ᠣᠯᠠᠨ ᠤ ᠨᠠᠶᠢᠲᠠᠯᠭ᠎ᠠ ᠶᠢ ᠡᠪᠦᠷᠯᠡᠵᠤ ᠦᠪᠡᠳᠡᠭᠰᠢ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019-02-26
     ᠤᠯᠤᠰ ᠲᠦᠷᠦ ᠶᠢᠨ ᠵᠦᠪᠯᠡᠯᠭᠡᠨ ᠤ ᠤᠷᠳᠤᠰ ᠬᠤᠲᠠ ᠶᠢᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯᠳᠤᠭᠠᠨ 2 ᠰᠠᠷ᠎ᠠ ᠶᠢᠨ 26 ᠤ ᠡᠳᠦᠷ ᠬᠢᠶ᠎ᠠ ᠪᠠᠭᠰᠢ ᠰᠢᠨ᠎ᠡ ᠲᠣᠭᠤᠷᠢᠭ ᠲᠤ ᠬᠤᠷᠠᠯᠳᠤᠵᠤ᠂ ᠮᠠᠨ ᠤ ᠬᠤᠰᠢᠭᠤᠨ ᠤ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠲᠤᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ ᠠᠷᠠᠳ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ ᠠᠰᠠᠭᠤᠳᠠᠯ᠂ ᠲᠡᠳᠡᠨ ᠤ ᠪᠤᠳᠤᠯ ᠰᠠᠨᠠᠯ ᠢ ᠤᠶᠢᠯᠠᠭᠠᠭᠰᠠᠨ ᠰᠠᠭᠤᠷᠢᠨ ᠳᠡᠭᠡᠷ᠎ᠡ ᠰᠠᠨᠠᠯ ᠳᠤᠷᠠᠳᠤᠯᠭ᠎ᠠ ᠪᠠᠨ ᠬᠢᠨᠠᠮᠠᠭᠠᠢ ᠡᠮᠬᠢᠳᠬᠡᠨ ᠪᠢᠴᠢᠵᠤ ᠶᠡᠭᠡ ᠬᠤᠷᠠᠯ ᠳᠡᠭᠡᠷ᠎ᠡ ᠰᠠᠨᠠᠯ ᠳᠤᠷᠠᠳᠤᠯᠭ᠎ᠠ ᠪᠠᠨ ᠳᠡᠪᠰᠢᠭᠦᠯᠦᠨ ᠰᠣᠳᠤ ᠤᠬᠠᠭᠠᠨ ᠮᠡᠷᠭᠡᠨ ᠪᠣᠳᠣᠯᠭ᠎ᠠ ᠪᠠᠨ ᠳᠡᠪᠰᠢᠭᠦᠯᠵᠡᠭᠡᠬᠦ ᠪᠠᠷ ᠪᠠᠶᠢᠨ᠎ᠠ᠃      ᠬᠢᠶ᠎ᠡ ᠪᠠᠭᠰᠢ ᠰᠢᠨ᠎ᠡ ᠲᠣᠭᠤᠷᠢᠭ ᠵᠦᠭ ᠶᠠᠪᠤᠬᠤ ᠵᠠᠮ ᠳᠠᠭᠠᠨ ᠬᠤᠷᠠᠯ ᠳᠤ ᠤᠷᠤᠯᠴᠠᠬᠤ ᠤᠯᠤᠰ ᠲᠦᠷᠦ ᠶᠢᠨ ᠭᠡᠰᠢᠭᠦᠳ ᠡᠯ᠎ᠡ ᠬᠦᠷᠢᠶ᠎ᠡ ᠴᠠᠷᠠᠭᠠᠨ ᠤ ᠬᠠᠯᠠᠮᠰᠢᠯ ᠠᠰᠠᠭᠤᠳᠠᠯ ᠤᠨ ᠲᠤᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠭᠦᠯᠵᠤ ᠪᠠᠶᠢᠯ᠎ᠠ᠃      ᠡᠨᠡ ᠵᠢᠯ ᠪᠣᠯ ᠸᠠᠩ ᠪᠣᠣ ᠴᠧᠩ ᠤᠨ ᠪᠦᠬᠦ ᠬᠤᠲᠠ ᠶᠢᠨ ᠬᠤᠶᠠᠷ ᠬᠤᠷᠠᠯ ᠳᠤ ᠤᠷᠤᠯᠴᠠᠭᠰᠠᠨ ᠳᠣᠯᠣᠳᠡᠬᠢ ᠵᠢᠯ ᠪᠤᠯᠤᠨ᠎ᠠ᠂ ᠬᠡᠳᠦᠨ ᠵᠢᠯ ᠤᠨ ᠲᠤᠷᠰᠢ ᠲᠡᠷᠡ ᠡᠮ ᠡᠮᠨᠡᠯᠭᠡ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠠᠯ᠎ᠠ ᠶᠢᠨ ᠬᠠᠯᠠᠮᠰᠢᠯ ᠠᠰᠠᠭᠤᠳᠠᠯ᠂ ᠭᠤᠣᠯ ᠠᠰᠠᠭᠤᠳᠠᠯ ᠤᠨ ᠳᠣᠭᠤᠷᠢᠨ ᠳᠤ ᠶᠡᠭᠡ ᠬᠤᠷᠠᠯ ᠳᠤ ᠪᠤᠳᠠᠳᠠᠢ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠠᠢ᠃ ᠮᠠᠨ ᠤ ᠤᠯᠤᠰ ᠤᠨ ᠨᠠᠰᠤᠵᠢᠯ ᠤᠨ ᠬᠤᠷᠳᠤᠴᠠ ᠶᠢᠨ ᠨᠡᠮᠡᠭᠲᠡᠬᠦ ᠢ ᠳᠠᠭᠠᠯᠳᠤᠨ ᠨᠠᠰᠤᠲᠠᠶᠢᠴᠤᠳ ᠤᠨ ᠡᠮᠴᠢᠯᠡᠭᠡ ᠪᠤᠯᠤᠨ ᠰᠣᠪᠢᠯᠠᠯ ᠤᠨ ᠠᠰᠠᠭᠤᠳᠠᠯ ᠨᠢ ᠨᠡᠶᠢᠬᠡᠮ ᠤᠨ ᠡᠯ᠎ᠡ ᠡᠲᠡᠭᠡᠳ ᠤᠨ ᠨᠡᠶᠢᠲᠡᠮ ᠠᠩᠬᠠᠷᠴᠦ ᠪᠠᠶᠢᠭ᠎ᠠ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ ᠶᠢᠨ ᠬᠠᠮᠲᠦ ᠬᠠᠷᠢᠭᠤ ᠠᠰᠢᠭ ᠣᠯᠬᠤ ᠬᠤᠭᠤᠴᠠᠭ᠎ᠠ ᠨᠢ ᠤᠷᠳᠤ ᠠᠴᠠ ᠪᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠡᠮᠴᠢᠯᠡᠭᠡ ᠪᠤᠯᠤᠨ ᠰᠤᠪᠢᠯᠠᠯ ᠤᠶᠠᠯᠳᠤᠭᠰᠠᠨ ᠪᠠᠶᠢᠭᠤᠯᠤᠮᠵᠢ ᠳᠤ ᠤᠷᠤᠯᠴᠠᠬᠤ ᠢᠳᠡᠪᠬᠢᠵᠢᠯ ᠨᠢ ᠲᠡᠶᠢᠮᠦ ᠦᠨᠳᠦᠷ ᠪᠢᠰᠢ ᠪᠤᠯᠵᠤ ᠪᠠᠶᠢᠨ᠎ᠠ᠃ ᠡᠶᠢᠨᠬᠦ  ᠡᠨᠡ ᠤᠳᠠᠭ᠎ᠠ ᠲᠡᠷᠡ ︽ᠮᠠᠨ ᠤ ᠬᠤᠲᠠ ᠶᠢᠨ ᠡᠮᠴᠢᠯᠡᠭᠡ ᠪᠤᠯᠤᠨ ᠰᠣᠪᠢᠯᠠᠯ ᠤᠶᠠᠯᠳᠤᠭᠰᠠᠨ ᠬᠦᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠬᠦ  ᠲᠤᠬᠠᠢ ᠰᠠᠨᠠᠭᠤᠯᠭ᠎ᠠ︾ ᠪᠠᠷ ᠬᠤᠷᠠᠯ ᠳᠤ ᠤᠷᠤᠯᠴᠠᠵᠤ ᠲᠡᠭᠦᠨ ᠤ ᠴᠢᠷᠮᠠᠶᠢᠯᠭ᠎ᠠ ᠪᠠᠷ ᠳᠠᠮᠵᠢᠨ ᠮᠠᠨ ᠤ ᠬᠤᠲᠠ  ᠶᠢᠨ  ᠨᠡᠩ ᠣᠯᠠᠨ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠢ ᠳᠠᠶᠢᠴᠢᠯᠠᠨ ᠡᠮᠴᠢᠯᠡᠭᠡ ᠪᠤᠯᠤᠨ ᠰᠤᠪᠢᠯᠠᠯ ᠤᠶᠠᠯᠳᠤᠭᠰᠠᠨ ᠪᠠᠶᠢᠭᠤᠯᠤᠯᠲᠠ ᠳᠤ ᠤᠷᠤᠯᠴᠠᠭᠤᠯᠵᠤ ᠠᠷᠠᠳ ᠲᠦᠮᠡᠨ ᠤ ᠬᠦᠷᠳᠡᠭᠡᠮᠵᠢ ᠶᠢᠨ ᠲᠦᠷᠦᠭᠲᠡᠯ᠂  ᠵᠤᠯ ᠵᠢᠷᠭᠠᠯᠲᠦ ᠰᠡᠳᠬᠢᠭᠲᠡᠯ ᠢ ᠨᠡᠮᠡᠭᠳᠡᠬᠦᠯᠬᠦ ᠶᠢ ᠬᠦᠰᠡᠵᠤ ᠪᠠᠶᠢᠯ᠎ᠠ᠃ ᠲᠡᠷᠡ ᠬᠡᠯᠡᠬᠦ ᠳᠤ ᠪᠠᠨ᠄ ︽ᠵᠠᠰᠠᠭ ᠤᠨ ᠤᠷᠳᠤᠨ ᠭᠠᠵᠠᠷ ᠤᠨ ᠦᠨ᠎ᠡ ᠬᠠᠩᠰᠢ᠂ ᠢᠲᠡᠭᠡᠮᠵᠢᠲᠦ ᠵᠢᠭᠡᠯᠡᠯᠭᠡ ᠶᠢᠨ ᠲᠠᠯ᠎ᠠ ᠪᠠᠷ ᠬᠠᠷᠠᠭᠠᠯᠵᠠᠭᠰᠠᠨ ᠲᠦᠷᠦ ᠶᠢᠨ ᠪᠣᠳᠣᠯᠭ᠎ᠠ ᠭᠠᠷᠭᠠᠪᠠᠯ ᠵᠤᠬᠢᠨ᠎ᠠ᠂ ᠨᠡᠩ ᠢᠯᠠᠩᠭᠤᠶ᠎ᠠ ᠵᠤᠬᠢᠬᠤ ᠨᠦᠬᠦᠪᠦᠷᠢ ᠦᠭᠪᠡᠯ ᠵᠤᠬᠢᠰᠲᠠᠢ ᠶᠤᠮ᠃ ᠲᠡᠭᠡᠪᠡᠯ ᠰᠠᠶ᠋ᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠡᠰᠡᠭᠦᠯ᠎ᠡ ᠬᠤᠪᠢ ᠬᠦᠮᠦᠨ ᠡᠮᠴᠢᠯᠡᠭᠡ ᠪᠤᠯᠤᠨ ᠰᠤᠪᠢᠯᠠᠯ ᠤᠶᠠᠯᠳᠤᠭᠰᠠᠨ ᠭᠠᠵᠠᠷ ᠢ ᠪᠠᠶᠢᠭᠤᠯᠬᠤ ᠳᠤ ᠨᠡᠩ ᠢᠲᠡᠭᠡᠯ ᠲᠠᠢ ᠪᠤᠯᠵᠤ᠂ ᠠᠷᠠᠳ ᠲᠦᠮᠡᠨ ᠳᠤ ᠨᠡᠩ ᠰᠠᠶᠢᠨ ᠨᠠᠰᠤᠲᠠᠨ ᠢ ᠠᠰᠠᠷᠠᠬᠤ ᠤᠷᠴᠢᠨ ᠲᠤᠭᠤᠷᠢᠨ ᠢ ᠡᠭᠦᠳᠦᠨ ᠦᠭᠬᠦ ᠶᠤᠮ᠃  ᠡᠶᠢᠮᠦ ᠠᠴᠠ ᠪᠢ ᠡᠨᠡ ᠲᠠᠯ᠎ᠠ ᠠᠴᠠ ᠵᠠᠰᠠᠭ ᠤᠨ ᠤᠷᠳᠤᠨ ᠳᠤ ᠰᠠᠨᠠᠯ ᠳᠤᠷᠠᠳᠤᠯᠭ᠎ᠠ ᠳᠡᠪᠰᠢᠭᠦᠯᠵᠤ ᠤᠯᠠᠨ ᠲᠠᠯ᠎ᠠ ᠠᠴᠠ ᠳᠡᠮᠵᠢᠯᠭᠡ ᠦᠵᠡᠭᠦᠯᠵᠤ ᠨᠡᠩ ᠢᠯᠠᠩᠭᠤᠶ᠎ᠠ ᠲᠦᠷᠦ ᠶᠢᠨ ᠪᠣᠳᠣᠯᠭ᠎ᠠ ᠶᠢᠨ ᠲᠠᠯ᠎ᠠ ᠠᠴᠠ ᠳᠡᠮᠵᠢᠯᠭᠡ ᠦᠵᠡᠭᠦᠯᠵᠤ ᠡᠮᠴᠢᠯᠡᠭᠡ ᠪᠤᠯᠤᠨ ᠰᠣᠪᠢᠯᠠᠯ ᠤᠶᠠᠯᠳᠤᠨ ᠬᠦᠭᠵᠢᠬᠦ ᠶᠢ ᠠᠬᠢᠭᠤᠯᠬᠤ ᠪᠠᠷ ᠴᠢᠷᠮᠠᠶᠢᠶ᠎ᠠ ᠭᠡᠵᠤ ᠪᠤᠳᠤᠵᠤ ᠪᠠᠶᠢᠨ᠎ᠠ︾ ᠭᠡᠪᠡ᠃       ᠡᠭᠦᠨ ᠠᠴᠠ ᠭᠠᠳᠠᠨ᠎ᠠ ᠸᠠᠩ ᠪᠣᠣ ᠴᠧᠩ ᠪᠠᠰᠠ ᠨᠢᠭᠡ ᠪᠦᠯᠦᠭ ᠨᠡᠶᠢᠬᠡᠮ ᠤᠨ ᠪᠠᠶᠢᠳᠠᠯ᠂ ᠠᠷᠠᠳ ᠤᠨ ᠪᠤᠳᠤᠯ ᠰᠠᠨᠠᠯ ᠢ ᠡᠮᠬᠢᠳᠬᠡᠵᠤ ᠶᠡᠭᠡ ᠬᠤᠷᠠᠯ ᠳᠤ ᠲᠤᠰᠬᠠᠬᠤ ᠪᠠᠷ ᠪᠠᠶᠢᠯ᠎ᠠ᠂ ᠲᠡᠷᠡ ᠲᠠᠨᠢᠯᠴᠠᠭᠤᠯᠬᠤ ᠳᠤ ᠪᠠᠨ᠄ ︽ᠤᠳᠤᠬᠠᠨ ᠳᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ ᠵᠦᠢᠯᠡᠰ ᠢ ᠦᠪᠡᠷᠳᠡᠭᠡᠨ ᠵᠠᠰᠠᠬᠤ ᠤᠷᠤᠨ ᠤ ᠨᠢᠭᠡᠳᠦᠯᠲᠡᠢ ᠳᠠᠭᠠᠭᠠᠴᠢᠯᠠᠨ ᠵᠠᠷᠯᠠᠭᠰᠠᠨ ᠲᠠᠪᠴᠠᠩ ᠠᠴᠠ ᠬᠤᠳᠠᠯᠳᠤᠨ ᠠᠪᠴᠦ᠂ ᠡᠮ ᠤᠨ ᠵᠦᠢᠯᠡᠰ ᠢ ᠤᠤᠯ ᠦᠨ᠎ᠡ ᠪᠠᠷ ᠨᠢ ᠬᠤᠳᠠᠯᠳᠤᠨ ᠠᠪᠬᠤ ᠶᠢ ᠬᠡᠷᠡᠭᠵᠢᠭᠦᠯᠵᠦ ᠪᠠᠶᠢᠨ᠎ᠠ᠂ ᠭᠡᠰᠡᠨ ᠴᠦ ᠤᠯᠠᠨ ᠲᠦᠮᠡᠨ ᠤ ᠲᠤᠰᠬᠠᠬᠤ ᠪᠠᠷ ᠨᠢᠭᠡ ᠪᠦᠯᠦᠭ ᠴᠤᠬᠠᠭᠳᠠᠵᠤ ᠪᠠᠶᠢᠭ᠎ᠠ ᠡᠮ ᠤᠨ ᠵᠦᠢᠯᠡᠰ ᠤᠨ ᠪᠤᠷᠤᠯᠠᠭᠤᠯᠭ᠎ᠠ ᠶᠢᠨ ᠦᠨ᠎ᠡ ᠨᠢ ᠡᠮ ᠤᠨ ᠳᠡᠯᠭᠡᠭᠦᠷ ᠪᠤᠯᠤᠨ ᠡᠮᠨᠡᠯᠭᠡ ᠶᠢᠨ ᠭᠠᠵᠠᠷ ᠤᠨ ᠦᠨ᠎ᠡ ᠠᠴᠠ ᠦᠨᠳᠦᠷ ᠪᠠᠶᠢᠨ᠎ᠠ ᠭᠡᠵᠤ ᠪᠤᠢ᠂ ᠵᠠᠰᠠᠭ ᠤᠨ ᠤᠷᠳᠤᠨ ᠠᠴᠠ  ᠡᠨᠡᠬᠦ ᠠᠰᠠᠭᠤᠳᠠᠯ ᠢ ᠠᠩᠬᠠᠷᠴᠦ ᠬᠠᠯᠠᠮᠵᠢᠯᠠᠬᠤ ᠶᠢ ᠬᠦᠰᠡᠵᠤ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠠᠴᠠ ᠦᠨ᠎ᠡ ᠶᠢ ᠲᠤᠭᠲᠠᠭᠠᠭᠰᠠᠨ ᠤ ᠰᠠᠭᠤᠷᠢᠨ ᠳᠡᠭᠡᠷ᠎ᠡ ᠡᠯ᠎ᠡ ᠡᠮᠴᠢᠯᠡᠭᠡᠨ ᠤ ᠪᠠᠶᠢᠭᠤᠯᠤᠮᠵᠢ ᠪᠤᠯᠤᠨ ᠡᠮ ᠤᠨ ᠠᠵᠤ ᠠᠬᠤᠶᠢᠯᠠᠯ ᠨᠢ ᠦᠷᠢᠰᠦᠯᠳᠦᠭᠡᠨ ᠤ ᠴᠢᠨᠠᠷᠲᠠᠢ ᠬᠡᠯᠡᠯᠴᠡᠭᠡᠷ ᠢᠶᠠᠷ ᠳᠠᠮᠵᠢᠨ ᠬᠤᠳᠠᠯᠳᠤᠨ ᠠᠪᠤᠪᠠᠯ ᠦᠨ᠎ᠡ ᠶᠢ ᠪᠠᠭᠤᠷᠠᠭᠤᠯᠵᠤ ᠲᠡᠯᠬᠦ ᠪᠦᠭᠡᠳ ᠶᠡᠭᠡ ᠬᠡᠮᠵᠢᠶ᠎ᠡ ᠪᠠᠷ ᠬᠤᠳᠠᠯᠳᠤᠨ ᠠᠪᠬᠤ ᠳᠤ ᠳᠡᠭᠡᠷ᠎ᠡ ᠰᠢᠭ ᠪᠠᠶᠢᠬᠤ ᠶᠤᠮ ᠭᠡᠵᠤ ᠪᠤᠳᠤᠵᠤ ᠪᠠᠶᠢᠨ᠎ᠠ︾ ᠭᠡᠪᠡ᠃       ᠤᠶᠢᠷ᠎ᠠ ᠶᠢᠨ ᠵᠢᠯ ᠠᠴᠠ ᠨᠠᠰᠢ ᠮᠠᠨ ᠤ ᠬᠤᠲᠠ ᠶᠢᠨ ᠤᠯᠠᠨ ᠲᠦᠮᠡᠨ ᠤ ᠰᠤᠶᠤᠯ ᠤᠷᠠᠯᠢᠭ ᠤᠯᠠᠮ ᠨᠢᠭᠡ ᠠᠯᠬᠤᠮ ᠬᠦᠭᠵᠢᠭᠰᠡᠨ ᠪᠠᠶᠢᠨ᠎ᠠ᠂ ᠭᠡᠰᠡᠨ ᠴᠦ ᠦᠨᠳᠦᠰᠦᠨ ᠱᠠᠲᠤᠨ ᠳᠤ ᠭᠦᠨᠵᠡᠭᠡᠶᠢᠷᠡᠵᠤ ᠲᠤᠭᠯᠠᠯᠲᠠ ᠭᠠᠷᠭᠠᠬᠤ ᠱᠠᠲᠤᠨ ᠳᠤ ᠪᠠᠨ ᠵᠤᠭᠰᠤᠩᠭᠤᠶᠢᠷᠠᠵᠤ ᠠᠷᠠᠳ ᠲᠦᠮᠡᠨ ᠤ ᠰᠤᠶᠤᠯ ᠤᠷᠠᠯᠢᠭ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠮᠦᠨᠴᠦ ᠳᠠᠶᠢᠴᠢᠯᠠᠵᠤ ᠳᠡᠶᠢᠯᠦᠭᠰᠡᠨ ᠦᠭᠡᠢ ᠪᠠᠶᠢᠨ᠎ᠠ᠃  ᠮᠠᠨ ᠤ ᠬᠤᠰᠢᠭᠤᠨ ᠤ ᠤᠯᠠᠨ ᠬᠤᠷᠠᠬᠤ  ᠨᠢ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ ᠤᠨ ︽ᠨᠢᠭᠡ ᠬᠤᠰᠢᠭᠤ ᠨᠢᠭᠡ ᠨᠡᠷᠡᠲᠦ ᠲᠡᠮᠳᠡᠭ︾ ᠤᠨ ᠰᠤᠶᠤᠯ ᠤᠨ ᠳᠡᠮᠲᠡᠭ ᠢᠶᠠᠷ ᠲᠤᠭᠲᠠᠭᠠᠭᠲᠠᠵᠤ᠂ ᠬᠤᠷᠢᠨ ᠵᠢᠯ ᠤᠨ ᠴᠢᠷᠮᠠᠶᠢᠯᠭ᠎ᠠ ᠪᠠᠷ ᠳᠠᠮᠵᠢᠨ ᠨᠢᠭᠡᠨᠲᠡ ᠣᠷᠳᠣᠰ ᠤᠨ ᠲᠠᠯ᠎ᠠ ᠨᠤᠲᠤᠭ ᠲᠡᠭᠡᠷᠡᠬᠢ ᠨᠢᠭᠡᠨ ᠭᠡᠷᠡᠯᠲᠦ ᠰᠤᠪᠤᠳ ᠪᠤᠯᠤᠭᠰᠠᠨ ᠰᠤᠶᠤᠯ ᠤᠨ ᠨᠡᠷᠡᠲᠦ ᠳᠡᠮᠲᠡᠭ ᠤᠨ ᠨᠢᠭᠡ ᠪᠤᠯᠤᠭᠰᠠᠨ ᠪᠠᠶᠢᠨ᠎ᠠ᠃ ᠰᠢᠨ᠎ᠡ ᠪᠠᠷ ᠪᠤᠯᠤᠭᠰᠠᠨ ᠳᠦᠷᠪᠡᠳᠦᠭᠡᠷ ᠬᠤᠭᠤᠴᠠᠭᠠᠨ ᠤ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤᠳᠬᠠᠠᠰᠤᠸ᠎ᠠ᠂ ᠵᠢᠯ ᠪᠦᠷᠢ ᠪᠦᠬᠦ ᠬᠤᠲᠠ ᠶᠢᠨ ᠬᠡᠪᠴᠢᠶᠡᠨ ᠳᠤ ᠶᠡᠷᠦᠩᠬᠡᠶᠢᠡᠯᠭᠰᠡᠨ  ᠴᠢᠨᠠᠷᠲᠠᠢ ᠤᠯᠠᠨ ᠲᠦᠮᠡᠨ ᠤ ᠰᠤᠶᠤᠯ ᠤᠷᠠᠯᠢᠭ ᠤᠨ ᠤᠷᠤᠯᠳᠤᠭᠠᠨ ᠢ ᠶᠠᠪᠤᠭᠳᠠᠭᠤᠯᠬᠤ ᠪᠠᠷ ᠳᠠᠮᠵᠢᠨ ᠡᠯ᠎ᠡ ᠦᠨᠳᠦᠰᠦᠲᠡᠨ ᠤ ᠠᠷᠠᠳ ᠲᠦᠮᠡᠨ ᠳᠤ ᠰᠤᠶᠤᠯ ᠤᠨ ᠰᠤᠯᠢᠯᠴᠠᠭᠠᠨ ᠤ ᠳᠠᠪᠴᠠᠩ ᠢ ᠬᠠᠩᠭᠠᠵᠤ ᠬᠠᠮᠢᠶ᠎ᠠ ᠪᠦᠬᠦᠢ ᠠᠵᠤ ᠦᠢᠯᠡᠰ ᠤᠨ ᠬᠦᠭᠵᠢᠯᠲᠡ ᠶᠢ ᠠᠬᠢᠭᠤᠯᠤᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠬᠦᠰᠡᠵᠤ ᠪᠠᠶᠢᠯ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号