ᠦᠦᠰᠢᠨᠵᠣᠣ ᠪᠠᠯᠭᠠᠰᠣᠨ ᠤ ᠪᠠᠶᠠᠨᠳᠣᠯᠣᠭᠠᠢ ᠭᠠᠴᠠᠭ᠎ᠠ ︽3.8︾ ᠤ ᠳᠡᠯᠡᠬᠡᠢ ᠶᠢᠨ ᠡᠮᠡᠭᠳᠡᠶᠢᠴᠣᠳ ᠤᠨ ᠪᠠᠶᠠᠷ ᠢ ᠣᠳᠬ᠎ᠠ ᠠᠭᠤᠯᠭ᠎ᠠ ᠲᠠᠢ ᠪᠠᠯᠬᠡᠯᠡᠪᠠ
ᠨᠡᠶᠢᠲᠡᠯᠡᠭᠰᠡᠨ ᠴᠠᠭ᠄
2019-03-12
     3 ᠰᠠᠷ᠎ᠠ ᠶᠢᠨ 8 ᠤ ᠡᠳᠦᠷ ᠬᠦᠷᠴᠦ ᠢᠷᠡᠬᠦ ᠪᠠᠷ ᠦᠦᠰᠢᠨᠵᠣᠣ ᠪᠠᠯᠭᠠᠰᠣᠨ ᠤ ᠪᠠᠶᠠᠨᠳᠣᠯᠣᠭᠠᠢ ᠭᠠᠴᠠᠭ᠎ᠠ ᠬᠤᠰᠢᠭᠤ ᠰᠣᠶᠣᠯ ᠵᠢᠭᠤᠯᠴᠢᠯᠠᠯ ᠤᠨ ᠳᠣᠪᠴᠢᠶ᠎ᠠ ᠲᠠᠢ ᠬᠠᠮᠳᠣᠷᠠᠨ ︽3 . 8︾ ᠤ ᠳᠡᠯᠡᠬᠡᠢ ᠶᠢᠨ ᠬᠦᠳᠡᠯᠮᠦᠷᠢᠴᠢᠨ ᠡᠮᠡᠭᠳᠡᠶᠢᠴᠣᠳ ᠤᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃      ᠳᠣᠰ ᠠᠵᠢᠯᠯᠠᠭ᠎ᠠ ᠳᠤ  ᠪᠠᠶᠠᠨᠳᠣᠯᠣᠭᠠᠢ ᠭᠠᠴᠠᠭᠠᠨ ᠤ ᠳᠠᠭᠤᠷᠢᠶᠠᠯᠲᠣ ᠡᠷᠦᠬᠡ᠂ ︽3.8︾   ᠤ ᠣᠯᠠᠭᠠᠨ ᠳᠣᠭᠴᠢ᠂ ᠠᠵᠢᠯᠴᠢ ᠪᠦᠰᠡᠬᠦᠢ᠂ ᠬᠦᠨᠳᠦᠳᠦ ᠡᠵᠢ᠂ ᠰᠠᠶᠢᠨ ᠬᠠᠳᠠᠮ ᠡᠵᠢ᠂ ᠣᠬᠠᠭᠠᠯᠢᠭ ᠪᠦᠰᠡᠬᠦᠢ   ᠶᠢ ᠬᠦᠬᠢᠬᠦᠯᠦᠨ ᠱᠠᠩᠨᠠᠭᠰᠠᠨ ᠪᠦᠬᠡᠳ ᠰᠣᠨᠢᠷᠬᠠᠯᠲᠠᠢ ᠳᠣᠭᠯᠠᠭᠠᠮ ᠨᠠᠭᠠᠳᠣᠮ ᠶᠠᠪᠣᠭᠳᠠᠭᠤᠯᠵᠦ᠂ ᠪᠦᠬᠦ ᠭᠠᠴᠠᠭᠠᠨ ᠤ ᠡᠮᠡᠭᠳᠡᠶᠢᠴᠣᠳ ᠤᠨ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠨ ᠨᠠᠷᠬᠢᠶᠠᠨ ᠬᠦᠭᠵᠢᠶᠡᠨ ᠨᠡᠮᠡᠭᠰᠡᠨ ᠪᠠᠶᠢᠨ᠎ᠠ᠃ ᠪᠠᠰᠠ ᠦᠪᠦᠷ ᠮᠣᠩᠭᠤᠯ ᠤᠨ ᠾᠧ ᠶᠠᠩ ︵ᠦᠦᠰᠢᠨ︶ ᠬᠠᠣᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠣᠯᠢᠴᠢ  ᠠᠴᠠ ᠣᠷᠤᠭ ᠭᠡᠷ ᠪᠦᠯᠢ ᠶᠢᠨ ᠬᠠᠣᠯᠢ ᠶᠢᠨ ᠳᠣᠬᠠᠢ ᠳᠠᠶᠢᠯᠦᠮᠵᠢ ᠬᠢᠵᠦ᠂ ᠦᠦᠰᠢᠨᠵᠦᠦ ᠪᠠᠯᠭᠠᠰᠣᠨ ᠤ ᠳᠦᠯᠦᠪᠯᠡᠭᠡᠲᠦ ᠬᠦᠩᠬᠡᠵᠢᠯ ᠤᠨ ᠠᠯᠪᠠᠨ ᠬᠡᠷ ᠠᠴᠠ ᠬᠤᠯᠪᠣᠭᠳᠠᠯ ᠪᠦᠬᠦᠢ ᠬᠠᠣᠯᠢ ᠶᠢᠨ ᠮᠡᠳᠡᠯᠭᠡ ᠶᠢᠨ ᠳᠣᠬᠠᠢ ᠣᠬᠠᠭᠤᠯᠵᠣ᠂ ᠮᠠᠯᠴᠢᠳ ᠤᠨ ᠣᠳᠬ᠎ᠠ ᠣᠷᠠᠯᠢᠭ ᠤᠨ ᠪᠦᠯᠬᠦᠮ ᠠᠴᠠ ᠭᠤᠶᠢᠳᠠ ᠰᠠᠶᠢᠬᠠᠨ ᠳᠣᠭᠯᠠᠯᠲᠠ ᠭᠠᠷᠭᠠᠵᠦ᠂ ᠭᠠᠴᠠᠭᠠᠨ ᠤ ᠡᠮᠡᠭᠳᠡᠶᠢᠴᠣᠳ ᠲᠡᠭᠡᠨ ᠪᠠᠶᠠᠷ ᠤᠨ ᠡᠳᠦᠷ ᠤᠨ ᠮᠡᠨᠳᠣᠴᠢᠯᠡᠯ ᠬᠦᠷᠭᠡᠵᠦ ᠣᠯᠠᠨ ᠤ ᠭᠠᠷᠠᠭ᠎ᠠ ᠰᠣᠨᠣᠷ ᠢ ᠮᠢᠯᠢᠶᠡᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号