ᠪᠦᠬᠦ ᠣᠷᠣᠨ ᠤ ᠵᠠᠰᠠᠭ ᠮᠦᠩᠭᠦᠨ ᠬᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-02-26
     2 ᠰᠠᠷ᠎ᠠ ᠶᠢᠨ 20 ᠤ ᠦᠳᠡ ᠶᠢᠨ ᠬᠤᠶᠢᠨ᠎ᠠ᠂ ᠪᠦᠬᠦ ᠣᠷᠣᠨ ᠤ ︽ᠮᠥᠩᠭᠦᠨ ᠭᠦᠢᠯᠭᠡᠭᠡᠨ ᠢ ᠲᠣᠭᠲᠠᠪᠤᠷᠢᠵᠢᠭᠤᠯᠵᠤ ᠬᠥᠭᠵᠢᠯᠲᠡ ᠶᠢ ᠠᠬᠢᠭᠤᠯᠬᠤ︾ ᠵᠠᠰᠠᠭ ᠮᠦᠩᠭᠦᠨ ᠬᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃
     ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠨ ᠦᠭᠡ ᠭᠡᠯᠡᠪᠡ᠃ ᠬᠤᠷᠠᠯ ᠳᠡᠭᠡᠷ᠎ᠠ᠂ ᠪᠦ᠋ ᠰᠢᠶᠤᠤ ᠯᠢᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠲᠦᠯᠦᠭᠡᠯᠡᠭᠴᠢ ᠲᠠᠢ ᠬᠠᠮᠳᠤ ᠪᠠᠷ ᠮᠦᠩᠭᠦᠨ ᠬᠦᠢᠯᠭᠡᠭᠡᠨ ᠤ ︽ᠲᠦᠷᠦᠯ ᠵᠦᠢᠯ ᠢ ᠪᠠᠳᠤᠯᠠᠬᠤ᠂ ᠬᠦᠷᠢᠶᠡᠯᠡᠩ ᠳᠤᠭᠤᠷᠢᠭ ᠲᠤ ᠤᠷᠤᠬᠤ᠂ ᠠᠵᠤ ᠠᠬᠤᠶᠢᠯᠠᠯ ᠳᠤ ᠤᠷᠤᠬᠤ᠂ ᠬᠦᠳᠡᠭᠡ ᠳᠤᠰᠬᠤᠨ ᠳᠤ ᠪᠠᠭᠤᠬᠤ︾ ᠠᠵᠢᠯᠯᠠᠭ᠎ᠠ ᠶᠢ ᠡᠬᠢᠯᠡᠭᠦᠯᠪᠡ᠃      ᠬᠤᠷᠠᠯ ᠠᠴᠠ᠂ ᠤᠳᠤᠬᠠᠨ ᠳᠤ ᠠᠵᠤ ᠠᠬᠤᠶᠢᠯᠠᠯ ᠪᠡᠯᠡ ᠬᠤᠷᠠᠮᠳᠤᠭᠤᠯᠬᠤ ᠳᠤ ᠬᠦᠴᠢᠷᠳᠠᠢ᠂ ᠪᠡᠯᠡ ᠬᠤᠷᠠᠮᠳᠤᠭᠤᠯᠬᠤ ᠳᠤ ᠦᠨᠡᠳᠡᠢ ᠪᠠᠶᠢᠬᠤ ᠠᠰᠠᠭᠤᠳᠠᠯ ᠳᠤᠪᠤᠶᠢᠮ᠎ᠠ ᠤᠷᠤᠰᠢᠭᠰᠠᠭᠠᠷ ᠪᠠᠶᠢᠨ᠎ᠠ᠂ ᠡᠷᠭᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠦᠢᠯᠡᠴᠢᠯᠡᠭᠡᠨ ᠤ ᠳᠠᠪᠴᠠᠩ ᠪᠠᠶᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠮᠦᠩᠭᠦᠨ ᠬᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠭᠤᠤᠯ ᠴᠤᠭᠴᠠ ᠵᠤᠬᠢᠴᠠᠭᠤᠯᠤᠨ ᠬᠦᠴᠦᠯᠡᠵᠤ᠂ ᠪᠦᠬᠦ ᠤᠷᠤᠨ ᠤ ᠬᠡᠪᠴᠢᠶᠡᠨ ᠳᠤ ᠪᠠᠶᠢᠩᠭᠤᠵᠢᠭᠤᠯᠬᠤ᠂ ᠤᠷᠳᠤ ᠬᠤᠭᠤᠴᠠᠭᠠᠨ ᠤ ᠴᠢᠨᠠᠷᠳᠠᠢ ᠠᠬᠢᠭᠤᠯᠬᠤ ᠠᠵᠢᠯᠯᠠᠭ᠎ᠠ ᠶᠢ ᠦᠷᠨᠢᠭᠦᠯᠵᠤ᠂ ᠪᠦᠳᠦᠮᠵᠢᠳᠠᠢ ᠬᠡᠷᠡᠭᠴᠡᠭᠡ ᠱᠠᠭᠠᠷᠳᠠᠯᠭ᠎ᠠ ᠶᠢ ᠪᠤᠶᠢᠵᠢᠭᠤᠯᠤᠨ᠂ ᠮᠦᠩᠭᠦᠨ ᠬᠦᠢᠯᠭᠡᠭᠡᠨ ᠤ ᠬᠠᠩᠭᠠᠯᠭ᠎ᠠ ᠬᠡᠷᠡᠭᠴᠡᠭᠡ ᠶᠢ ᠨᠡᠮᠡᠭᠳᠡᠭᠦᠯᠵᠤ᠂ ᠮᠦᠩᠭᠦᠨ ᠬᠦᠢᠯᠭᠡᠭᠡᠨ ᠢ ᠲᠦᠷᠦᠯ ᠵᠦᠢᠯ᠂ ᠬᠦᠷᠢᠶᠡᠯᠡᠩ ᠳᠤᠭᠤᠷᠢᠭ᠂ ᠠᠵᠤ ᠠᠬᠤᠶᠢᠯᠠᠯ ᠪᠠ ᠬᠦᠳᠡᠭᠡ ᠳᠤᠰᠬᠤᠨ ᠳᠤ ᠤᠨᠢᠨ ᠳᠡᠭᠡᠷ᠎ᠠ ᠨᠢ ᠤᠷᠤᠭᠤᠯᠬᠤ ᠶᠢ ᠪᠠᠳᠤᠯᠠᠵᠤ᠂ ᠮᠦᠩᠭᠦᠨ ᠬᠦᠢᠯᠭᠡᠭᠡᠨ ᠤ ᠦᠢᠯᠡᠴᠢᠯᠡᠭᠡ ᠶᠢ ᠪᠤᠳᠠᠳᠤ ᠴᠤᠭᠴᠠ ᠶᠢᠨ ᠠᠵᠤ ᠠᠬᠤᠢ ᠶᠢᠨ ︽ᠬᠠᠮᠤᠭ ᠡᠴᠦᠰ ᠤᠨ ᠨᠢᠭᠡ ᠺᠢᠯᠦᠮᠧᠳ᠋ᠷ︾ ᠬᠦᠷᠳᠡᠯ᠎ᠡ ᠨᠡᠪᠳᠡᠷᠡᠭᠦᠯᠬᠦ ᠬᠡᠷᠡᠭᠳᠠᠢ᠃ ᠵᠠᠰᠠᠭ ᠤᠨ ᠤᠷᠳᠤᠨ ᠤ ᠵᠤᠬᠢᠴᠠᠭᠤᠯᠭ᠎ᠠ ᠪᠠ ᠬᠦᠳᠦᠯᠦᠨ ᠵᠢᠯᠤᠭᠤᠳᠤᠯᠭ᠎ᠠ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠰᠠᠨᠠᠭᠠᠴᠢᠯᠠᠭᠠᠳᠤ ᠦᠢᠯᠡᠴᠢᠯᠡᠭᠡ᠂ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠬᠦᠭᠵᠢᠯᠳᠡ ᠶᠢᠨ ᠬᠠᠷᠢᠯᠴᠠᠨ ᠬᠠᠮᠵᠢᠯᠴᠠᠬᠤ ᠳᠤᠭᠳᠠᠴᠠ ᠶᠢ ᠳᠠᠰᠤᠷᠠᠯᠳᠠ ᠦᠭᠡᠢ ᠳᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃      ᠬᠤᠷᠠᠯ ᠳᠤ᠂ 15 ᠮᠦᠩᠭᠦᠨ ᠬᠦᠢᠯᠭᠡᠭᠡᠨ ᠤ ᠪᠠᠶᠢᠭᠤᠯᠤᠮᠵᠢ ᠬᠢᠭᠡᠳ 46 ᠲᠦᠷᠦᠯ ᠵᠦᠢᠯ ᠳᠤᠬᠠᠢ ᠶᠢᠨ ᠳᠠᠯᠠᠪᠠᠢ ᠳᠤ ᠵᠦᠪᠳᠡᠯᠴᠡᠭᠡᠷ ᠳᠤᠭᠳᠠᠵᠤ᠂ ᠵᠦᠪᠳᠡᠯᠴᠡᠭᠡᠷ ᠳᠤᠭᠳᠠᠭᠰᠠᠨ ᠵᠤᠭᠤᠰ ᠤᠨ ᠬᠡᠮᠵᠢᠶ᠎ᠠ 343.5 ᠳ᠋ᠦᠩᠰᠢᠭᠤᠷ ᠲᠦᠭᠦᠷᠢᠭ ᠲᠤ ᠬᠦᠷᠴᠦ᠂ ᠪᠡᠯᠡ ᠬᠤᠷᠠᠮᠳᠤᠭᠤᠯᠭ᠎ᠠ ᠶᠢᠨ ᠰᠠᠨᠠᠮᠵᠢ ᠶᠢᠨ ᠵᠤᠭᠤᠰ ᠤᠨ ᠬᠡᠮᠵᠢᠶ᠎ᠠ 1047 ᠳ᠋ᠦᠩᠰᠢᠭᠤᠷ ᠲᠦᠭᠦᠷᠢᠭ ᠲᠤ ᠬᠦᠷᠴᠦ᠂ ᠤᠳᠤ ᠦᠶ᠎ᠡ ᠶᠢᠨ ᠡᠨᠧᠷᠭᠢ᠂ ᠲᠡᠷᠢᠭᠦᠨ ᠤ ᠦᠢᠯᠡᠳᠬᠦ ᠦᠢᠯᠡᠰ᠂ ᠰᠠᠭᠤᠷᠢ ᠲᠥᠬᠦᠭᠡᠷᠦᠮᠵᠢ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠡᠵᠡᠩᠨᠡᠯᠳᠡ ᠶᠢᠨ ᠠᠵᠤ ᠠᠬᠤᠶ᠂ ᠠᠮᠢ ᠠᠬᠤᠶ ᠣᠷᠴᠢᠨ ᠳᠤᠭᠤᠷᠢᠨ ᠤ ᠬᠠᠮᠠᠭᠠᠯᠠᠯᠲᠠ᠂ ᠭᠠᠳᠠᠭᠠᠳᠤ ᠨᠡᠭᠡᠭᠡᠯᠲᠡ ᠵᠡᠷᠭᠡ 8 ᠬᠦᠷᠢᠶ᠎ᠠ ᠴᠠᠷᠠᠭ᠎ᠠ ᠲᠠᠢ ᠬᠤᠯᠪᠤᠭᠳᠠᠭᠰᠠᠨ ᠪᠠᠶᠢᠨ᠎ᠠ᠃      ᠡᠯ᠎ᠠ ᠠᠶᠢᠮᠠᠭ ᠬᠤᠳᠠ᠂ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号