ᠮᠠᠨ ᠤ ᠬᠤᠰᠢᠭᠤᠨ ᠤ ᠡᠯ᠎ᠡ ᠮᠤᠩᠭᠤᠯ ᠳᠣᠮᠳᠡᠳᠣ ᠪᠠᠭ᠎ᠠ ᠰᠣᠷᠭᠠᠭᠤᠯᠢ ᠴᠡᠴᠡᠷᠯᠢᠭ ᠣᠷᠳᠣᠰ ᠮᠣᠩᠭᠤᠯᠴᠣᠣᠨ  ᠤᠨ ᠰᠢᠨᠠᠯᠠᠬᠦ ᠶᠣᠰᠣ ᠪᠠᠷ ᠰᠣᠷᠭᠠᠭᠤᠯᠢ ᠡᠬᠢᠯᠡᠬᠦ ᠨᠢᠬᠡᠳᠣᠭᠡᠷ ᠬᠢᠴᠢᠶᠡᠯ ᠢᠶᠠᠨ ᠪᠣᠯᠭᠠᠪᠠ
ᠨᠡᠶᠢᠲᠡᠯᠡᠭᠰᠡᠨ ᠴᠠᠭ᠄
2019-02-26
     ᠣᠶᠢᠷ᠎ᠠ ᠳᠤ᠂ ᠮᠠᠨ ᠤ ᠬᠤᠰᠢᠭᠤᠨ ᠤ ᠡᠯ᠎ᠡ ᠮᠤᠩᠭᠤᠯ ᠳᠣᠮᠳᠡᠳᠣ ᠪᠠᠭ᠎ᠠ ᠰᠣᠷᠭᠠᠭᠤᠯᠢ᠂ ᠴᠡᠴᠡᠷᠯᠢᠭ ᠵᠢᠩᠬᠢᠨᠢ  ᠪᠠᠷ ᠬᠢᠴᠢᠶᠠᠯ ᠡᠬᠢᠯᠡᠵᠣ ᠪᠠᠭᠰᠢ ᠰᠣᠷᠣᠭᠴᠢᠳ᠂ ᠭᠡᠷ ᠤᠨ ᠠᠬᠠᠮᠠᠳ ᠢ ᠣᠷᠣᠯᠴᠠᠭᠰᠠᠨ ᠣᠷᠳᠣᠰ ᠮᠣᠩᠭᠤᠯᠴᠣᠣᠨ  ᠤᠨ ᠰᠢᠨᠡᠯᠡᠨ ᠠᠶᠢᠯᠴᠢᠯᠠᠬᠤ ᠶᠣᠰᠣ ᠣᠶᠢᠯᠡ ᠶᠢ ᠬᠠᠷᠠᠭᠤᠯᠣᠭᠰᠠᠨ ᠠᠵᠢᠯᠯᠠᠭ᠎ᠠ ᠶᠠᠪᠣᠭᠳᠠᠭᠤᠯᠤᠨ ᠰᠣᠷᠭᠠᠭᠤᠯᠢ ᠡᠬᠢᠯᠡᠬᠦ ᠨᠢᠬᠡᠳᠣᠭᠡᠷ ᠬᠢᠴᠢᠶᠠᠯ ᠢᠶᠠᠨ ᠣᠳᠬ᠎ᠠ ᠠᠭᠤᠯᠭ᠎ᠠ ᠲᠠᠢ ᠪᠠᠷ ᠣᠭᠳᠣᠪᠠ᠃      ᠮᠠᠨ ᠤ ᠬᠤᠰᠢᠭᠤᠨ ᠤ ᠮᠣᠩᠭᠤᠯ ᠦᠨᠳᠣᠰᠣᠳᠡᠨ ᠤ ᠬᠡᠣᠭᠡᠳ ᠤᠨ ᠴᠡᠴᠡᠷᠯᠢᠭ ᠨᠢ ᠪᠠᠭᠰᠢ ᠭᠡᠷ ᠤᠨ ᠠᠬᠠᠮᠠᠳ ᠢᠶᠠᠨ ᠰᠠᠭᠤᠯᠭᠠᠵᠦ ᠪᠢᠴᠢᠬᠠᠨ ᠨᠦᠬᠦᠳ ᠠᠴᠠ ᠳᠠᠰ ᠳᠠᠷᠠᠭ᠎ᠠ ᠲᠠᠢ ᠬᠠᠳᠠᠭ ᠳᠡᠳᠡᠨ ᠬᠦᠬᠦᠣᠷ ᠰᠣᠯᠢᠯᠴᠡᠨ ᠮᠡᠨᠳᠣᠴᠢᠯᠡᠨ ᠵᠣᠯᠭᠠᠵᠣ ᠰᠢᠨ᠎ᠠ ᠶᠢᠨ ᠴᠠᠢ ᠠᠮᠰᠠᠭᠤᠯᠬᠤ᠂ ᠰᠢᠨ᠎ᠠ ᠶᠢᠨ ᠳᠡᠭᠡᠵᠢ ᠳᠠᠯᠪᠢᠬᠤ ᠵᠡᠷᠭᠡ ᠣᠷᠳᠣᠰ ᠮᠣᠩᠭᠤᠯ ᠤᠨ ᠰᠢᠨᠠᠯᠠᠨ ᠠᠶᠢᠯᠴᠢᠯᠠᠬᠤ ᠶᠣᠰᠣ ᠵᠢᠷᠣᠮ ᠢ ᠳᠣᠰᠬᠠᠢ ᠪᠠᠭᠰᠢ ᠶᠢᠨ ᠵᠢᠯᠣᠭᠤᠳᠣᠯᠭ᠎ᠠ ᠳᠣᠣᠷ᠎ᠠ ᠠᠯᠬᠤᠮ ᠳᠠᠷᠠᠭ᠎ᠠ ᠲᠠᠢ ᠶᠣᠰᠣᠴᠢᠯᠡᠨ ᠪᠡᠶᠡᠯᠡᠬᠦᠯᠵᠣ ᠰᠣᠷᠣᠭᠴᠢᠳ ᠤᠨ ᠳᠣᠷ᠎ᠠ ᠰᠣᠨᠢᠷᠬᠠᠯ ᠢ ᠳᠠᠳᠠᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤᠨ ᠤ ᠡᠯ᠎ᠡ ᠮᠣᠩᠭᠤᠯ ᠳᠣᠮᠳᠡᠳᠣ ᠪᠠᠭ᠎ᠠ ᠰᠣᠷᠭᠠᠭᠤᠯᠢ᠂ ᠴᠡᠴᠡᠷᠯᠢᠭ ᠨᠢ ᠬᠠᠪᠣᠷ ᠨᠠᠮᠣᠷ ᠤᠨ ᠬᠤᠭᠤᠴᠠᠭᠠᠨ ᠤ ᠰᠣᠷᠭᠠᠭᠤᠯᠢ ᠡᠬᠢᠯᠡᠬᠦ ᠨᠢᠬᠡᠳᠣᠭᠡᠷ ᠬᠢᠴᠢᠶᠠᠯ ᠳᠤ ᠪᠠᠨ ᠰᠢᠨᠡᠯᠡᠬᠦ ᠶᠣᠰᠣ᠂ ᠰᠦ ᠰᠠᠭᠠᠯᠢ ᠪᠡᠷᠢᠬᠤ ᠶᠣᠰᠣ ᠵᠡᠷᠭᠡ ᠰᠣᠷᠭᠠᠭᠤᠯᠢ ᠪᠤᠯᠭᠠᠨ ᠤ ᠣᠨᠴᠠᠯᠢᠭ ᠢ ᠳᠣᠪᠣᠶᠢᠯᠭᠠᠭᠰᠠᠨ ᠠᠵᠢᠯᠯᠠᠭ᠎ᠠ  ᠶᠢ ᠥᠷᠨᠢᠬᠦᠯᠵᠦ ᠮᠣᠩᠭᠤᠯ ᠦᠨᠳᠣᠰᠣᠳᠡᠨ ᠤ ᠣᠯᠠᠮᠵᠢᠯᠠᠯᠲᠤ ᠵᠠᠩ ᠦᠢᠯᠡ ᠶᠢ ᠣᠯᠠᠮᠵᠢᠯᠠᠨ ᠰᠤᠷᠭᠠᠬᠤ ᠶᠢᠨ ᠬᠠᠮᠳᠣ ᠰᠣᠷᠣᠭᠴᠢᠳ ᠤᠨ ᠳᠣᠷ᠎ᠠ ᠰᠤᠨᠢᠷᠬᠠᠯ᠂ ᠶᠤᠰᠤ ᠰᠤᠷᠳᠠᠬᠤᠨ ᠵᠡᠷᠭᠡ ᠲᠠᠯ᠎ᠠ ᠶᠢ ᠳᠡᠭᠡᠭᠰᠢᠯᠡᠬᠦᠯᠵᠦ ᠪᠠᠶᠢᠨ᠎ᠠ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号