ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠶᠡᠭᠡ ᠬᠤᠷᠡᠯ ᠲᠡᠭᠡᠷ᠎ᠡ ᠴᠢᠬᠤᠯᠠᠴᠢᠯᠠᠬᠰᠠᠠ ᠨᠢ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠡᠷᠡᠰ ᠪᠡᠶᠡᠯᠡᠬᠦᠯᠵᠥ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠳᠡ ᠶᠢ ᠪᠡᠶᠡᠯᠡᠬᠦᠯᠬᠦ ᠳᠤ ᠨᠡᠩ ᠰᠠᠶᠢᠨ ᠰᠠᠭᠤᠷᠢ ᠶᠢ ᠲᠠᠯᠪᠢᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019-02-03
     1 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠶᠡᠭᠡ ᠬᠤᠷᠡᠯ ᠬᠦᠬᠡᠬᠤᠳᠠ ᠳᠤ ᠬᠤᠷᠡᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠤ ᠡᠷᠬᠢᠯᠡᠭᠴᠢ ᠯᠢ ᠵᠢᠢ ᠡᡁᠧᠩ ᠬᠤᠷᠡᠯ ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠵᠥ᠂ ᠶᠡᠷᠤᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠶᠠᠳᠠᠭᠤ  ᠶᠢ ᠲᠡᠳᠬᠦᠬᠦ ᠠᠵᠢᠯ ᠤᠨ ᠲᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠲᠤᠰᠬᠠᠢ ᠲᠤᠭᠤᠷᠢᠨ ᠪᠠᠶᠢᠴᠠᠭᠠᠯᠳᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠠᠳᠬᠤᠬᠤ ᠡᠷᠡᠰ ᠪᠠᠳᠤ ᠴᠢᠨᠠᠷ ᠪᠠ ᠤᠬᠠᠮᠰᠠᠷᠳᠤ ᠴᠢᠨᠠᠷ ᠢᠶᠠᠨ ᠦᠨᠡᠨ ᠬᠦ ᠲᠠᠬᠡᠭᠰᠢᠯᠡᠬᠦᠯᠵᠤ᠂ ᠰᠢᠢᠳᠪᠤᠷᠢᠳᠤ ᠢᠯᠡᠯᠳᠡ ᠤᠯᠬᠤ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠵᠠᠢ᠃ ᠦᠪᠡᠷᠲᠡᠭᠡᠡ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠡ ᠤ ᠲᠡᠷᠢᠭᠦᠯᠡᠭᠴᠢ ᠯᠢ ᠰᠢᠤ ᠯᠢᠩ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠲᠤᠠ᠂ ᠤᠯᠤᠰ ᠲᠦᠷᠦ ᠶᠢᠨ ᠵᠦᠪᠯᠡᠯᠭᠡᠡ ᠤ ᠤᠲᠤᠷᠢᠳᠬᠤ ᠪᠠᠭ ᠤᠨ ᠪᠦᠷᠢᠯᠳᠦᠬᠦᠨ ᠵᠢᠴᠢ ᠰᠢᠭᠦᠬᠦ ᠬᠤᠷᠢᠶᠠᠨ ᠤ ᠲᠠᠷᠤᠭ᠎ᠠ ᠪᠠᠶᠢᠴᠠᠭᠠᠬᠤ ᠬᠤᠷᠢᠶᠠᠠ ᠤ ᠪᠠᠶᠢᠴᠠᠭᠠᠬᠤ ᠲᠠᠷᠤᠭ᠎ᠠ ᠬᠤᠷᠠᠯ ᠳᠤ ᠤᠷᠤᠯᠴᠠᠵᠠᠢ᠃      ᠯᠢ ᠵᠢᠢ ᠡᡁᠧᠩ ᠵᠢᠭᠠᠭᠰᠠᠨ ᠨᠢ᠂ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠤᠭᠤᠷᠢᠨ ᠪᠠᠶᠢᠴᠠᠭᠠᠯᠳᠠ ᠠᠴᠠ ᠲᠤᠰᠬᠠᠭᠰᠠᠨ ᠴᠡᠭᠴᠡᠯᠡᠡ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠪᠤᠯ ︽ᠲᠦᠷᠪᠡᠡ ᠤᠬᠠᠮᠰᠠᠷ︾᠂ ︽ᠬᠤᠶᠠᠷ ᠢ ᠬᠠᠮᠠᠭᠠᠯᠠᠬᠤ︾ ᠶᠢ ᠦᠢᠯᠡᠲᠦᠯᠭᠡᠵᠢᠭᠦᠯᠬᠦ ᠴᠢᠬᠤᠯᠠ ᠰᠢᠯᠭᠠᠭᠤᠷ ᠮᠦᠨ᠂ ᠵᠥᠪ ᠣᠨᠤᠪᠴᠢᠲᠠᠢ ᠪᠠᠷ ᠶᠠᠲᠠᠭᠤ ᠶᠢ ᠲᠡᠳᠭᠦᠬᠦ ᠵᠥᠪ ᠣᠨᠤᠪᠴᠢᠲᠠᠢ ᠪᠠᠷ ᠶᠠᠲᠠᠭᠤ ᠠᠴᠠ ᠠᠩᠭᠢᠵᠢᠷᠠᠭᠤᠯᠬᠤ ᠠᠷᠭ᠎ᠠ ᠪᠤᠲᠤᠯᠭ᠎ᠠ ᠶᠢ ᠲᠤᠭᠤᠰᠢᠯᠠᠭᠤᠯᠵᠦ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠴᠢᠬᠤᠯᠠ ᠪᠠᠲᠤᠯᠠᠭ᠎ᠠ ᠮᠦᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠦ ᠪᠦᠬᠦᠯᠢ ᠴᠤᠭᠴᠠ  ᠶᠢᠨ ᠠᠵᠢᠯ ᠤᠨ ᠲᠦᠪᠰᠢᠨ ᠢ ᠲᠡᠭᠡᠭᠰᠢᠯᠡᠭᠦᠯᠬᠦ ᠴᠢᠬᠤᠯᠠ ᠠᠵᠠ ᠲᠤᠬᠢᠶᠠᠯ ᠮᠦᠨ᠃ ᠪᠢᠲᠠ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠭᠦᠯᠦᠨ ᠦᠵᠡᠯ ᠲᠠᠨᠢᠯᠲᠠ ᠪᠠᠨ ᠬᠦᠨᠵᠡᠭᠡᠶᠢᠷᠡᠭᠦᠯᠵᠥ᠂ ᠲᠤᠰᠬᠠᠢ ᠲᠤᠭᠤᠷᠢᠨ ᠪᠠᠶᠢᠴᠠᠭᠠᠯᠳᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠤᠯᠤᠰ ᠲᠦᠷᠦ ᠶᠢᠨ ᠤᠬᠠᠮᠰᠠᠷ ᠂ ᠦᠵᠡᠯ ᠰᠠᠨᠠᠭᠠᠠ ᠤ ᠤᠬᠠᠮᠰᠠᠷ ᠪᠤᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠡ ᠬᠦ ᠴᠢᠩᠭᠠᠳᠬᠠᠵᠤ᠂ ᠠᠰᠠᠭᠤᠲᠠᠯ ᠢ ᠰᠠᠶᠢᠲᠤᠷ ᠰᠢᠢᠳᠪᠦᠷᠢᠯᠡᠡ᠂ ᠠᠵᠢᠯ ᠢ ᠰᠠᠶᠢᠲᠤᠷ ᠠᠳᠬᠤᠵᠦ᠂ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠶᠢ ᠲᠤᠭᠲᠠᠭᠰᠠᠠ ᠬᠤᠭᠤᠴᠠᠭᠠᠠ ᠳᠤ ᠪᠡᠶᠡᠯᠡᠭᠦᠯᠬᠦ ᠳᠤ ᠨᠡᠩ ᠰᠠᠶᠢᠨ ᠰᠠᠭᠤᠷᠢ ᠶᠢ ᠲᠠᠯᠪᠢᠬᠤ ᠭᠡᠷᠡᠭᠲᠡᠢ ᠭᠡᠪᠠ᠃      ᠯᠢ ᠵᠢᠢ ᠾᠧᠩ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠵᠡᠪᠰᠡᠭᠯᠡᠬᠦ ᠶᠢ ᠴᠢᠩᠭᠠᠳᠬᠠᠬᠤ ᠲᠠᠯ᠎ᠡ ᠪᠠᠷ ᠶᠡᠬᠡᠬᠡᠨ ᠬᠦᠴᠦ ᠤᠷᠤᠭᠤᠯᠵᠤ᠂ ᠶᠡᠷᠤᠩᠭᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠦᠬᠦᠯᠡᠯᠳᠠ ᠶᠢ ᠬᠦᠨᠵᠡᠭᠡᠢ ᠰᠤᠷᠤᠯᠴᠠᠨ ᠬᠡᠷᠡᠭᠯᠡᠵᠤ᠂ ᠨᠠᠮ ᠤᠨ ᠲᠦᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠬᠠᠢ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠬᠦᠯᠬᠦ ᠤᠬᠠᠮᠰᠡᠷᠡᠬᠤ ᠲᠤᠮᠳᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠬᠠᠷᠢᠭᠤᠴᠠᠯᠭᠠᠳᠤ ᠰᠡᠳᠬᠢᠯᠭᠡ ᠡᠬᠦᠷᠭᠡᠳᠤ ᠪᠤᠳᠤᠯ ᠲᠤᠯᠭᠠᠮ᠎ᠠ ᠲᠦᠷᠦᠭᠳᠡᠯ ᠢᠶᠠᠨ ᠴᠢᠩᠭᠠᠳᠬᠠᠬᠤ ᠭᠡᠷᠡᠭᠳᠠᠢ᠃ ᠬᠠᠷᠢᠭᠤᠴᠠᠯᠭ᠎ᠠ ᠪᠠᠨ ᠨᠡᠶᠢᠳᠠᠪᠤᠷᠢᠵᠢᠭᠤᠯᠬᠤ ᠲᠠᠯ᠎ᠡ ᠪᠠᠷ ᠶᠡᠬᠡᠬᠡᠨ ᠬᠦᠴᠦ ᠤᠷᠤᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠡᠨᠡ ᠬᠦ ᠦᠨᠳᠤᠰᠤᠨ ᠵᠦᠢᠯ ᠢ ᠴᠢᠩᠭ᠎ᠠ ᠠᠳᠬᠤᠨ᠂ ᠠᠵᠢᠯ ᠤᠨ ᠲᠤᠬᠳᠠᠴᠠ ᠪᠠᠨ ᠪᠦᠷᠢᠨᠰᠢᠬᠦᠯᠤᠨ ᠲᠡᠬᠦᠯᠳᠡᠷᠵᠢᠬᠦᠯᠵᠤ᠂ ᠭᠤᠤᠯ ᠴᠤᠬᠴᠠ ᠶᠢᠨ ᠬᠠᠷᠢᠭᠤᠴᠠᠯᠭ᠎ᠠ ᠪᠠ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠡ ᠪᠠᠷ ᠪᠤᠳᠠᠳᠠᠶᠢᠵᠢᠭᠤᠯᠬᠤ ᠭᠡᠷᠡᠭᠳᠠᠢ᠃ ᠬᠠᠪᠰᠤᠷᠤᠨ ᠲᠠᠮᠵᠢᠬᠦ ᠠᠷᠭ᠎ᠠ ᠪᠠᠷᠢᠯ ᠤᠨ ᠲᠠᠯ᠎ᠡ ᠪᠠᠷ ᠶᠡᠬᠡᠬᠡᠨ ᠬᠦᠴᠤ ᠤᠷᠤᠭᠤᠯᠵᠤ᠂ ᠠᠵᠤ ᠦᠢᠯᠡᠰ᠂ ᠠᠵᠢᠯ ᠤᠯᠭᠤᠯᠳᠠ᠂ ᠠᠮᠢ ᠠᠬᠤᠢ᠂ ᠰᠤᠷᠭᠠᠨ ᠬᠦᠮᠦᠵᠢᠯ᠂ ᠡᠷᠡᠬᠦᠯ ᠮᠡᠨᠳᠤ᠂ ᠤᠨᠳᠤᠤ ᠭᠠᠵᠠᠷ ᠲᠤ ᠨᠡᠬᠦᠯᠭᠡᠬᠦ᠂ ᠨᠡᠶᠢᠭᠡᠮ  ᠤᠨ ᠪᠠᠳᠤᠯᠠᠭ᠎ᠠ᠂ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠵᠤ᠂ ᠲᠤᠰᠬᠤᠨ ᠤ ᠪᠠᠶᠢᠳᠠᠯ ᠡᠷᠦᠭᠡ ᠶᠢᠨ ᠪᠠᠶᠢᠳᠠᠯ ᠬᠤᠪᠢ ᠬᠦᠮᠦᠨ ᠤ ᠪᠠᠶᠢᠳᠠᠯ ᠢ ᠦᠨᠳᠦᠰᠦᠯᠡᠨ ᠠᠷᠭ᠎ᠠ ᠪᠤᠳᠤᠯᠭ᠎ᠠ ᠬᠡᠷᠡᠭᠵᠢᠬᠦᠯᠵᠤ᠂ ᠲᠤᠰᠬᠤᠨ ᠡᠷᠦᠭᠡ ᠬᠦᠮᠦᠨ ᠳᠤ ᠬᠦᠷᠳᠡᠯ᠎ᠡ ᠬᠠᠪᠰᠤᠷᠤᠨ ᠲᠡᠳᠭᠦᠬᠦ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠬᠤ ᠭᠡᠷᠡᠭᠳᠠᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠡᠯ᠎ᠡ ᠪᠠᠷ ᠶᠡᠬᠡᠬᠡᠨ ᠬᠦᠴᠦ ᠤᠷᠤᠭᠤᠯᠵᠥ᠂ ᠨᠡᠩ ᠶᠡᠭᠡ ᠡᠷᠴᠢᠮ ᠢᠶᠠᠷ ᠨᠠᠮ ᠤᠨ ᠪᠠᠶᠢᠭᠤᠯᠤᠯᠲᠠ ᠶᠢ ᠠᠳᠬᠤᠬᠤ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠠᠬᠢᠭᠤᠯᠤᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠬ ᠪᠤᠯᠤᠨ ᠵᠤᠬᠢᠶᠠᠨ ᠪᠠᠶᠢᠭᠤᠯᠤᠯᠲᠠ ᠶᠢᠨ ᠳᠠᠪᠠᠭᠤᠯᠢᠬ ᠢ ᠦᠨᠡᠨ ᠬᠦ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠳᠠᠪᠠᠭᠤᠯᠢᠬ ᠪᠤᠯᠭᠠᠨ ᠬᠤᠪᠢᠷᠡᠭᠤᠯᠬᠤ ᠬᠡᠷᠡᠭᠲᠡᠢ᠃ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠤᠲᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠦᠰᠦᠯ ᠢ ᠴᠢᠩᠭ᠎ᠠ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠶᠢ ᠪᠦᠲᠦᠮᠵᠢᠲᠠᠢ ᠰᠠᠶᠢᠳᠤᠷ ᠪᠡᠶᠡᠯᠡᠭᠦᠯᠵᠦ᠂ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ︽ᠰᠢᠪᠳᠤᠷᠠᠭᠠᠨ ᠤ ᠠᠵᠢᠯ︾ ᠢ ᠰᠠᠶᠢᠳᠤᠷ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠠᠵᠢᠯ ᠤᠨ ᠲᠤᠬᠠᠢ ᠴᠢᠬᠤᠯᠠ ᠦᠭᠦᠯᠡᠯᠲᠡ ᠪᠤᠯᠤᠨ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ ᠬᠢᠬᠦ ᠲᠤᠬᠠᠢ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ ᠲᠤᠭᠤᠰᠢᠯᠠᠭᠤᠯᠵᠤ᠂ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠨ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠦᠢᠯᠡᠳᠦᠯᠬᠡᠵᠢᠬᠦᠯᠵᠥ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠤᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠲᠤᠬᠳᠠᠬᠰᠠᠨ ᠴᠠᠬ ᠲᠤ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠠ᠃      ᠬᠤᠷᠠᠯ ᠢ ᠸᠢᠳᠢᠤ᠋ ᠬᠤᠷᠠᠯ ᠤᠨ ᠬᠡᠯᠪᠠᠷᠢ ᠪᠠᠷ ᠬᠤᠷᠠᠯᠳᠤᠭᠤᠯᠵᠤ᠂ ᠮᠠᠨ ᠤ ᠬᠤᠰᠢᠭᠤᠨ ᠤ ᠣᠳᠣᠷᠢᠳᠣᠯᠭ᠎ᠠ ᠵᠣᠣ ᠹᠧᠢ ᠯᠤ᠋᠂ ᠪᠣᠶᠠᠨᠮᠠᠨᠳᠣᠬᠤ᠂ ᠬᠤᠣ ᠸᠧᠢ᠂ ᠰᠣᠷᠭᠠᠯᠳᠣ᠂ ᠰᠤ᠋ ᠰᠢᠨ ᠹᠠ᠂ ᠯᠠᠨ ᠲᠢᠶᠠᠨ᠂ ᠵᠠᠩ ᡁᠢ ᠰᠢᠦ᠋ᠩ᠂ ᠹᠧᠩ ᡁᠢ ᠮᠢᠩ᠂ ᠵᠣᠣ ᠶᠦᠩ ᠹᠧᠩ᠂ ᠠᠯᠳᠠᠨᠳᠣᠶᠠᠭ᠎ᠠ᠂ ᠯᠢ ᠰᠢᠦ ᠹᠧᠩ᠂ ᠸᠠᠩ ᠶᠥᠩ ᠴᠢᠩ᠂ ᠸᠠᠩ ᠵᠢᠷᠭᠠᠯ᠂ ᠭᠤᠣ ᠬᠤ᠋᠂ ᠵᠧᠦ ᠱᠤᠸᠠᠢ᠂ ᠪᠠᠶᠠᠠᠴᠡᠩᠬᠡᠯ᠂ ᠪᠠᠶᠠᠨᠴᠢᠮᠡᠭ᠂ ᠯᠢ ᠬᠤᠩ ᠯᠢᠶᠠᠩ᠂ ᠯᠧᠢ · ᠬᠠᠰ᠂ ᠸᠠᠩ ᠭᠠᠩ᠂ ᠣᠶᠣᠨᠪᠢᠯᠢᠭ᠌᠂ ᠼᠣᠣ ᠶᠢᠨ ᠱᠠᠨ᠂ ᠶᠠᠩ ᠵᠦᠩ ᠬᠤᠩ ᠨᠠᠷ ᠦᠣᠰᠢᠨ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号