ᠮᠠᠨ ᠤ ᠬᠤᠰᠢᠭᠤ ᠡᠷᠡᠮᠡᠭᠡᠶᠢᠯᠡᠨ ᠤᠷᠤᠬᠰᠢᠯᠠᠵᠤ ᠰᠠᠶᠢᠨ ᠡᠭᠢᠯᠡᠯᠳᠠ ᠶᠢ ᠪᠤᠢ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2019-02-26
     ᠵᠢᠯ ᠤᠨ ᠠᠵᠢᠯ ᠬᠠᠪᠤᠷ ᠲᠠᠭᠠᠨ ᠭᠡᠳᠡᠭᠴᠢᠯᠠᠨ᠂ ᠡᠷᠡᠮᠡᠭᠡᠶᠢᠯᠡᠨ ᠤᠷᠤᠬᠰᠢᠯᠠᠵᠤ ᠭᠦᠴᠦᠯᠠᠨ ᠴᠢᠷᠮᠠᠶᠢᠬᠤ ᠲᠦᠷᠭᠦ ᠪᠠᠶᠢᠳᠠᠯ ᠰᠢᠨ᠎ᠠ ᠨᠢᠭᠡᠨ ᠵᠢᠯ ᠤᠨ ᠦᠡᠭᠭᠡ ᠴᠢᠮᠡᠭ ᠪᠤᠯᠵᠤ ᠬᠢᠯᠠᠯᠵᠠᠨ᠎ᠠ᠃ ᠴᠠᠭᠠᠨ ᠰᠠᠷ᠎ᠠ ᠶᠢᠨ ᠠᠮᠠᠷᠠᠯᠳᠠ ᠲᠠᠭᠤᠰᠴᠦ ᠠᠵᠢᠯ ᠳᠠᠭᠠᠨ ᠭᠠᠷᠤᠬᠰᠠᠨ ᠠᠩᠬᠠᠨ ᠤ ᠭᠠᠷᠠᠭ ᠲᠤ ᠮᠠᠨ ᠤ ᠬᠤᠰᠢᠭᠤ ᠰᠢᠨ᠎ᠠ ᠬᠤᠷᠳᠤᠴᠠ ᠪᠠ ᠭᠦᠴᠦᠯᠠᠴᠠ ᠪᠠᠷ ᠡᠷᠴᠢ ᠵᠤᠷᠢᠭ ᠢᠶᠠᠨ ᠭᠦᠪᠴᠢᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢ ᠠᠳᠬᠤᠨ ᠤᠶᠤᠨ ᠴᠢᠳᠠᠪᠤᠷᠢ ᠪᠠᠨ ᠡᠷᠴᠢᠮᠵᠢᠭᠦᠯᠵᠤ ᠭᠡᠪ ᠴᠢᠨᠠᠷ ᠢᠶᠠᠨ ᠲᠡᠭᠡᠭᠰᠢᠯᠡᠭᠦᠯᠭᠦ ᠪᠠᠶᠢᠳᠠᠯ ᠦᠷᠨᠢᠨ ᠭᠦᠭᠵᠢᠵᠤ ᠂ ᠡᠯ᠎ᠠ ᠱᠠᠳᠤᠨ ᠤ ᠤᠳᠤᠷᠢᠳᠤᠯᠭ᠎ᠠ ᠡᠷᠳᠡ ᠲᠦᠯᠦᠪᠯᠡᠨ ᠡᠷᠳᠡ ᠪᠠᠶᠢᠴᠠᠭᠠᠨ ᠰᠤᠳᠤᠯᠤᠯᠳᠠ ᠭᠢᠵᠤ ᠡᠷᠳᠡ ᠭᠦᠳᠡᠯᠤᠯᠴᠠᠨ ᠰᠠᠶᠢᠨ ᠡᠭᠢᠯᠠᠯᠳᠠ ᠶᠢ ᠪᠤᠢ ᠪᠤᠯᠭᠠᠬᠤ ᠰᠠᠭᠤᠷᠢ ᠶᠢ ᠪᠠᠭᠢᠵᠢᠭᠦᠯᠵᠤ᠂ ᠬᠤᠰᠢᠭᠤ ᠲᠠᠶᠠᠭᠠᠷ ᠢᠶᠠᠨ ᠭᠦᠴᠦ ᠪᠠᠨ ᠬᠠᠮᠳᠤᠳᠬᠠᠵᠤ᠂ ᠰᠢᠨ᠎ᠠ ᠡᠭᠦᠷᠭᠡᠯᠡᠯ ᠬᠠᠷᠢᠭᠤᠴᠠᠯᠭ᠎ᠠ ᠶᠢ ᠡᠭᠦᠷᠭᠡᠯᠡᠵᠤ ᠰᠢᠨ᠎ᠠ ᠦᠷ᠎ᠠ ᠪᠦᠳᠦᠮᠵᠢ ᠶᠢ ᠡᠭᠦᠳᠭᠦ ᠰᠢᠨ᠎ᠠ ᠲᠦᠷᠭᠦ ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃      ᠰᠢᠨ᠎ᠠ ᠬᠠᠪᠤᠷ ᠤᠨ ᠠᠩᠬᠠᠨ ᠤ ᠬᠤᠷᠠᠯ ᠡᠷᠴᠢ ᠵᠤᠷᠢᠭ ᠢ ᠭᠦᠪᠴᠢᠯᠠᠨ᠎ᠠ      ᠴᠠᠭᠠᠨ ᠰᠠᠷ᠎ᠠ ᠶᠢᠨ ᠠᠮᠠᠷᠠᠯᠳᠠ ᠲᠠᠭᠤᠰᠴᠦ ᠠᠵᠢᠯ ᠳᠤ ᠭᠠᠷᠤᠬᠰᠠᠨ ᠠᠩᠬᠠᠨ ᠤ ᠡᠳᠦᠷ᠂ ᠮᠠᠨ ᠤ ᠬᠤᠰᠢᠭᠤ ᠬᠤᠰᠢᠭᠤᠨ ᠤ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢᠢᠯᠠᠩ ᠤᠨ ᠰᠤᠷᠤᠯᠴᠠᠬᠤ ᠬᠤᠷᠠᠯ ᠢ ᠬᠤᠷᠠᠯᠳᠤᠭᠤᠯᠵᠤ᠂ ᠡᠷᠴᠢ ᠵᠤᠷᠢᠭ ᠢᠶᠠᠨ ᠭᠦᠪᠴᠢᠯᠠᠨ ᠴᠤᠭ ᠵᠢᠪᠬᠤᠭ᠎ᠠ ᠪᠠᠨ ᠪᠠᠳᠠᠷᠠᠭᠤᠯᠪᠠ᠃ ᠪᠦᠭᠦ ᠬᠤᠰᠢᠭᠤᠨ ᠤ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠰᠢ ᠶᠢᠨ ᠫᠢᠡᠭ ᠶᠡᠷᠦᠩᠭᠡᠢ ᠱᠦᠵᠢ ᠶᠢᠨ ᠴᠠᠭᠠᠨ ᠰᠠᠷ᠎ᠠ ᠶᠢᠨ ᠲᠠᠶᠢᠯᠠᠯᠭ᠎ᠠ ᠲᠡᠭᠡᠷ᠎ᠠ ᠲᠠᠯᠪᠢᠬᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠯᠢ ᠺᠧ ᠴᠢᠶᠠᠩ ᠶᠡᠷᠦᠩᠭᠡᠢ ᠰᠠᠶᠢᠳ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶᠡᠰ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠭᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠰᠤᠷᠤᠯᠴᠠᠯᠭ᠎ᠠ ᠪᠠᠷ ᠤᠯᠤᠰ ᠢᠶᠠᠨ ᠭᠦᠴᠦᠷᠭᠡᠭᠵᠢᠭᠦᠯᠭᠦ︾ ᠰᠤᠷᠤᠯᠴᠠᠬᠤ ᠲᠠᠪᠴᠠᠩ ᠤᠨ ᠭᠡᠷᠡᠭᠯᠡᠭᠡ ᠶᠢ ᠪᠦᠷᠭᠦᠵᠢᠭᠦᠯᠭᠦ ᠶᠢ ᠠᠭᠢᠭᠤᠯᠵᠤ᠂ ᠪᠦᠭᠦ ᠬᠤᠰᠢᠭᠤᠨ ᠤ ᠡᠯ᠎ᠠ ᠭᠦᠷᠢᠶ᠎ᠠ ᠴᠠᠷᠠᠭ᠎ᠠ᠂ ᠡᠯ᠎ᠠ ᠹᠷᠤᠨᠲ᠂ ᠡᠯ᠎ᠠ ᠠᠵᠢᠯ ᠲᠦᠷᠦᠯ ᠳᠤ ᠡᠷᠳᠡᠮ ᠴᠢᠳᠠᠪᠤᠷᠢ ᠪᠠᠨ ᠰᠢᠯᠭᠠᠷᠠᠭᠤᠯᠵᠤ ᠲᠠᠪᠠᠨ ᠭᠠᠷᠬᠤ ᠪᠠᠷ ᠴᠢᠷᠮᠠᠶᠢᠬᠤ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ᠃ ᠠᠵᠤ ᠠᠬᠤᠢ ᠨᠡᠶᠢᠭᠡᠮ ᠤᠨ ᠡᠯ᠎ᠠ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠭᠢᠵᠤ᠂ ᠪᠤᠳᠠᠳᠤ ᠠᠵᠢᠯᠯᠠᠭ᠎ᠠ ᠪᠠ ᠰᠢᠯᠢᠳᠡᠭ ᠭᠢᠷᠢ ᠪᠦᠳᠦᠮᠵᠢ ᠪᠠᠷ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠴᠢ ᠬᠠᠶᠢᠷ᠎ᠠ ᠶᠢ ᠬᠠᠷᠢᠭᠤᠯᠬᠤ ᠭᠡᠷᠡᠭᠳᠡᠢ ᠭᠡᠵᠤ ᠱᠠᠭᠠᠷᠳᠠᠪᠠ᠃      ᠰᠢᠨ᠎ᠠ ᠬᠠᠪᠤᠷ ᠤᠨ ᠠᠩᠬᠠᠨ ᠤ ᠬᠤᠷᠠᠯ ᠲᠡᠭᠡᠷ᠎ᠠ᠂ ᠮᠠᠨ ᠤ ᠬᠤᠰᠢᠭᠤ ᠡᠯ᠎ᠠ ᠱᠠᠳᠤᠨ ᠤ ᠤᠳᠤᠷᠢᠳᠤᠯᠭ᠎ᠠ ᠪᠠ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠳ ᠢ ᠡᠷᠴᠢ ᠵᠤᠷᠢᠭ ᠢᠶᠠᠨ ᠭᠦᠪᠴᠢᠯᠠᠵᠤ᠂ ᠦᠤᠰᠢᠨ ᠤ ᠭᠦᠭᠵᠢᠯᠳᠠ ᠶᠢᠨ ᠬᠤᠷᠳᠤᠴᠠ ᠶᠢ ᠲᠦᠷᠭᠡᠳᠭᠡᠨ᠂ ᠦᠤᠰᠢᠨ ᠤ ᠭᠦᠭᠵᠢᠯᠳᠠ ᠶᠢᠨ ᠰᠢᠨ᠎ᠠ ᠪᠦᠳᠦᠮᠵᠢ ᠶᠢ ᠡᠭᠦᠳᠴᠦ᠂ ᠪᠦᠭᠦ ᠵᠢᠯ ᠤᠨ ᠡᠯ᠎ᠠ ᠲᠦᠷᠦᠯ ᠤᠨ ᠠᠵᠢᠯ ᠤᠨ ᠰᠠᠶᠢᠨ ᠡᠭᠢᠯᠡᠯᠳᠠ ᠶᠢ ᠴᠢᠷᠮᠠᠶᠢᠨ ᠪᠤᠢ ᠪᠤᠯᠭᠠᠵᠤ᠂ ᠨᠤᠮᠢᠨ ᠲᠠᠩᠰᠤᠭ ᠭᠦᠭᠵᠢᠯᠳᠠ ᠶᠢᠨ ᠰᠢᠨ᠎ᠠ ᠭᠦᠰᠡᠯ ᠡᠷᠡᠮᠠᠯᠵᠠᠯ ᠢ ᠡᠪᠤᠷᠯᠠᠨ ᠡᠷᠡᠮᠡᠭᠡᠶᠢᠯᠠᠨ ᠤᠷᠤᠬᠰᠢᠯᠠᠬᠤ ᠭᠡᠷᠡᠭᠳᠡᠢ ᠭᠡᠵᠤ ᠱᠠᠭᠠᠷᠳᠠᠪᠠ᠃      ᠨᠢᠭᠡ ᠳᠤ᠂ ᠡᠷᠡᠮᠡᠭᠡᠶᠢᠯᠡᠨ ᠤᠷᠤᠬᠰᠢᠯᠬᠠᠤ ᠡᠷᠴᠢ ᠵᠤᠷᠢᠭ ᠢ ᠭᠦᠪᠴᠢᠯᠠᠵᠤ᠂ ︽ᠴᠤᠴᠠᠯᠳᠠ ᠦᠭᠡᠢ ᠤᠷᠤᠬᠰᠢᠯᠠᠵᠤ᠂ ᠰᠢᠭᠤᠷᠬᠠᠢᠢᠯᠠᠨ ᠲᠡᠮᠡᠴᠡᠭᠦ︾ ᠵᠤᠷᠢᠭ ᠰᠠᠨᠠᠭ᠎ᠠ ᠶᠢ ᠪᠠᠳᠠᠷᠠᠭᠤᠯᠵᠤ᠂ ᠲᠡᠭᠡᠷ᠎ᠠ ᠱᠠᠳᠤᠨ ᠤ ᠲᠦᠷᠦ ᠶᠢᠨ ᠪᠤᠳᠤᠯᠭ᠎ᠠ ᠶᠢ ᠰᠠᠶᠢᠳᠤᠷ ᠠᠰᠢᠬᠯᠠᠨ ᠠᠮᠢᠳᠤᠯᠢᠭ ᠢᠶᠠᠷ ᠠᠰᠢᠬᠯᠠᠵᠤ᠂ ᠲᠡᠭᠡᠷ᠎ᠠ ᠱᠠᠳᠤᠨ ᠤ ᠲᠦᠷᠦᠯ ᠵᠦᠢᠯ ᠪᠠ ᠪᠠᠯᠠ ᠮᠦᠡᠭᠭᠦ ᠶᠢ ᠤᠯᠠᠨ ᠠᠷᠭ᠎ᠠ ᠵᠠᠮ᠂ ᠤᠯᠠᠨ ᠲᠡᠰ ᠲᠠᠪᠬᠤᠷᠭ᠎ᠠ ᠪᠠᠷ ᠬᠤᠪᠢᠳᠠᠨ ᠤᠯᠵᠤ᠂ ᠴᠢᠬᠤᠯᠠ ᠶᠡᠭᠡ ᠲᠦᠷᠦᠯ ᠵᠦᠢᠯ ᠤᠨ ᠭᠠᠷ ᠭᠦᠢᠴᠡᠳᠭᠡᠯ ᠢ ᠲᠦᠷᠭᠡᠳᠭᠡᠨ ᠭᠦᠢᠴᠡᠳᠭᠡᠨ᠎ᠠ᠃ ᠬᠤᠶᠠᠷ ᠲᠤ᠂ ᠭᠠᠪᠰᠢᠭᠠᠢᠢᠯᠠᠨ ᠲᠠᠭᠠᠷᠢᠬᠤ ᠡᠷᠴᠢ ᠵᠤᠷᠢᠭ ᠢ ᠭᠦᠪᠴᠢᠯᠠᠵᠤ᠂ ︽ᠭᠦᠭᠡᠬᠤᠳᠠ ᠪᠤᠭᠤᠳᠤ ᠤᠷᠳᠤᠰ ᠲᠡᠮᠡᠭᠡᠳᠤ ᠬᠤᠳᠠ ᠶᠢᠨ ᠰᠦᠷᠦᠭᠵᠢᠯ ᠭᠦᠭᠵᠢᠯᠳᠠ ᠶᠢᠨ ᠲᠦᠯᠦᠪᠵᠢᠭᠦᠯᠭᠡ︾ ᠶᠢ ᠭᠡᠷᠡᠭᠵᠢᠭᠦᠯᠭᠦ ᠠᠵᠠ ᠲᠤᠭᠢᠶᠠᠯ ᠢ ᠠᠳᠬᠤᠵᠤ᠂ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠲᠤᠮᠳᠠᠲᠤ ᠤᠷᠤᠨ ᠭᠦᠷᠭᠦ ᠲᠡᠮᠤᠷ ᠵᠠᠮ ᠤᠨ ᠡᠭᠢᠯᠠᠯᠳᠠ ᠶᠢᠨ ᠤᠷᠤᠨ ᠪᠤᠯᠤᠬᠰᠠᠨ ᠲᠠᠪᠠᠭᠤᠯᠢᠭ ᠢ ᠠᠰᠢᠬᠯᠠᠨ᠂ ᠤᠢᠢᠷ᠎ᠠ ᠬᠠᠪᠢ ᠶᠢᠨ ᠭᠠᠵᠠᠷ ᠤᠷᠤᠨ ᠯᠤᠭ᠎ᠠ ᠶᠢᠨ ᠬᠠᠮᠳᠤᠷᠠᠯᠴᠠᠭ᠎ᠠ ᠪᠠᠨ ᠲᠦᠷᠭᠡᠳᠭᠡᠵᠤ᠂ ︽ᠨᠢᠭᠡ ᠪᠦᠰᠡ ᠨᠢᠭᠡ ᠵᠠᠮ︾ ᠪᠠ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠨᠭ᠍ᠭᠢᠯ ᠤᠨ ᠪᠦᠳᠦᠭᠡᠨ ᠪᠠᠶᠢᠭᠤᠯᠤᠯᠳᠠ ᠲᠠᠢ ᠭᠦᠨᠵᠡᠭᠡᠢ ᠠᠭᠤᠰᠤᠯᠴᠠᠭᠤᠯᠤᠨ᠂ ᠡᠨᠧᠷᠭᠢ ᠭᠢᠮᠢ ᠶᠢᠨ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠭᠦᠨ᠂ ᠰᠤᠶᠤᠯ ᠵᠤᠭᠠᠴᠠᠯ ᠤᠨ ᠦᠢᠯᠡᠳᠭᠦᠨ ᠢ ᠭᠠᠳᠠᠬᠰᠢ ᠭᠠᠷᠭᠠᠵᠤ ᠵᠠᠬ᠎ᠠ ᠲᠡᠯᠭᠡᠭᠦᠷ ᠤᠨ ᠲᠦᠢᠯᠰᠢᠷᠠᠯ ᠢ ᠦᠷᠭᠡᠳᠭᠡᠨ᠎ᠠ᠃ ᠭᠤᠷᠪᠠ ᠳᠤ᠂ ᠭᠦᠴᠦᠯᠠᠨ ᠴᠢᠷᠮᠠᠶᠢᠬᠤ ᠡᠷᠴᠢ ᠵᠤᠷᠢᠭ ᠢ ᠭᠦᠪᠴᠢᠯᠠᠵᠤ᠂ ᠡᠷᠡᠰ ᠴᠢᠩᠭ᠎ᠠ ᠪᠠᠶᠢᠬᠤ ᠶᠢ ᠡᠩ ᠲᠡᠷᠢᠭᠦᠨ ᠳᠤ ᠴᠢᠬᠤᠯᠠᠴᠢᠯᠠᠨ᠂ ᠵᠤᠷᠢᠭᠳᠠᠢ ᠬᠠᠷᠢᠭᠤᠴᠠᠵᠤ᠂ ᠲᠦᠪ ᠤᠨ ᠲᠤᠭᠤᠷᠢᠨ ᠪᠠᠶᠢᠴᠠᠭᠠᠵᠤ ︽ᠡᠷᠭᠢᠵᠤ ᠬᠠᠷᠠᠬᠤ︾᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠤ ︽ᠡᠷᠭᠢᠵᠤ ᠬᠠᠷᠠᠬᠤ︾᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠪᠠ ᠲᠡᠭᠡᠷ᠎ᠠ ᠱᠠᠳᠤᠨ ᠤ ᠨᠠᠮ ᠤᠨ ᠬᠤᠷᠢᠶ᠎ᠠ ᠶᠢᠨ ᠡᠯ ᠎ᠠ ᠲᠦᠷᠦᠯ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠬᠰᠨᠨ ᠰᠠᠨᠠᠯ ᠳᠤ ᠴᠢᠭᠯᠡᠭᠦᠯᠦᠨ ᠪᠦᠭᠦ ᠲᠠᠯ᠎ᠠ ᠪᠠᠷ ᠡᠮᠭᠢᠳᠭᠡᠨ ᠲᠢᠭᠯᠡᠵᠤ᠂ ᠲᠤᠳᠠᠬᠳᠠᠯ ᠢᠶᠠᠨ ᠬᠠᠯᠠᠨ ᠲᠤᠳᠠᠭᠤᠳᠠᠯ ᠢᠶᠠᠨ ᠨᠦᠭᠦᠪᠤᠷᠢᠯᠠᠵᠤ᠂ ᠪᠦᠭᠦᠨ ᠢ ᠴᠡᠭᠴᠡᠯᠡᠨ ᠰᠠᠶᠢᠵᠢᠷᠠᠭᠤᠯᠵᠤ ᠤᠷᠤᠨᠵᠢᠭᠤᠯᠤᠨ᠎ᠠ᠃ ᠲᠦᠷᠪᠡ ᠳᠤ᠂ ᠡᠷᠡᠰ ᠬᠠᠳᠠᠨ ᠡᠷᠴᠢ ᠵᠤᠷᠢᠭ ᠢ ᠭᠦᠪᠴᠢᠯᠠᠵᠤ᠂ ᠢᠯᠠᠩᠭᠤᠶ᠎ᠠ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠂ ᠭᠦᠳᠡᠭᠡ ᠲᠤᠰᠬᠤᠨ ᠢ ᠭᠦᠭᠵᠢᠭᠦᠯᠭᠦ᠂ ᠦᠭᠡᠷᠡᠴᠢᠯᠠᠯᠳᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠭᠦ᠂ ᠪᠦᠭᠦ ᠤᠯᠤᠰ ᠤᠨ ᠬᠤᠰᠢᠭᠤ ᠰᠢᠶᠠᠨ ᠤ ᠱᠠᠳᠤᠨ ᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠢᠮᠠᠬᠳᠠ ᠴᠢᠬᠤᠯᠠᠴᠢᠯᠠᠨ ᠦᠵᠡᠵᠤ᠂ ᠦᠷᠭᠦᠯᠵᠢᠯᠠᠨ ᠠᠳᠬᠤᠵᠤ᠂ ᠪᠠᠶᠢᠡᠭᠭᠤ ᠠᠳᠬᠤᠨ᠂ ᠡᠭᠦᠷᠢᠳᠠ ᠪᠠᠷᠢᠮᠳᠠᠯᠠᠵᠤ᠂ ᠡᠴᠦᠰ ᠲᠤᠨᠢ ᠲᠤᠯᠳᠠᠯ᠎ᠠ ᠪᠠᠷᠢᠮᠳᠠᠯᠠᠨ᠂ ᠪᠦᠭᠦ ᠵᠢᠯ ᠤᠨ ᠡᠯ᠎ᠠ ᠲᠦᠷᠦᠯ ᠤᠨ ᠠᠵᠢᠯ ᠢᠶᠠᠨ ᠲᠡᠭᠦᠰ ᠠᠮᠵᠢᠯᠳᠠ ᠲᠠᠢ ᠪᠡᠶᠡᠯᠡᠭᠦᠯᠵᠤ᠂ ᠦᠤᠰᠢᠨ ᠬᠤᠰᠢᠭᠤᠨ ᠤ ᠴᠢᠨᠠᠷ ᠰᠠᠶᠢᠳᠠᠢ ᠭᠦᠭᠵᠢᠯᠳᠠ ᠶᠢ ᠠᠭᠢᠭᠤᠯᠤᠨ᠂ ᠨᠤᠮᠢᠨ ᠲᠠᠩᠰᠤᠭ ᠭᠦᠭᠵᠢᠯᠳᠠ ᠶᠢ ᠪᠡᠶᠡᠯᠡᠭᠦᠯᠵᠤ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠰᠢᠯᠢᠳᠡᠭ ᠭᠢᠷᠢ ᠪᠦᠳᠦᠮᠵᠢ ᠪᠠᠷ ᠪᠠᠶᠠᠷᠯᠠᠨ ᠪᠡᠯᠭᠡᠯᠡᠨ᠎ᠠ᠃      ᠲᠤᠮᠤ ᠠᠰᠠᠭᠤᠨ ᠰᠤᠷᠪᠤᠯᠵᠢᠯᠠᠭ᠎ᠠ ᠲᠤᠮᠤ ᠪᠠᠶᠢᠴᠠᠭᠠᠨ ᠰᠤᠳᠤᠯᠤᠯᠳᠠ ᠪᠠᠷ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ      ᠰᠤᠷᠤᠯᠴᠠᠯᠭ᠎ᠠ ᠶᠢ ᠨᠢᠭᠡᠳᠤᠭᠡᠷ ᠹᠷᠤᠨᠲ ᠲᠤ ᠦᠷᠨᠢᠬᠦᠯᠤᠨ᠂ ᠬᠠᠮᠳᠤ ᠶᠢᠨ ᠳᠠᠨᠢᠯᠳᠠ ᠶᠢ ᠨᠢᠭᠡᠳᠤᠭᠡᠷ ᠹᠷᠤᠨᠲ ᠲᠤ ᠪᠤᠢ ᠪᠤᠯᠭᠠᠵᠤ᠂ ᠳᠦᠷᠦ ᠶᠢᠨ ᠪᠤᠳᠤᠯᠭ᠎ᠠ ᠶᠢ ᠨᠢᠭᠡᠳᠤᠭᠡᠷ ᠹᠷᠤᠨᠲ ᠲᠤ ᠳᠠᠶᠢᠯᠪᠤᠷᠢᠯᠠᠨ ᠶᠠᠷᠢᠵᠤ᠂ ᠰᠢᠢᠳᠪᠤᠷᠢᠳᠤ ᠪᠤᠳᠤᠯᠭ᠎ᠠ ᠶᠢ ᠨᠢᠭᠡᠳᠤᠭᠡᠷ ᠹᠷᠤᠨᠲ ᠲᠤ ᠨᠠᠶᠢᠳᠠᠪᠤᠷᠢᠵᠢᠭᠤᠯᠤᠨ᠂ ᠠᠰᠠᠭᠤᠳᠠᠯ ᠢ ᠨᠢᠭᠡᠳᠤᠭᠡᠷ ᠹᠷᠤᠨᠲ ᠲᠤ ᠰᠢᠢᠳᠪᠤᠷᠢᠯᠡᠬᠦ ᠁ ᠤᠢᠢᠷ᠎ᠠ ᠶᠢᠨ ᠡᠳᠤᠷ ᠤᠳ ᠲᠤ ᠮᠠᠨ ᠤ ᠬᠤᠰᠢᠭᠤ ᠲᠤᠮᠤ ᠠᠰᠠᠭᠤᠨ ᠰᠤᠷᠪᠤᠯᠵᠢᠯᠠᠭ᠎ᠠ ᠲᠤᠮᠤ ᠪᠠᠶᠢᠴᠠᠭᠠᠨ ᠰᠤᠳᠤᠯᠤᠯᠳᠠ ᠬᠢᠵᠤ᠂ ᠡᠯ᠎ᠠ ᠳᠦᠷᠤᠯ ᠤᠨ ᠠᠵᠢᠯ ᠤᠨ ᠨᠠᠶᠢᠳᠠᠪᠤᠷᠢᠵᠢᠭᠤᠯᠤᠯᠳᠠ ᠶᠢ ᠠᠬᠢᠭᠤᠯᠤᠭᠰᠠᠨ ᠪᠠᠶᠢᠨ᠎ᠠ᠃      ᠪᠠᠶᠢᠭᠤᠯᠤᠮᠵᠢ ᠶᠢᠨ ᠦᠭᠡᠷᠡᠴᠢᠯᠡᠯᠳᠡ ᠪᠤᠯ ᠤᠳᠤᠬᠠᠨ ᠤ ᠠᠵᠢᠯ ᠤᠨ ᠴᠢᠬᠤᠯᠠ ᠭᠤᠤᠯᠳᠠᠯᠭ᠎ᠠ ᠪᠠᠶᠢᠵᠤ᠂ ᠦᠤᠰᠢᠨ ᠬᠤᠰᠢᠭᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ 2 ᠰᠠᠷ᠎ᠠ ᠶᠢᠨ 2 ᠤᠨ ᠡᠳᠤᠷ᠂ ᠪᠢᠯᠢᠭ ᠤᠨ ᠤᠯᠠᠷᠢᠯ ᠤᠨ ᠦᠭᠡᠯᠵᠢᠨ ᠰᠠᠷ᠎ᠠ ᠶᠢᠨ ᠬᠤᠷᠢᠨ ᠨᠠᠢᠮᠠᠨ ᠳᠤ᠂ ᠮᠠᠨ ᠤ ᠬᠤᠰᠢᠭᠤᠨ ᠤ ᠨᠠᠮ ᠵᠠᠰᠠᠭ ᠲᠠᠢ ᠬᠤᠯᠪᠤᠬᠳᠠᠬᠰᠠᠨ ᠨᠢᠭᠡᠴᠢ ᠪᠠ ᠬᠤᠰᠢᠭᠤᠨ ᠤ ᠬᠠᠮ ᠵᠠᠭᠤᠴᠢᠯᠠᠭᠤᠷ ᠤᠨ ᠳᠦᠪ ᠵᠡᠷᠭᠡ 21 ᠪᠠᠶᠢᠭᠤᠯᠭ᠎ᠠ ᠨᠢᠭᠡᠴᠢ ᠬᠠᠮᠳᠤ ᠪᠠᠷ ᠫᠠᠶᠢᠰᠠ ᠡᠯᠬᠦᠨ ᠠᠵᠢᠯᠯᠠᠵᠤ᠂ ᠡᠨᠡ ᠨᠢ ᠳᠤᠰ ᠬᠤᠰᠢᠭᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ ᠱᠠᠳᠤᠴᠢ ᠴᠢᠨᠠᠷᠳᠠᠢ ᠦᠷ᠎ᠠ ᠪᠦᠳᠤᠭᠡᠯ ᠤᠯᠤᠬᠰᠠᠨ ᠢ ᠬᠠᠷᠠᠭᠤᠯᠪᠠ᠃      ᠴᠠᠭᠠᠨ ᠰᠠᠷ᠎ᠠ ᠶᠢᠨ ᠰᠢᠨ᠎ᠠ ᠶᠢᠨ ᠳᠤᠯᠤᠭᠠᠨ ᠳᠤ ᠠᠵᠢᠯᠯᠠᠬᠰᠠᠨ ᠤ ᠳᠠᠷᠠᠭᠠᠬᠢ ᠭᠡᠳᠤᠨ ᠡᠳᠤᠷ ᠲᠤ᠂ ᠮᠠᠨ ᠤ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠨᠢ ᠴᠠᠭᠠᠨ ᠰᠠᠷ᠎ᠠ ᠶᠢᠨ ᠠᠮᠤᠷ ᠠᠶᠢᠯᠠᠳᠬᠠᠨ᠂ ᠵᠠᠷᠢᠮ ᠦᠭᠡᠷᠡᠴᠢᠯᠡᠯᠳᠡ ᠬᠢᠵᠤ ᠪᠠᠶᠢᠭ᠎ᠠ ᠰᠠᠯᠠᠭ᠎ᠠ ᠮᠦᠴᠢᠷ ᠤᠨ ᠬᠢᠨ ᠳᠤ ᠴᠠᠭ ᠢ ᠵᠠᠪᠳᠤᠨ ᠬᠦᠷᠴᠤ᠂ ᠳᠡᠳᠡᠨ ᠤ ᠠᠵᠢᠯ ᠤᠨ ᠪᠠᠶᠢᠳᠠᠯ ᠢ ᠤᠢᠢᠯᠠᠭᠠᠨ᠂ ᠬᠤᠯᠪᠤᠬᠳᠠᠯ ᠪᠦᠬᠦᠢ ᠠᠵᠢᠯ ᠤᠳ ᠢ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃ ᠳᠡᠳᠡᠨ ᠢ ᠢᠳᠡᠭᠡᠯ ᠵᠤᠷᠢᠭ ᠢᠶᠠᠨ ᠪᠠᠳᠤᠳᠬᠠᠨ᠂ ᠵᠤᠷᠢᠬᠳᠠᠢ ᠠᠵᠢᠯᠯᠠᠵᠤ᠂ ᠨᠡᠭᠡᠭᠡᠯᠳᠡ ᠬᠢᠵᠤ ᠤᠷᠤᠬᠰᠢᠯᠠᠨ᠂ ᠰᠢᠨ᠎ᠠ ᠰᠡᠳᠬᠢᠴᠡ᠂ ᠰᠢᠨ᠎ᠠ ᠠᠷᠭ᠎ᠠ ᠪᠠᠷᠢᠯ᠂ ᠰᠢᠨ᠎ᠠ ᠰᠤᠷᠳᠠᠯ ᠢᠶᠠᠷ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠵᠤ᠂ ᠪᠦᠬᠦ ᠵᠢᠯ ᠤᠨ ᠠᠵᠢᠯ ᠤᠨ ᠬᠠᠷᠠᠯᠳᠠᠳᠤ ᠡᠬᠦᠷᠭᠡ ᠶᠢ ᠪᠡᠶᠡᠯᠡᠬᠦᠯᠬᠦ ᠳᠤ ᠰᠠᠶᠢᠨ ᠡᠬᠢᠯᠡᠯᠳᠡ ᠲᠠᠢ ᠪᠤᠯᠭᠠᠭᠠᠷᠠᠢ ᠭᠡᠵᠤ ᠬᠦᠰᠡᠮᠵᠢᠯᠡᠪᠡ᠃       ᠮᠠᠨ ᠤ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠴᠦᠬᠦᠷᠡᠯ ᠦᠭᠡᠢ ᠠᠵᠢᠯᠯᠠᠵᠤ᠂ ᠤᠷᠢᠳ ᠬᠤᠵᠢᠳ ᠦᠵᠡᠯ ᠤᠬᠠᠮᠰᠠᠷ ᠤᠨ ᠪᠠᠶᠢᠳᠠᠯ᠂ ᠵᠤᠬᠢᠶᠠᠨ ᠪᠠᠶᠢᠭᠤᠯᠬᠤ ᠠᠵᠢᠯ᠂ ᠨᠠᠮ ᠤᠨ ᠪᠠᠶᠢᠭᠤᠯᠤᠯᠳᠠ᠂ ᠳᠤᠭᠤᠷᠢᠨ ᠪᠠᠶᠢᠴᠠᠭᠠᠯᠳᠠ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠂ ᠬᠦᠳᠡᠭᠡ ᠳᠤᠰᠬᠤᠨ ᠢ ᠬᠦᠭᠵᠢᠬᠦᠯᠭᠦ ᠵᠡᠷᠭᠡ ᠡᠯ᠎ᠠ ᠳᠦᠷᠤᠯ ᠤᠨ ᠠᠵᠢᠯ ᠳᠤ ᠬᠦᠨᠵᠡᠭᠡᠢ ᠪᠠᠶᠢᠴᠠᠭᠠᠨ ᠰᠤᠳᠤᠯᠤᠯᠳᠠ ᠬᠢᠵᠤ᠂ ᠳᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠂ ᠠᠮᠢ ᠠᠬᠤᠢ ᠶᠢᠨ ᠪᠤᠯᠪᠠᠰᠤᠨ᠂ ᠬᠦᠳᠡᠭᠡ ᠳᠤᠰᠬᠤᠨ ᠤ ᠪᠤᠯᠪᠠᠰᠤᠨ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠵᠡᠷᠭᠡ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠠ ᠳᠦᠷᠤᠯ ᠤᠨ ᠠᠵᠢᠯ ᠢ ᠳᠠᠬᠢᠨ ᠰᠢᠨ᠎ᠠ ᠳᠡᠭᠳᠡᠷ ᠲᠤ ᠭᠠᠷᠭᠠᠬᠤ ᠶᠢ ᠠᠬᠢᠭᠤᠯᠤᠬᠰᠠᠨ ᠪᠠᠶᠢᠨ᠎ᠠ᠃      ᠰᠤᠷᠤᠯᠴᠠᠯᠭ᠎ᠠ ᠶᠢᠨ ᠬᠢᠷᠢ ᠪᠦᠳᠤᠮᠵᠢ ᠶᠢ ᠬᠤᠪᠢᠷᠠᠭᠤᠯᠬᠤ ᠶᠢ ᠨᠠᠶᠢᠳᠠᠪᠤᠷᠢᠵᠢᠭᠤᠯᠤᠯᠳᠠ ᠶᠢ ᠠᠳᠬᠤᠬᠤ ᠪᠤᠳᠠᠳᠠᠢ ᠠᠵᠢᠯᠯᠠᠭ᠎ᠠ ᠪᠤᠯᠭᠠᠨ᠎ᠠ      2 ᠰᠠᠷ᠎ᠠ ᠶᠢᠨ 14 ᠤ ᠡᠳᠤᠷ ᠠᠴᠠ 15 ᠤ ᠡᠳᠤᠷ ᠪᠤᠯᠳᠠᠯ᠎ᠠ᠂ ᠦᠤᠰᠢᠨ ᠬᠤᠰᠢᠭᠤᠨ ᠤ ᠨᠠᠮ ᠤᠨ ᠭᠡᠰᠢᠬᠦᠨ ᠺᠠᠳ᠋ᠷᠴᠤᠳ ︽ᠴᠢᠳᠠᠪᠤᠷᠢ ᠪᠠᠨ ᠴᠢᠩᠭᠠᠳᠬᠠᠬᠤ᠂ ᠭᠡᠪ ᠪᠤᠯᠪᠠᠰᠤᠷᠠᠯ ᠢ ᠳᠡᠭᠡᠭᠰᠢᠯᠡᠬᠦᠯᠬᠦ᠂ ᠰᠠᠭᠤᠷᠢ ᠶᠢ ᠪᠠᠳᠤᠳᠬᠠᠬᠤ︾ ᠰᠢᠷᠢᠰ ᠰᠤᠷᠤᠯᠴᠠᠯᠭ᠎ᠠ ᠰᠤᠳᠤᠯᠭᠠᠨ ᠤ ᠠᠵᠢᠯᠯᠠᠭ᠎ᠠ ᠶᠢᠨ ᠬᠢᠴᠢᠶᠡᠯ ᠢ ᠡᠬᠢᠯᠡᠬᠦᠯᠵᠤ᠂ ᠳᠡᠷᠡᠴᠢᠯᠡᠨ ᠠᠩᠬᠠᠳᠠᠬᠴᠢ ᠬᠤᠭᠤᠴᠠᠭᠠᠨ ᠤ ᠪᠤᠯᠪᠠᠰᠤᠷᠠᠯ ᠬᠢᠭᠰᠡᠨ ᠪᠠᠶᠢᠨ᠎ᠠ᠃      ᠬᠤᠷᠠᠯ ᠨᠢ ᠸᠢᠳᠢᠣ᠋ ᠬᠤᠷᠠᠯ ᠤᠨ ᠭᠡᠯᠪᠡᠷᠢ ᠪᠠᠷ ᠬᠤᠰᠢᠭᠤ᠂ ᠰᠤᠮᠤ ᠰᠢᠶᠠᠩ ᠪᠠᠯᠭᠠᠰᠤ ᠪᠠ ᠭᠠᠴᠠᠭ᠎ᠠ ᠳᠤᠰᠬᠤᠨ ︵ᠨᠡᠶᠢᠭᠡᠮ ᠳᠤᠭᠤᠷᠢᠭ︶ ᠳᠤ ᠶᠠᠪᠤᠬᠳᠠᠪᠠ᠃ ᠪᠦᠬᠦ ᠬᠤᠰᠢᠭᠤᠨ ᠤ ᠡᠯ᠎ᠠ ᠱᠠᠳᠤᠨ ᠤ ᠤᠳᠤᠷᠢᠳᠤᠯᠭ᠎ᠠ᠂ ᠨᠠᠮ ᠤᠨ ᠭᠡᠰᠢᠬᠦᠨ ᠺᠠᠳ᠋ᠷᠴᠤᠳ᠂ ᠰᠠᠭᠤᠭᠠᠯᠢ ᠠᠷᠠᠳ ᠤᠷᠤᠯᠴᠠᠵᠤ᠂ ᠬᠠᠮᠳᠤ ᠪᠠᠷ ᠡᠳ᠋ᠯᠡᠬᠦ ᠦᠵᠡᠯ ᠰᠠᠨᠠᠭ᠎ᠠ ᠤᠨᠤᠯ ᠤᠨ ᠰᠤᠷᠤᠯᠴᠠᠯᠭ᠎ᠠ ᠶᠢᠨ ᠦᠪᠡᠳᠡᠭᠰᠢ ᠬᠤᠷᠠᠯ ᠪᠤᠯᠤᠬᠰᠠᠨ ᠪᠠᠶᠢᠨ᠎ᠠ᠃      ︽ᠴᠢᠳᠠᠪᠤᠷᠢ ᠪᠠᠨ ᠴᠢᠩᠭᠠᠳᠬᠠᠬᠤ᠂ ᠭᠡᠪ ᠪᠤᠯᠪᠠᠰᠤᠷᠠᠯ ᠢ ᠳᠡᠭᠡᠭᠰᠢᠯᠡᠬᠦᠯᠬᠦ᠂ ᠰᠠᠭᠤᠷᠢ ᠶᠢ ᠪᠠᠳᠤᠳᠬᠠᠬᠤ︾ ᠰᠢᠷᠢᠰ ᠰᠤᠷᠤᠯᠴᠠᠯᠭ᠎ᠠ ᠰᠤᠳᠤᠯᠭᠠᠨ ᠤ ᠠᠵᠢᠯᠯᠠᠭ᠎ᠠ ᠪᠤᠯ ᠦᠤᠰᠢᠨ ᠬᠤᠰᠢᠭᠤᠨ ᠤ ᠭᠠᠷᠭᠠᠬᠰᠠᠨ ᠨᠢᠭᠡᠨ ᠴᠢᠬᠤᠯᠠ ᠪᠠᠶᠢᠷᠢᠯᠠᠭᠤᠯᠤᠯᠳᠠ ᠪᠠᠶᠢᠵᠤ᠂ ᠪᠦᠬᠦ ᠬᠤᠰᠢᠭᠤᠨ ᠤ ᠦᠷᠭᠡᠨ ᠤᠯᠠᠨ ᠨᠠᠮ ᠤᠨ ᠭᠡᠰᠢᠬᠦᠳ ᠢ ᠱᠠᠭᠠᠷᠳᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ ᠂ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠨ᠂ ᠨᠠᠮ ᠤᠨ ᠤᠬᠠᠮᠰᠠᠷ ᠢ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠂ ᠶᠡᠷᠦᠩᠭᠡᠢ ᠭᠡᠪ ᠪᠤᠯᠪᠠᠰᠤᠷᠠᠯ ᠢ ᠳᠡᠭᠡᠭᠰᠢᠯᠡᠬᠦᠯᠵᠤ᠂ ᠪᠦᠬᠦ ᠨᠠᠮ ᠤᠨ ᠭᠡᠰᠢᠬᠦᠨ ᠺᠠᠳ᠋ᠷᠴᠤᠳ ᠢ ᠳᠠᠶᠢᠴᠢᠯᠠᠨ ᠰᠡᠳᠬᠢᠯ ᠢᠶᠠᠨ ᠬᠤᠷᠢᠶᠠᠨ ᠠᠵᠢᠯᠯᠠᠵᠤ᠂ ᠤᠪᠤᠷ ᠪᠠᠶᠢᠳᠠᠯ ᠢᠶᠠᠨ ᠳᠤᠬᠢᠷᠠᠭᠤᠯᠤᠨ ᠠᠵᠢᠯ ᠳᠠᠭᠠᠨ ᠴᠢᠷᠮᠠᠶᠢᠵᠤ᠂ ᠳᠠᠭᠤᠷᠢᠶᠠᠯ ᠦᠵᠡᠬᠦᠯᠵᠤ ᠳᠠᠶᠢᠴᠢᠯᠠᠬᠤ ᠤᠢᠢᠯᠡᠳᠤᠯ ᠢᠶᠠᠨ ᠪᠠᠳᠠᠷᠠᠭᠤᠯᠤᠨ᠂ ᠦᠨᠡᠨ ᠬᠦ ︽ᠠᠵᠢᠯ ᠬᠢᠵᠤ᠂ ᠰᠠᠶᠢᠨ ᠠᠵᠢᠯᠯᠠᠨ᠂ ᠪᠤᠳᠠᠳᠤ ᠠᠵᠢᠯ ᠬᠢᠵᠤ︾᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠢ ᠰᠠᠶᠢᠳᠤᠷ ᠬᠢᠵᠤ᠂ ᠬᠦᠳᠡᠭᠡ ᠳᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠤᠨ᠂ ᠬᠦᠳᠡᠭᠡ ᠳᠤᠰᠬᠤᠨ ᠤ ᠪᠤᠯᠪᠠᠰᠤᠨ ᠢ ᠠᠬᠢᠭᠤᠯᠵᠤ᠂ ᠰᠢᠨ᠎ᠠ ᠮᠠᠯᠵᠢᠬᠤ ᠳᠠᠷᠢᠶᠠᠯᠠᠬᠤ ᠤᠷᠤᠨ ᠤ ᠵᠠᠰᠠᠯᠳᠠ ᠶᠢᠨ ᠰᠢᠨ᠎ᠠ ᠶᠢ ᠡᠬᠦᠳᠬᠦ ᠵᠡᠷᠭᠡ ᠭᠤᠤᠯᠳᠠᠯᠭ᠎ᠠ ᠲᠠᠢ ᠠᠵᠢᠯ ᠤᠳ ᠢ ᠬᠢᠬᠦ ᠳᠤ ᠤᠨᠤᠯ ᠤᠨ ᠰᠠᠭᠤᠷᠢ ᠶᠢ ᠪᠠᠳᠤᠳᠬᠠᠨ᠂ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠨᠭ᠍ᠭᠠᠬᠤ ᠶᠠᠪᠤᠳᠠᠯ ᠪᠤᠯᠤᠨ᠎ᠠ᠃      ᠠᠩᠬᠠᠳᠠᠬᠴᠢ ᠬᠤᠭᠤᠴᠠᠭᠠᠨ ᠤ ᠪᠤᠯᠪᠠᠰᠤᠷᠠᠯ ᠳᠡᠭᠡᠷ᠎ᠠ ᠨᠠᠮ ᠤᠨ ᠤᠯᠤᠰ ᠳᠦᠷᠦ ᠤᠨᠤᠯ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠬᠦᠳᠡᠭᠡ ᠳᠤᠰᠬᠤᠨ ᠢ ᠬᠦᠭᠵᠢᠬᠦᠯᠬᠦ ᠵᠡᠷᠭᠡ ᠠᠭᠤᠯᠭ᠎ᠠ ᠶᠢᠨ ᠳᠤᠭᠤᠷᠢᠨ ᠳᠤ᠂ ᠳᠠᠶᠢᠶᠤᠸᠠᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠳᠡᠤᠭᠡ ᠨᠠᠮ ᠤᠨ ᠪᠠᠶᠢᠭᠤᠯᠤᠯᠳᠠ ᠶᠢᠨ ᠵᠢᠭᠠᠨ ᠰᠤᠷᠭᠠᠬᠤ ᠭᠡᠯᠳᠡᠰ ᠤᠨ ᠡᠷᠬᠢᠯᠡᠭᠴᠢ᠂ ᠨᠠᠮ ᠤᠨ ᠳᠡᠤᠭᠡ ᠨᠠᠮ ᠤᠨ ᠪᠠᠶᠢᠭᠤᠯᠤᠯᠳᠠ ᠶᠢᠨ ᠰᠤᠳᠤᠯᠭᠠᠨ ᠤ ᠳᠠᠭᠠᠭᠤᠯᠤᠬᠴᠢ ᠵᠧᠩ ᠫᠸᠢ ᠵᠢᠶᠦ᠋ᠨ ᠫᠷᠤᠹᠧᠰᠰᠤᠷ ᠪᠤᠯᠤᠨ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠤᠷᠴᠢᠨ ᠳᠤᠭᠤᠷᠢᠨ ᠪᠠ ᠡᠬᠢ ᠪᠠᠶᠠᠯᠢᠭ ᠤᠨ ᠳᠡᠭᠡᠳᠤ ᠰᠤᠷᠭᠠᠭᠤᠯᠢ ᠶᠢᠨ ᠨᠠᠮ ᠤᠨ ᠶᠡᠷᠦᠩᠭᠡᠢ ᠡᠬᠦᠷ ᠤᠨ ᠱᠦᠵᠢ᠂ ᠳ᠋ᠤᠺᠲ᠋ᠤᠷᠠᠨᠲ ᠤᠨ ᠵᠢᠯᠤᠭᠤᠳᠤᠬᠴᠢ ᠯᠢ ᠰᠢᠶᠤᠤ ᠴᠦᠨ ᠫᠷᠤᠹᠧᠰᠰᠤᠷ ᠵᠡᠷᠭᠡ ᠪᠠᠭᠰᠢ ᠶᠢ ᠤᠷᠢᠵᠤ ᠬᠢᠴᠢᠶᠡᠯᠯᠡᠬᠦᠯᠦᠭᠰᠡᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号