ᠮᠠᠨ ᠤ ᠬᠤᠰᠢᠭᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠣ ᠡᠳᠦᠷ ᠤᠨ ᠪᠠᠶᠠᠷ ᠢ ᠬᠦᠷ ᠬᠦᠭᠵᠢᠶᠠᠨ ᠲᠠᠢ ᠪᠡᠯᠬᠡᠯᠡᠯ᠎ᠠ 
ᠨᠡᠶᠢᠲᠡᠯᠡᠭᠰᠡᠨ ᠴᠠᠭ᠄
2019-02-22
     ᠴᠡᠭᠠᠨ ᠰᠠᠷ᠎ᠠ ᠶᠢᠨ ᠠᠷᠪᠡᠨ ᠲᠠᠪᠣᠨ ᠤ ᠦᠯᠵᠡᠶᠢᠳᠣ ᠡᠳᠣᠷ ᠤᠨ ᠪᠠᠶᠠᠷ ᠬᠦᠷᠴᠣ ᠢᠷᠡᠬᠦ ᠪᠠᠷ ᠮᠠᠨ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠢᠨ ᠨᠠᠷᠢᠯᠢᠭ ᠲᠥᠯᠥᠪᠯᠡᠨ ᠨᠢᠮᠪᠡᠢ ᠪᠠᠶᠢᠷᠢᠯᠠᠭᠤᠯᠵᠣ ᠶᠠᠩᠭᠠᠷ ᠪᠦᠵᠢᠭ ᠤᠨ ᠳᠣᠭᠤᠷᠢᠨ ᠳᠣᠭᠯᠠᠯᠳᠠ᠂ ᠶᠠᠩᠭᠠᠷ ᠪᠦᠵᠢᠭ ᠤᠨ ᠣᠷᠣᠯᠳᠣᠭᠠᠨ᠂ ᠳ᠋ᠸᠡᠭᠯᠣ ᠶᠢᠨ ᠦᠵᠡᠬᠦᠯᠥᠯᠭᠡ᠂ ᠣᠨᠢᠰᠤᠭ᠎ᠠ ᠳᠠᠭᠠᠬᠤ ᠮᠦᠷᠦᠶᠢᠴᠡᠬᠡᠨ᠂ ᠰᠣᠶᠣᠯ ᠤᠨ ᠳᠣᠭᠤᠶᠢᠯᠠᠩ  ᠤᠨ ᠳᠣᠭᠯᠠᠯᠳᠠ᠂ ᠣᠷᠠᠨ ᠪᠢᠴᠢᠯᠬᠡ ᠣᠷᠠᠨ ᠵᠢᠷᠤᠭ ᠤᠨ ᠳᠠᠯᠬᠡᠨ ᠦᠵᠡᠬᠦᠯᠥᠯᠬᠡ᠂ ᠨᠡᠶᠢᠬᠡᠮ ᠳᠣᠭᠤᠷᠢᠭ ᠤᠨ ᠰᠢᠷᠢᠰ ᠠᠵᠢᠯᠯᠠᠭ᠎ᠠ᠂ ᠦᠯᠵᠡᠶᠢᠳᠣ ᠡᠳᠦᠷ ᠤᠨ ᠦᠳᠡᠰᠢᠯᠡᠭᠡ᠂ ᠬᠤᠸᠠᠷ ᠫᠣᠣᠵᠢᠩ ᠤᠨ ᠦᠵᠡᠬᠦᠯᠥᠯᠬᠡ ᠵᠡᠷᠭᠡ ᠪᠠᠶᠠᠯᠢᠭ ᠠᠭᠤᠯᠭ᠎ᠠ ᠲᠠᠢ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠬᠦᠯᠥᠭᠰᠡᠨ ᠪᠠᠶᠢᠨ᠎ᠠ᠃      2 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠠᠴᠠ 2019 ᠣᠨ ᠤ ᠦᠯᠵᠡᠶᠢᠳᠣ ᠡᠳᠣᠷ ᠤᠨ ᠦᠳᠡᠰᠢᠯᠡᠭᠡ ᠶᠢ ᠡᠷᠭᠢᠯᠠᠨ ᠬᠢᠵᠦ᠂ ᠬᠤᠰᠢᠭᠤ ᠨᠠᠮ ᠶᠢᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠠᠷᠠᠳ ᠶᠢᠨ ᠲᠦᠯᠦᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠤ ᠸᠧᠢ ᠵᠡᠷᠭᠡ ᠪᠤᠯᠤᠨ ᠰᠢᠶᠠᠨ ᠤ ᠳᠡᠰ ᠤᠨ ᠬᠡᠷ ᠲᠡᠭᠡᠨ ᠪᠠᠶᠢᠭ᠎ᠠ ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠠᠷᠠᠳ ᠲᠦᠮᠡᠨ ᠬᠠᠮᠲᠤ ᠪᠠᠷ ᠦᠳᠡᠰᠢᠯᠡᠭᠡ ᠶᠢ ᠰᠤᠨᠢᠷᠬᠠᠪᠠ᠃     ᠦᠳᠡᠰᠢᠯᠡᠭᠡ ᠨᠢ ᠦᠤᠰᠢᠨ ᠮᠤᠷᠢᠨ ᠬᠤᠭᠤᠷ ᠤᠨ ᠰᠢᠮᠫᠤᠨᠢ ᠬᠦᠭᠵᠢᠮ ᠤᠨ ᠪᠦᠯᠬᠦᠮ ᠤᠨ  ︽ ᠬᠤᠭᠤᠷ ᠤᠨ ᠤᠶᠠᠩᠭᠠᠲᠤ ᠲᠠᠯ᠎ᠠ ᠨᠤᠳᠤᠭ︾ ᠢᠶᠠᠷ ᠬᠦᠰᠢᠭᠡ ᠪᠠᠨ ᠰᠡᠬᠦᠵᠦ᠂ ᠶᠠᠩᠭᠠᠷ ᠪᠦᠵᠢᠭ ᠤᠨ ᠤᠷᠤᠯᠳᠤᠭᠠᠨ ᠤ ᠨᠢᠬᠡᠳᠦᠬᠡᠷ  ᠲᠤ ᠲᠤᠳᠤᠷᠠᠭᠰᠠᠨ ᠲᠤᠭ ᠪᠠᠯᠭᠠᠰᠤᠨ ᠤ ᠶᠡᠭᠡ ᠨᠡᠬᠦᠳᠡᠯ ᠲᠤᠰᠬᠤᠨ ᠤ ᠶᠠᠩᠭᠠᠷ ᠪᠦᠵᠢᠭ ᠤᠨ ᠪᠦᠯᠬᠦᠮ ᠤᠨ ᠶᠠᠩᠭᠠᠷ ᠪᠦᠵᠢᠭ᠂ ᠦᠤᠰᠢᠨ ᠣᠯᠠᠭᠠᠠᠮᠦ᠋ᠴᠢᠷ ᠤᠨ ᠬᠠᠮᠳᠤᠯᠢᠭ ᠤᠨ ᠲᠠᠭᠤᠤ ︽ᠲᠤᠮᠳᠠᠲᠤ ᠶᠢᠨ ᠬᠦᠰᠡᠯ ᠵᠡᠬᠦᠲᠤ ᠪᠠᠨ ᠳᠡᠷᠭᠡᠯᠰᠢᠬᠦᠯᠦᠶ᠎ᠡ︾᠂ ᠬᠠᠮᠲᠤ ᠶᠢᠨ ᠪᠦᠵᠢᠭ ︽ᠠᠭᠳᠠ ᠬᠦᠯᠦᠭᠯᠡᠭᠰᠡᠨ ᠬᠠᠶᠢᠷ᠎ᠠ︾ ᠵᠡᠷᠬᠡ ᠳᠣᠭᠯᠠᠯᠳᠠ ᠪᠠᠷ ᠢᠶᠠᠨ ᠬᠤᠷᠠᠭᠰᠠᠨ ᠣᠯᠠᠨ ᠤ ᠬᠠᠷᠠᠭ᠎ᠠ ᠶᠢ ᠮᠢᠯᠢᠶᠠᠨ ᠰᠣᠨᠣᠷ ᠢ ᠪᠠᠶᠠᠰᠬᠠᠭᠰᠠᠨ ᠪᠠᠶᠢᠨ᠎ᠠ᠃     ᠦᠨᠣ ᠵᠢᠯ ᠤᠨ ᠦᠯᠵᠡᠶᠢᠳᠣ ᠡᠳᠣᠷ ᠤᠨ ᠪᠠᠶᠠᠷ ᠤᠨ ᠠᠵᠢᠯᠯᠠᠭ᠎ᠠ ᠨᠢ ᠦᠨᠳᠣᠰᠣᠳᠠᠨ ᠤ ᠰᠣᠶᠣᠯ ᠢ ᠣᠯᠠᠮᠵᠢᠯᠠᠨ ᠬᠦᠭᠵᠢᠬᠦᠯᠵᠣ ᠰᠣᠶᠣᠯ ᠤᠨ ᠠᠵᠣ ᠣᠶᠢᠯᠡᠰ ᠤᠨ ᠬᠦᠭᠵᠢᠯᠳᠡ ᠶᠢ ᠠᠬᠢᠭᠤᠯᠣᠨ ︽ᠴᠢᠨᠡᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠵᠣ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠠᠶᠠᠯᠡᠬᠦᠯᠬᠦ︾ ᠳᠤ ᠬᠦᠴᠦᠷᠬᠡᠭ ᠶᠡᠭᠡ ᠬᠦᠳᠡᠯᠬᠡᠭᠴᠢ ᠬᠦᠴᠦᠨ ᠪᠠ ᠰᠣᠶᠣᠯ ᠤᠨ ᠳᠣᠯᠭᠠᠭᠤᠷᠢᠯᠡᠯ ᠢ ᠬᠠᠩᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号