᠯᠴᠠᠪᠠ᠃      ᠬᠠᠮᠲᠤ ᠶᠢᠨ ᠵᠤᠯᠭᠠᠯᠲᠠ ᠶᠢᠨ ᠠᠬᠤᠢ ᠲᠠᠯᠠᠪᠠᠢ ᠳᠤ ᠴᠠᠭᠠᠨ ᠰᠠᠷ᠎ᠠ ᠶᠢᠨ ᠪᠠᠶᠠᠷ ᠬᠦᠷ ᠢᠶᠠᠷ ᠴᠠᠯᠬᠢᠯᠠᠵᠤ ᠲᠠᠪᠠᠯ ᠲᠡᠷᠯᠢᠭ ᠢᠶᠠᠷ ᠢᠶᠠᠨ ᠭᠤᠶᠤᠯᠠᠭᠰᠠᠨ ᠤᠯᠠᠭᠤᠯᠠ ᠬᠦᠬᠦᠦᠷ ᠬᠠᠳᠠᠭ ᠰᠤᠯᠢᠯᠴᠠᠨ ᠬᠦᠨᠳᠦ ᠶᠢᠨ ᠶᠤᠰᠤ ᠪᠠᠷ ᠵᠤᠯᠭᠠᠯᠴᠠᠭᠰᠠᠨ ᠤ ᠲᠠᠷᠠᠭ᠎ᠠ ᠵᠤᠬᠢᠶᠠᠨ ᠪᠠᠶᠢᠭᠤᠯᠤᠭᠰᠠᠨ ᠲᠠᠯ᠎ᠠ ᠠᠴᠠ 80 ᠨᠠᠰᠤᠨ ᠠᠴᠠ ᠲᠡᠬᠡᠭᠰᠢᠬᠢ 15 ᠨᠠᠰᠤᠳᠠᠨ ᠳᠤ ᠲᠤᠰ ᠲᠤᠰ 500 ᠲᠥᠭᠦᠷᠢᠭ᠂ 75 ᠨᠠᠰᠤᠨ ᠠᠴᠠ ᠲᠡᠬᠡᠭᠰᠢᠬᠢ 16 ᠨᠠᠰᠤᠳᠠᠨ ᠳᠤ ᠲᠤᠰ ᠲᠤᠰ 400 ᠲᠥᠭᠦᠷᠢᠭ᠂ 70 ᠨᠠᠰᠤᠨ ᠠᠴᠠ ᠲᠡᠬᠡᠭᠰᠢᠬᠢ 24 ᠨᠠᠰᠤᠳᠠᠨ ᠳᠤ ᠲᠤᠰ ᠲᠤᠰ 300 ᠲᠥᠭᠦᠷᠢᠭ ᠭᠠᠷᠳᠠᠭᠤᠯᠵᠤ ᠲᠡᠳᠡᠨ ᠤ ᠤᠷᠳᠤ ᠨᠠᠰᠤᠯᠠᠵᠤ ᠤᠳᠠᠭᠠᠨ ᠵᠢᠷᠭᠠᠬᠤ ᠶᠢ ᠢᠷᠦᠬᠡᠭᠰᠡᠨ ᠪᠠᠶᠢᠨ᠎ᠠ᠃      ᠡᠨᠡ ᠵᠢᠯ 83 ᠨᠠᠰᠤᠨ ᠤ ᠦᠨᠳᠦᠷ ᠬᠤᠳᠤᠭ ᠢ ᠵᠤᠭᠤᠭᠯᠠᠵᠤ ᠶᠠᠪᠤᠭ᠎ᠠ ᠳᠣᠪᠴᠢᠨᠳᠣᠷᠵᠢ ᠨᠠᠰᠤᠲᠠᠨ ᠬᠠᠮᠳᠤ  ᠶᠢᠨ ᠴᠠᠶᠢᠯᠠᠯᠭ᠎ᠠ ᠶᠢᠨ ᠰᠤᠷᠠᠭ ᠢ ᠰᠤᠨᠤᠰᠤᠮᠠᠭᠴᠠ ᠲᠡᠰᠴᠤ ᠶᠠᠳᠠᠨ ᠬᠦᠯᠢᠶᠡᠭᠰᠡᠬᠡᠷ ᠢᠷᠡᠵᠡᠢ᠃ ᠲᠡᠷᠡ᠄ ︽ᠢᠩᠭᠢᠵᠦ ᠵᠣᠬᠢᠶᠠᠨ ᠪᠠᠶᠢᠭᠤᠯᠵᠤ ᠬᠢᠭᠰᠡᠨ ᠳᠤ ᠪᠢ ᠨᠠᠰᠤᠲᠠᠶᠢᠴᠤᠳ ᠢᠶᠠᠨ ᠲᠥᠯᠥᠭᠡᠯᠡᠭᠡᠳ ᠮᠠᠰᠢ ᠪᠠᠶᠠᠷᠯᠠᠵᠤ ᠪᠠᠶᠢᠨ᠎ᠠ᠃ ᠨᠠᠰᠤᠲᠠᠶᠢᠴᠤᠳ ᠤᠨ ᠬᠤᠶᠢᠰᠢᠳᠠ ᠪᠤᠶᠠᠨᠲᠠᠢ ᠰᠠᠶᠢᠬᠠᠨ ᠠᠮᠢᠳᠤᠷᠠᠬᠤ ᠶᠢ ᠢᠷᠦᠭᠡᠭᠰᠡᠨ ᠳᠤ ᠨᠡᠩ ᠶᠡᠭᠡ ᠲᠠᠯᠠᠷᠬᠠᠵᠤ ᠪᠠᠶᠢᠨ᠎ᠠ᠃ ᠲᠡᠭᠡᠬᠦᠯᠡᠷ ᠡᠨᠡ ᠮᠡᠲᠦ ᠶᠢᠨ ᠠᠵᠢᠯᠯᠠᠭ᠎ᠠ ᠪᠣᠯ ᠮᠠᠨ ᠤ ᠨᠠᠰᠤᠲᠠᠶᠢᠴᠤᠳ ᠲᠤ ᠠᠪᠴᠤ ᠬᠡᠯᠡᠪᠡᠯ ᠮᠠᠰᠢ ᠰᠠᠶᠢᠬᠠᠨ᠂ ᠵᠣᠯᠭᠠᠭᠰᠠᠨ ᠦᠭᠡᠢ ᠶᠢ ᠨᠢ ᠵᠣᠯᠭᠠᠭᠤᠯᠵᠤ ᠠᠭᠤᠯᠵᠠᠭᠰᠠᠨ ᠦᠭᠡᠢ ᠶᠢ ᠨᠢ ᠠᠭᠤᠯᠵᠠᠭᠤᠯᠵᠤ ᠪᠣᠳᠣᠯ ᠰᠠᠨᠠᠯ ᠢᠶᠠᠨ ᠰᠤᠯᠢᠯᠴᠠᠬᠤ ᠰᠠᠶᠢᠬᠠᠨ ᠵᠠᠪᠰᠢᠶᠠᠨ ᠬᠠᠶᠢᠷᠠᠯᠠᠵᠠᠢ︾ ᠭᠡᠵᠣ ᠰᠡᠳᠬᠢᠯ ᠲᠤᠭᠲᠤᠯᠤᠩᠭᠤᠢ ᠶᠠᠷᠢᠵᠤ ᠪᠠᠶᠢᠯ᠎ᠠ      ᠨᠤᠳᠤᠭ ᠨᠢᠬᠡᠳᠡᠢ ᠴᠤ ᠤᠳᠠᠭᠠᠨ ᠠᠭᠤᠯᠵᠠᠭ᠎ᠠ ᠦᠬᠡᠢ ᠨᠠᠰᠤᠳᠠᠶᠢᠴᠤᠳ ᠢᠩᠬᠢᠵᠦ ᠨᠢᠬᠡ ᠲᠤᠤᠷ᠎ᠠ ᠴᠤᠭᠯᠠᠷᠠᠬᠤ ᠨᠢ ᠬᠤᠪᠤᠷ ᠲᠤᠬᠢᠶᠠᠯᠳᠤᠯ ᠪᠠᠶᠢᠵᠠᠢ᠃ ᠵᠠᠷᠢᠮ ᠨᠢ ᠬᠠᠷᠢᠯᠴᠠᠨ ᠬᠠᠭᠤᠴᠢ ᠵᠤᠭᠤᠭ ᠢᠶᠠᠨ ᠲᠡᠯᠭᠡᠵᠤ ᠵᠠᠷᠢᠮ ᠨᠢ ᠠᠷᠠᠳ ᠤᠨ ᠲᠠᠭᠤᠤ ᠪᠠᠨ ᠲᠠᠭᠤᠯᠠᠵᠤ ᠰᠢᠨ᠎ᠡ ᠴᠠᠭ ᠦᠶ᠎ᠡ ᠶᠢᠨ ᠪᠠᠶᠠᠷᠳᠤ ᠠᠮᠢᠳᠤᠷᠠᠯ ᠢᠶᠠᠨ ᠪᠠᠭ᠋ᠠᠳᠤᠨ ᠦᠳᠡᠯᠦᠬᠡ ᠨᠠᠰᠤ ᠪᠠᠨ ᠵᠢᠷᠭᠠᠯᠳᠠᠢ ᠦᠩᠬᠡᠷᠡᠬᠦᠯᠵᠦ ᠪᠠᠶᠢᠭ᠎ᠠ ᠳᠠᠭᠠᠨ ᠰᠡᠳᠬᠢᠯ ᠲᠤᠭᠳᠤᠯᠤᠨ ᠲᠠᠯᠠᠷᠬᠠᠵᠤ ᠪᠠᠶᠢᠯ᠎ᠠ᠃      ᠲᠤᠭ ᠪᠠᠯᠭᠠᠰᠤᠨ ᠤ ᠲᠠᠷᠬᠠᠨᠯᠠᠮ᠎ᠠ ᠭᠠᠴᠠᠭᠠᠨ ᠤ ᠨᠠᠮ ᠤᠨ ᠡᠭᠦᠷ ᠤᠨ ᠱᠦᠵᠢ ᠬᠠᠰᠴᠣᠭᠵᠢᠯᠲᠤ᠄ ︽ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠲᠥᠷᠥ ᠶᠢᠨ ᠪᠣᠳᠣᠯᠭ᠎ᠠ ᠪᠠᠷ ᠪᠢᠳᠠ ᠨᠠᠰᠤᠲᠠᠶᠢᠴᠤᠳ ᠢᠶᠠᠨ ᠤᠯᠠᠮ ᠢᠯᠡᠭᠦᠬᠡᠨ ᠬᠠᠷᠠᠭᠠᠯᠵᠠᠵᠤ ᠬᠤᠵᠢᠮ ᠰᠣᠶᠣᠯ ᠵᠤᠭᠠᠴᠠᠯ᠂ ᠤᠷᠠᠯᠢᠭ ᠤᠨ ᠨᠠᠶᠢᠷ ᠮᠡᠲᠤ ᠶᠢᠨ ᠬᠠᠮᠲᠤ ᠶᠢᠨ ᠠᠵᠢᠯᠯᠠᠭ᠎ᠠ ᠶᠢ ᠨᠡᠩ ᠠᠷᠪᠢᠨ ᠡᠷᠬᠢᠯᠡᠨ ᠬᠢᠵᠦ  ᠨᠠᠰᠤᠲᠠᠶᠢᠴᠤᠳ ᠢᠶᠠᠨ ᠪᠠᠶᠠᠷᠯᠠᠭᠤᠯᠤᠨ ᠵᠢᠯ ᠴᠠᠭᠠᠨ ᠰᠠᠷ᠎ᠠ ᠪᠣᠯᠪᠠᠯ ᠡᠷᠭᠢᠵᠦ ᠲᠣᠭᠤᠷᠢᠨ ᠦᠵᠡᠬᠦ ᠪᠠᠷ ᠲᠥᠰᠥᠪᠯᠡᠵᠦ ᠪᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号