| | | | | 2 ᠰᠠᠷ᠎ᠠ ᠶᠢᠨ 18 ᠤ ᠡᠳᠦᠷ᠂ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ ᠨᠠᠮ ᠤᠨ ᠬᠢᠴᠢᠶᠡᠯ ᠶᠠᠷᠢᠬᠤ | ᠠᠵᠢᠯᠯᠠᠭ᠎ᠠ ᠵᠢᠴᠢ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠨ ᠬᠠᠮᠳᠣᠪᠠᠷ ᠴᠢᠬᠡᠴᠢ ᠵᠠᠰᠠᠭᠯᠠᠯ ᠢ ᠶᠠᠷᠢᠯᠴᠠᠬᠤ ᠬᠤᠷᠠᠯ | ᠬᠤᠷᠠᠯᠳᠣᠵᠦ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ | ᠤᠨ ᠣᠳᠣᠷᠢᠳᠬᠤ ᠳᠣᠭᠤᠶᠢᠯᠠᠩ ᠤᠨ ᠱᠦᠵᠢ ᠡᠷᠬᠢᠯᠡᠭᠴᠢ ᠪᠣᠶᠠᠨᠮᠠᠨᠳᠣᠬᠤ ᠨᠠᠮ ᠤᠨ ᠬᠢᠴᠢᠶᠡᠯ ᠣᠷᠣᠪᠠ᠃ | ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠣᠳᠣᠷᠢᠳᠬᠤ ᠳᠣᠭᠤᠶᠢᠯᠠᠩ ᠤᠨ ᠬᠡᠰᠢᠬᠦᠨ ᠳᠡᠳ᠋ ᠡᠷᠬᠢᠯᠡᠭᠴᠢ ᠯᠢ ᠰᠢᠦ ᠹᠧᠩ᠂ ᠸᠠᠩ ᠶᠦᠩ ᠴᠢᠩ᠂ ᠬᠤᠰᠢᠭᠤ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠣᠳᠣᠷᠢᠳᠬᠤ | ᠳᠣᠭᠤᠶᠢᠯᠠᠩ ᠤᠨ ᠪᠦᠷᠢᠯᠳᠦᠬᠦᠨ ᠠᠯᠪᠠᠨ ᠬᠡᠷ ᠤᠨ ᠡᠷᠬᠢᠯᠡᠭᠴᠢ ᠡᠷᠳᠡᠨᠢᠠᠠᠭᠤᠯᠠ ᠪᠤᠯᠤᠨ ᠪᠠᠶᠢᠭᠤᠯᠭ᠎ᠠ ᠶᠢᠨ ᠪᠦᠬᠦ | ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃ | ᠪᠣᠶᠠᠨᠮᠠᠨᠳᠣᠬᠤ ᠲᠦᠪ ᠪᠠ ᠡᠯ᠎ᠡ ᠱᠠᠳᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠣᠬᠠᠢ | ᠪᠠᠶᠢᠷᠢᠯᠠᠭᠤᠯᠣᠯᠲᠠ ᠱᠠᠭᠠᠷᠳᠠᠯᠭ᠎ᠠ ᠶᠢᠨ ᠳᠣᠭᠤᠷᠢᠨ ᠳᠤ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠠᠭᠤᠯᠣᠭᠳᠠᠬᠤᠨ᠂ ᠨᠠᠮ ᠤᠨ ᠬᠡᠰᠢᠬᠦᠨ ᠺᠠᠳ᠋ᠷᠴᠣᠳ ᠤᠨ ᠡᠬᠦᠷᠭᠡᠯᠡᠬᠦ ᠶᠣᠰᠣᠳᠠᠢ ᠣᠯᠣᠰ ᠳᠦᠷᠦ ᠶᠢᠨ ᠡᠬᠦᠷᠭᠡ | ᠬᠠᠷᠢᠭᠤᠴᠠᠯᠭ᠎ᠠ᠂ ᠵᠢᠷᠣᠮᠯᠠᠬᠤ ᠶᠣᠰᠣᠳᠠᠢ ᠰᠠᠬᠢᠯᠭ᠎ᠠ ᠪᠠᠳᠣ ᠪᠠ ᠳᠦᠷᠢᠮ ᠳᠣᠭᠳᠠᠭᠠᠯ᠂ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠤᠭᠤᠰᠢᠯᠠᠭᠤᠯᠬᠤ ᠳᠣᠬᠠᠢ ᠬᠤᠰᠢᠭᠤ ᠠᠷᠠᠳ ᠤᠨ ᠳᠦᠯᠦᠬᠡᠯᠡᠭᠴᠢᠳ | ᠤᠨ ᠶᠡᠭᠡ ᠬᠤᠷᠠᠯ ᠤᠨ ᠠᠵᠢᠯ ᠲᠠᠢ ᠣᠶᠠᠯᠳᠣᠭᠤᠯᠣᠨ ᠪᠣᠳᠠᠳᠠᠢ ᠱᠠᠭᠠᠷᠳᠠᠯᠭ᠎ᠠ ᠳᠣᠷᠠᠳᠴᠦ ᠪᠠᠶᠢᠭᠤᠯᠭ᠎ᠠ ᠶᠢᠨ ᠺᠠᠳ᠋ᠷ | ᠠᠵᠢᠯᠳᠠᠨ ᠤ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠣᠬᠠᠢ | ᠣᠶᠢᠯᠠᠭᠠᠯᠲᠠ ᠳᠠᠨᠢᠯᠳᠠ ᠶᠢ ᠬᠦᠨᠵᠡᠬᠡᠶᠢᠷᠡᠬᠦᠯᠦᠭᠰᠡᠨ ᠪᠠᠶᠢᠨ᠎ᠠ᠃ | ᠪᠣᠶᠠᠨᠮᠠᠨᠳᠣᠬᠤ ᠵᠢᠭᠠᠵᠦ ᠭᠠᠷᠭᠠᠬᠤ ᠳᠠᠭᠠᠨ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠲᠤᠭᠤᠰᠢᠯᠠᠭᠤᠯᠬᠤ ᠪᠤᠯ ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠨᠠᠮ ᠤᠨ ᠣᠳᠣᠷᠢᠳᠬᠤ ᠳᠣᠭᠤᠶᠢᠯᠠᠩ ᠤᠨ ᠵᠠᠶᠢᠯᠠᠭᠤᠯᠵᠦ ᠪᠣᠯᠣᠰᠢ ᠦᠬᠡᠢ ᠬᠠᠷᠢᠭᠤᠴᠠᠯᠭ᠎ᠠ ᠪᠣᠯᠣᠨ᠎ᠠ᠃ | ᠬᠤᠰᠢᠭᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠣᠳᠣᠷᠢᠳᠬᠤ ᠳᠣᠭᠤᠶᠢᠯᠠᠩ᠂ ᠠᠯᠪᠠᠨ ᠪᠠᠶᠢᠭᠤᠯᠭ᠎ᠠ ᠶᠢᠨ ᠨᠠᠮ ᠤᠨ ᠣᠳᠣᠷᠢᠳᠬᠤ ᠳᠣᠭᠤᠶᠢᠯᠠᠩ ᠪᠠ ᠪᠠᠶᠢᠭᠤᠯᠭ᠎ᠠ | ᠶᠢᠨ ᠰᠠᠬᠢᠯᠭ᠎ᠠ ᠪᠠᠳᠣ ᠪᠠᠶᠢᠴᠠᠭᠠᠬᠤ ᠳᠣᠭᠤᠶᠢᠯᠠᠩ ᠠᠳᠠᠯᠢ ᠪᠣᠰᠣ ᠳᠠᠪᠬᠤᠷᠭᠠᠨ ᠤ ᠨᠠᠮ ᠤᠨ ᠪᠠᠶᠢᠭᠤᠯᠣᠯᠲᠠ ᠶᠢᠨ | ᠬᠠᠷᠢᠭᠤᠴᠠᠯᠭ᠎ᠠ ᠶᠢᠨ ᠭᠤᠣᠯ ᠴᠣᠭᠴᠠ ᠳᠤ ᠬᠠᠨᠳᠤᠭᠤᠯᠵᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠳᠣᠭᠳᠠᠭᠠᠨ ᠬᠤᠪᠢ | ᠬᠦᠮᠦᠨ ᠤ ᠬᠠᠷᠢᠭᠤᠴᠠᠯᠭ᠎ᠠ ᠪᠠ ᠬᠠᠮᠲᠣ ᠶᠢᠨ ᠬᠠᠷᠢᠭᠤᠴᠠᠯᠭ᠎ᠠ᠂ ᠰᠢᠭᠤᠳ ᠬᠠᠷᠢᠭᠤᠴᠠᠯᠭ᠎ᠠ ᠪᠠ ᠣᠳᠣᠷᠢᠳᠣᠯᠭ᠎ᠠ | ᠶᠢᠨ ᠬᠠᠷᠢᠭᠤᠴᠠᠯᠭ᠎ᠠ ᠶᠢ ᠢᠯᠭᠠᠨ ᠰᠠᠯᠭᠠᠵᠦ ᠬᠠᠷᠢᠭᠤᠴᠠᠯᠭ᠎ᠠ ᠨᠡᠬᠡᠮᠵᠢᠯᠡᠬᠦ ᠳᠠᠷᠠᠭᠠᠯᠠᠯ᠂ ᠪᠠᠶᠢᠳᠠᠯ ᠪᠠ ᠠᠷᠭ᠎ᠠ ᠪᠠᠷᠢᠯ | ᠢ ᠳᠣᠳᠣᠷᠬᠠᠢ ᠳᠣᠭᠳᠠᠭᠠᠨ ᠳᠦᠪ ᠴᠢᠩᠭ᠎ᠠ ᠪᠠᠷᠢᠮᠵᠢᠶ᠎ᠠ᠂ ᠪᠣᠳᠠᠳᠠᠢ ᠠᠷᠭ᠎ᠠ ᠠᠪᠴᠠᠯ᠂ ᠡᠷᠡᠰ ᠴᠢᠩᠭ᠎ᠠ ᠠᠵᠢᠯ ᠤᠨ | ᠰᠣᠷᠳᠠᠯ ᠢᠶᠠᠷ ᠨᠠᠮ ᠢ ᠬᠠᠮᠢᠶᠠᠷᠴᠣ ᠨᠠᠮ ᠢ ᠵᠠᠰᠠᠬᠤ ᠡᠬᠦᠷᠭᠡ ᠬᠠᠷᠢᠭᠤᠴᠠᠯᠭ᠎ᠠ ᠪᠠᠨ ᠪᠣᠳᠠᠳᠠᠢ ᠳᠤ ᠲᠤᠭᠤᠰᠢᠯᠠᠭᠤᠯᠵᠦ | ︽ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ ᠨᠤᠮᠢᠨ ᠲᠠᠩᠰᠤᠭ ᠬᠦᠭᠵᠢᠨ ᠮᠠᠨᠳᠣᠯᠲᠠ ᠶᠢ ᠪᠡᠶᠡᠯᠡᠬᠦᠯᠬᠦ︾ ᠳᠤ | ᠡᠷᠬᠦᠪᠡᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠬᠡᠪᠡ᠃ | |