ᠮᠠᠨ ᠤ ᠬᠤᠰᠢᠭᠤ ᠡᠷᠡᠬᠦᠯ ᠴᠢᠬᠢᠷᠠᠭ ᠤᠷᠳᠤᠰ ᠢ ᠪᠦᠲᠦᠬᠡᠨ ᠪᠠᠶᠢᠭᠤᠯᠬᠤ ᠲᠦᠰᠦᠯ ᠤᠨ ᠵᠤᠷᠢᠭ ᠰᠠᠨᠠᠭ᠎ᠠ ᠶᠢ | ᠲᠤᠭᠤᠰᠢᠯᠠᠭᠤᠯᠵᠤ᠂ ᠡᠷᠡᠬᠦᠯ ᠴᠢᠬᠢᠷᠠᠭ ᠦᠤᠰᠢᠨ ᠤ ᠪᠦᠲᠦᠬᠡᠨ ᠪᠠᠶᠢᠭᠤᠯᠤᠯᠳᠠ ᠶᠢ ᠠᠬᠢᠭᠤᠯᠬᠤ ᠪᠠᠷ ᠡᠯ᠎ᠡ ᠠᠯᠪᠠᠨ | ᠪᠠᠶᠢᠭᠤᠯᠭ᠎ᠠ ᠶᠢᠨ ᠺᠠᠳ᠋ᠷ ᠠᠵᠢᠯᠳᠠᠳ ᠢᠶᠠᠨ ᠵᠤᠬᠢᠶᠠᠨ ᠪᠠᠶᠢᠭᠤᠯᠵᠤ ᠠᠵᠢᠯ ᠤᠨ ᠵᠠᠪᠰᠠᠷᠯᠠᠭ᠎ᠠ ᠶᠢᠨ ᠲᠠᠮᠢᠷ ᠬᠢᠵᠦ | ᠡᠬᠢᠯᠡᠯ᠎ᠡ᠃ ᠡᠨᠡ ᠨᠢ ᠺᠠᠳ᠋ᠷ ᠠᠵᠢᠯᠳᠠᠨ ᠤ ᠬᠠᠯᠠᠭᠤᠨ ᠬᠦᠷᠢᠶᠠᠯᠠᠯ ᠢ ᠤᠯᠵᠤ ᠪᠤᠢ᠃ ᠭᠠᠷᠠᠭ ᠤᠨ ᠨᠢᠬᠡᠨ ᠠᠴᠠ | ᠭᠠᠷᠠᠭ ᠤᠨ ᠲᠠᠪᠤᠨ ᠤ ᠦᠷᠯᠦᠬᠡ ᠪᠦᠷᠢ ᠶᠢᠨ ᠠᠷᠪᠠᠨ ᠴᠠᠭ ᠲᠤ᠂ ᠮᠠᠨ ᠤ ᠬᠤᠰᠢᠭᠤᠨ ᠤ ᠡᠯ᠎ᠡ ᠠᠯᠪᠠᠨ | ᠪᠠᠶᠢᠭᠤᠯᠭ᠎ᠠ ᠶᠢᠨ ᠺᠠᠳ᠋ᠷ ᠠᠵᠢᠯᠳᠠᠳ ᠪᠠᠭᠰᠢ ᠶᠢᠨ ᠵᠢᠯᠤᠭᠤᠳᠤᠯᠭ᠎ᠠ ᠲᠤᠤᠷ᠎ᠠ ᠨᠢᠳᠤᠷᠭᠠᠨ ᠡᠷᠳᠡᠮ ᠪᠤᠯᠪᠠᠰᠤᠷᠠᠳᠠᠭ᠃ | ᠨᠢᠳᠤᠷᠭᠠᠨ ᠡᠷᠳᠡᠮ ᠢ ᠴᠠᠭ ᠤᠷᠤᠨ ᠤ ᠬᠢᠵᠠᠭᠠᠷᠯᠠᠯ ᠦᠬᠡᠢ ᠪᠤᠯᠪᠠᠰᠤᠷᠠᠵᠤ ᠪᠤᠯᠳᠠᠭ᠃ ᠤᠷᠳᠤ | ᠬᠤᠭᠤᠴᠠᠭ᠎ᠠ ᠪᠠᠷ ᠠᠵᠢᠯ ᠤᠨ ᠵᠠᠪᠰᠠᠷᠯᠠᠭ᠎ᠠ ᠶᠢᠨ ᠲᠠᠮᠢᠷ ᠬᠢᠬᠦ ᠨᠢ ᠪᠡᠶ᠎ᠡ ᠮᠠᠬᠠᠪᠤᠳ ᠢ ᠴᠢᠬᠢᠷᠠᠭᠵᠢᠭᠤᠯᠬᠤ ᠮᠦᠷᠳᠡᠭᠡᠨ | ᠬᠦᠮᠦᠰ ᠤᠨ ᠬᠤᠭᠤᠷᠤᠨᠳᠤᠬᠢ ᠡᠶᠡᠯᠰᠡᠭ ᠬᠠᠷᠢᠴᠠᠭ᠎ᠠ ᠶᠢ ᠪᠤᠢ ᠪᠤᠯᠭᠠᠵᠤ᠂ ᠨᠡᠶᠢᠳᠡᠴᠢ ᠢᠷᠠᠭᠤ ᠠᠯᠳᠠᠷᠲᠤ | ᠰᠡᠳᠬᠢᠯᠬᠡ ᠶᠢ ᠴᠤᠭᠴᠠᠯᠠᠵᠤ ᠴᠢᠳᠠᠳᠠᠭ᠃ ᠦᠤᠰᠢᠨ ᠬᠤᠰᠢᠭᠤ ︽ᠡᠳᠦᠷ ᠪᠦᠷᠢ ᠨᠢᠬᠡ ᠴᠠᠭ ᠪᠤᠯᠪᠠᠰᠤᠷᠠᠵᠤ᠂ | ᠪᠦᠬᠦᠯᠢ ᠡᠳᠦᠷ ᠡᠷᠡᠬᠦᠯ ᠢᠶᠠᠷ ᠠᠵᠢᠯᠯᠠᠵᠤ᠂ ᠵᠤᠯ ᠵᠢᠷᠭᠠᠯᠳᠤ ᠨᠢᠬᠡ ᠨᠠᠰᠤ ᠶᠢ ᠦᠩᠬᠡᠷᠡᠬᠦᠯᠬᠦ︾ ᠤᠨᠤᠯᠵᠢᠭᠤᠨ ᠢᠶᠠᠷ | ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠪᠠᠷ ᠲᠤᠰ ᠠᠵᠢᠯᠯᠠᠭ᠎ᠠ ᠶᠢ ᠦᠷᠨᠢᠭᠦᠯᠦᠭᠰᠡᠨ ᠶᠣᠮ᠃ | ᠬᠤᠰᠢᠭᠤ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠠᠵᠢᠯᠳᠠᠨ ᠴᠡᠯᠡᠬᠡᠷ ᠢ ᠰᠤᠷᠪᠤᠯᠵᠢᠯᠠᠬᠤ ᠳᠤ ᠲᠡᠷᠡ᠄ | ︽ᠮᠠᠨᠤᠰ ᠡᠳᠦᠷᠵᠢᠨ ᠺᠤᠮᠫᠢᠦ᠋ᠲ᠋ᠧᠷ ᠬᠠᠷᠠᠭᠠᠳ ᠲᠦᠷᠪᠡ ᠲᠠᠪᠤᠨ ᠴᠠᠭ ᠰᠠᠭᠤᠴᠢᠬᠠᠨ᠎ᠠ᠃ ᠲᠤᠰᠬᠠᠢ | ᠵᠠᠪᠰᠠᠷᠯᠠᠭ᠎ᠠ ᠶᠢᠨ ᠲᠠᠮᠢᠷ ᠤᠷᠤᠭᠰᠠᠨ ᠤ ᠳᠠᠷᠠᠭ᠋ ᠠ ᠠᠵᠢᠯ ᠤᠨ ᠨᠦᠯᠦᠬᠡᠨ ᠠᠴᠠ ᠪᠤᠯᠤᠭᠰᠠᠨ ᠦᠶ᠎ᠡ ᠬᠡᠰᠢᠬᠦᠦ | ᠡᠪᠡᠳᠬᠦ ᠳᠤ ᠬᠦᠵᠦᠬᠦᠨ ᠤ ᠬᠦᠳᠡᠯᠭᠡᠭᠡᠨ ᠢ ᠬᠢᠬᠦ ᠪᠠ ᠨᠢᠳᠤᠷᠭᠠᠨ ᠲᠠᠮᠢᠷ ᠨᠢ ᠶᠡᠭᠡ ᠠᠰᠢᠭ ᠲᠠᠢ ᠪᠠᠶᠢᠨ᠎ᠠ︾ ᠬᠡᠮᠡᠨ | ᠶᠠᠷᠢᠵᠤ ᠪᠠᠶᠢᠯ᠎ᠠ | ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠠᠵᠢᠯᠳᠠᠨ ᠯᠤᠨᠳᠤᠨᠬᠤᠸᠠᠷ᠄ ︽ᠠᠯᠪᠠᠨ | ᠪᠠᠶᠢᠭᠤᠯᠭ᠎ᠠ ᠶᠢᠨ ᠠᠵᠢᠯᠳᠠᠳ ᠤᠨ ᠠᠵᠢᠯ ᠠᠮᠢᠳᠤᠷᠠᠯ ᠶᠠᠭᠠᠷᠠᠤ ᠠᠴᠠ ᠪᠤᠯᠵᠤ᠂ ᠦᠪᠡᠷ ᠢᠶᠠᠨ ᠲᠤᠰᠬᠠᠢ ᠴᠠᠭ | ᠭᠠᠷᠭᠠᠵᠤ᠂ ᠲᠠᠮᠢᠷ ᠤᠨ ᠬᠦᠳᠡᠯᠭᠡᠭᠡᠨ ᠳᠤ ᠤᠷᠤᠯᠴᠠᠵᠤ ᠲᠡᠶᠢᠯᠬᠦ ᠦᠬᠡᠢ ᠪᠠᠶᠢᠳᠠᠭ᠃ ᠲᠡᠶᠢᠮᠦ ᠠᠴᠠ ᠮᠠᠨ ᠤ | ᠬᠤᠰᠢᠭᠤ ᠡᠷᠡᠬᠦᠯ ᠴᠢᠬᠢᠷᠠᠭ ᠠᠮᠢᠳᠤᠷᠠᠯ ᠢ ᠰᠤᠷᠳᠠᠯᠴᠢᠯᠠᠵᠤ᠂ ᠵᠠᠪᠰᠠᠷᠯᠠᠭ᠎ᠠ ᠶᠢᠨ ᠲᠠᠮᠢᠷ ᠢ ᠶᠡᠭᠡ ᠪᠠᠷ | ᠦᠷᠨᠢᠬᠦᠯᠦᠭᠰᠡᠨ ᠨᠢ ᠮᠠᠨᠤᠰ ᠲᠤ ᠡᠷᠡᠬᠦᠯ ᠴᠢᠬᠢᠷᠠᠭ ᠤᠨ ᠲᠠᠯ᠎ᠠ ᠪᠠᠷ ᠳᠤᠩ ᠰᠠᠶᠢᠨ ᠭᠠᠵᠠᠷ ᠲᠠᠢ ᠬᠡᠵᠦ ᠪᠤᠳᠤᠵᠤ | ᠪᠠᠶᠢᠨ᠎ᠠ᠃ ᠡᠨᠡ ᠵᠠᠪᠰᠠᠷᠯᠠᠭ᠎ᠠ ᠶᠢᠨ ᠲᠠᠮᠢᠷ ᠤᠨ ᠬᠦᠳᠡᠯᠭᠡᠭᠡᠨ ᠨᠢ ᠤᠳᠠᠭᠠᠨ ᠮᠦᠷᠳᠡᠭᠡᠨ ᠲᠡᠶᠢᠮᠦ ᠬᠦᠴᠢᠷ | ᠬᠦᠳᠡᠯᠭᠡᠭᠡᠨ ᠦᠬᠡᠢ ᠪᠤᠯᠬᠤᠷ ᠶᠠᠮᠠᠷ ᠬᠦᠮᠦᠨ ᠴᠦ ᠤᠬᠤᠷᠬᠠᠨ ᠴᠠᠭ ᠤᠨ ᠲᠤᠳᠤᠷ᠎ᠠ ᠬᠢᠬᠡᠳ ᠠᠮᠵᠢᠨ᠎ᠠ︾ ᠬᠡᠮᠡᠨ | ᠪᠠᠶᠠᠷᠢᠲᠠᠶᠢᠬᠠᠨ ᠬᠡᠯᠡᠵᠤ ᠪᠢᠯᠡ᠃ | ᠮᠠᠨ ᠤ ᠬᠤᠰᠢᠭᠤ ᠡᠨᠡ ᠬᠦ ᠠᠵᠢᠯᠯᠠᠭ᠎ᠠ ᠶᠢ ᠤᠷᠳᠤ ᠬᠤᠭᠤᠴᠠᠭ᠎ᠠ ᠪᠠᠷ ᠪᠠᠷᠢᠮᠳᠠᠯᠠᠵᠤ᠂ ᠪᠦᠬᠦ ᠤᠯᠤᠰ ᠤᠨ | ᠰᠢᠶᠠᠨ ᠤ ᠳᠡᠰ ᠤᠨ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠲᠠᠢ ᠵᠤᠬᠢᠴᠠᠭᠤᠯᠬᠤ ᠶᠢᠨ ᠬᠠᠮᠳᠤ ᠪᠦᠬᠦ | ᠬᠤᠰᠢᠭᠤᠨ ᠤ ᠪᠠᠨ ᠺᠠᠳ᠋ᠷ ᠠᠵᠢᠯᠳᠠᠳ ᠤᠨ ᠪᠠᠶ᠎ᠡ ᠰᠡᠳᠬᠢᠯ ᠤᠨ ᠡᠷᠡᠬᠦᠯ ᠮᠠᠨᠳᠤ ᠶᠢ ᠠᠬᠢᠭᠤᠯᠬᠤ ᠪᠠᠷ ᠪᠤᠢ᠃ |