ᠦᠤᠰᠢᠨ ᠬᠤᠰᠢᠭᠤᠨ ᠤ ᠲᠤᠭ ᠪᠠᠯᠭᠠᠰᠤᠨ ᠤ ᠲᠤᠭᠤᠯᠳᠠᠢ ᠭᠠᠴᠠᠭᠠᠨ ᠤ ᠵᠢᠷ ᠤᠨ ᠮᠠᠯᠴᠢᠨ ᠰᠠᠶᠢᠰᠢᠶᠠᠯᠲᠤ᠂ | ᠰᠡᠴᠡᠨᠬᠤᠷᠯᠤ ᠶᠢᠨ ᠬᠢᠨ ᠮᠠᠯ ᠲᠠᠷᠢᠶᠠᠯᠠᠩ ᠢᠶᠠᠷ ᠭᠤᠤᠯᠯᠠᠬᠤ ᠶᠢᠨ ᠲᠠᠭᠠᠤ ᠦᠨᠳᠦᠰᠦᠲᠡᠨ ᠤ ᠦᠪ ᠰᠤᠶᠤᠯ ᠢᠶᠠᠨ | ᠤᠯᠠᠮᠵᠢᠯᠠᠨ ᠬᠦᠭᠵᠢᠭᠦᠯᠭᠦ ᠬᠦᠰᠡᠯ ᠪᠤᠳᠤᠯ ᠲᠠᠢ ᠶᠠᠪᠤᠭ᠎ᠠ ᠦᠨᠢᠷ ᠵᠢᠷᠭᠠᠯᠲᠤ ᠠᠶᠢᠯ ᠪᠤᠯᠬᠤ ᠶᠤᠮ᠃ ᠨᠡᠶᠢᠬᠡᠮ ᠤᠨ | ᠠᠰᠤᠷᠤ ᠶᠡᠭᠡ ᠬᠦᠭᠵᠢᠯᠲᠡ ᠲᠠᠪᠰᠢᠯᠲᠠ ᠶᠢᠨ ᠶᠠᠪᠤᠴᠠ ᠲᠤᠮᠳᠠ ᠦᠪ ᠰᠤᠶᠤᠯ ᠢᠶᠠᠨ ᠤᠯᠠᠮᠵᠢᠯᠠᠵᠤ ᠬᠦᠭᠵᠢᠭᠦᠯᠵᠤ | ᠬᠠᠳᠠᠭᠠᠯᠠᠨ᠎ᠠ ᠭᠡᠳᠡᠭ ᠲᠡᠶᠢᠮᠤ ᠴᠤ ᠠᠮᠠᠷᠬᠠᠨ ᠠᠵᠢᠯ ᠪᠢᠰᠢ ᠪᠢᠯᠡ᠃ ᠬᠡᠪᠡᠴᠦ ᠰᠠᠶᠢᠰᠢᠶᠠᠯᠲᠤ ᠰᠡᠴᠡᠨᠬᠤᠷᠯᠤ | ᠬᠤᠶᠠᠭᠤᠯᠠ ᠪᠠᠨ ᠡᠭᠦᠨ ᠢ ᠲᠠᠷᠬᠠᠨ ᠡᠭᠦᠷᠬᠡ ᠬᠠᠷᠢᠭᠤᠴᠠᠯᠭ᠎ᠠ ᠬᠡᠮᠡᠨ ᠦᠵᠡᠵᠤ᠂ ᠬᠤᠶᠠᠷ ᠬᠡᠤᠬᠡᠳ ᠲᠡᠭᠡᠨ ᠴᠤ | ᠦᠪᠡᠷ ᠤᠨ ᠪᠡᠶ᠎ᠡ ᠪᠠᠷ ᠢᠶᠠᠨ ᠲᠠᠭᠤᠷᠢᠶᠠᠯ ᠦᠵᠡᠭᠦᠯᠵᠤ ᠰᠤᠷᠭᠠᠨ ᠬᠦᠮᠦᠵᠢᠭᠦᠯᠳᠡᠭ ᠪᠠᠶᠢᠨ᠎ᠠ᠃ ᠦᠷ᠎ᠡ ᠬᠡᠤᠬᠡᠳ ᠨᠢ | ᠴᠤ ᠠᠪᠤ ᠡᠵᠢ ᠶᠢᠨ ᠢᠶᠠᠨ ᠰᠤᠶᠤᠯ ᠤᠨ ᠤᠬᠢ ᠰᠢᠩᠭᠡᠭᠰᠡᠨ ᠤᠶᠤᠨ ᠤ ᠤᠨᠳᠤᠷᠤᠭ᠎ᠠ ᠠᠴᠠ ᠰᠢᠮ᠎ᠡ ᠬᠦᠷᠲᠡᠵᠤ ᠦᠪ | ᠰᠤᠶᠤᠯ ᠳᠠᠭᠠᠨ ᠬᠠᠶᠢᠷᠲᠠᠢ ᠪᠤᠯᠤᠬᠰᠠᠨ ᠢᠶᠠᠷ ᠦᠯᠦ ᠪᠠᠷᠠᠨ ᠬᠢᠴᠢᠶᠡᠯ ᠰᠤᠷᠤᠯᠭ᠎ᠠ ᠳᠠᠭᠠᠨ ᠤᠨᠴᠠ ᠴᠢᠷᠮᠠᠶᠢᠯᠲᠠ ᠲᠠᠢ | ᠰᠢᠯᠢᠳᠡᠭ ᠰᠤᠷᠤᠬᠴᠢ ᠪᠤᠯᠵᠤ ᠲᠤᠰ ᠲᠤᠰ ᠲᠠᠭᠠᠨ ᠡ᠊ᠡᠭᠭᠡᠷ ᠲᠡᠭᠡᠨ ᠮᠧᠳᠠᠯ ᠲᠠᠢ᠂ ᠭᠠᠷ ᠲᠠᠭᠠᠨ ᠢᠷᠠᠭᠤ ᠠᠯᠲᠠᠷ ᠤᠨ | ᠦᠨᠡᠮᠯᠡᠯ ᠲᠠᠢ ᠴᠢᠷᠮᠠᠶᠢᠨ ᠰᠤᠷᠤᠯᠴᠠᠵᠤ ᠪᠠᠶᠢᠨ᠎ᠠ᠃ | | | | | | | ᠦᠷ᠎ᠡ ᠬᠡᠤᠬᠡᠳ ᠤᠨ ᠢᠶᠠᠨ ᠤᠬᠠᠭᠠᠨ ᠲᠤᠮᠤᠭᠠᠲᠠᠢ᠂ ᠠᠵᠢᠯᠴᠢ ᠬᠦᠳᠡᠯᠮᠦᠷᠢᠴᠢ᠂ ᠬᠢᠴᠢᠶᠡᠯ | ᠰᠤᠷᠤᠯᠭ᠎ᠠ ᠳᠠᠭᠠᠨ ᠠᠮᠵᠢᠯᠲᠠ ᠲᠠᠢ ᠪᠠᠶᠢᠬᠤ ᠶᠢ ᠬᠠᠷᠠᠨ ᠪᠠᠶᠠᠰᠴᠤ ᠬᠡᠷ ᠤᠨ ᠡᠵᠡᠨ ᠰᠠᠶᠢᠰᠢᠶᠠᠯᠲᠤ ᠠᠵᠢᠯ ᠤᠨ | ᠴᠢᠯᠦᠭᠡᠨ ᠳᠡᠭᠡᠨ ᠬᠦᠭᠵᠢᠮ ᠰᠤᠷᠴᠤ᠂ ᠨᠤᠲᠤᠭ ᠤᠰᠤᠨ ᠳᠠᠭᠠᠨ ᠲᠠᠨᠢᠬᠳᠠᠬᠰᠠᠨ ᠠᠷᠠᠳ ᠤᠨ ᠬᠦᠭᠵᠢᠮᠴᠢᠨ ᠪᠤᠯᠵᠤ | ᠪᠠᠶᠢᠬᠤ ᠳᠤ ᠬᠡᠷ ᠤᠨ ᠡᠵᠡᠭᠳᠡᠢ ᠰᠡᠴᠡᠨᠬᠤᠷᠯᠦ ᠶᠢᠨ ᠰᠡᠳᠬᠢᠯ ᠨᠢ ᠲᠡᠨᠢᠢᠨ 2010 ᠤᠨ ᠳᠤ ᠪᠠᠭ᠎ᠠ ᠠᠴᠠ ᠪᠠᠨ ᠲᠤᠷ | ᠠ ᠪᠠᠬ᠎ᠠ ᠲᠠᠢ ᠪᠠᠶᠢᠬᠰᠠᠨ ᠮᠤᠩᠭᠤᠯ ᠪᠦᠰᠡᠭᠦᠢ ᠶᠢᠨ ᠭᠠᠷ ᠤᠨ ᠤᠷ ᠠ᠂ ᠰᠡᠳᠬᠢᠯ ᠤᠨ ᠤᠷ᠎ᠠ ᠰᠢᠩᠭᠡᠭᠰᠡᠨ ᠤᠷᠠᠨ | ᠬᠠᠳᠬᠤᠮᠠᠯ ᠢ ᠰᠤᠷᠴᠤ ᠡᠬᠢᠯᠡᠵᠡᠢ᠃ | ︽ᠰᠠᠶᠢᠨ ᠬᠦᠮᠦᠨ ᠳᠤ ᠰᠠᠶᠢᠬᠠᠨ ᠤᠴᠠᠷᠠᠯ ᠲᠠᠢ︾ ᠭᠡᠳᠡᠭ ᠢᠶᠠᠷ 2012 ᠤᠨ ᠳᠤ ᠦᠨᠳᠦᠰᠦᠲᠡᠨ ᠤ | ᠰᠤᠶᠤᠯ ᠢ ᠬᠦᠭᠵᠢᠭᠦᠯᠭᠦ ᠨᠠᠮ ᠲᠦᠷᠦ ᠶᠢᠨ ᠪᠤᠳᠤᠯᠭ᠎ᠠ ᠶᠢᠨ ᠬᠠᠯᠠᠮᠵᠢ ᠪᠠᠷ ᠲᠤᠭ ᠪᠠᠯᠭᠠᠰᠤᠨ ᠤ ᠡᠮᠡᠭᠲᠡᠶᠢᠴᠤᠳ ᠤᠨ | ᠬᠤᠯᠪᠤᠭ᠎ᠠ ᠠᠴᠠ ᠡᠷᠬᠢᠯᠡᠭᠰᠡᠨ ᠤᠷᠠᠨ ᠬᠠᠳᠬᠤᠮᠠᠯ ᠤᠨ ᠪᠤᠯᠪᠠᠰᠤᠷᠠᠯ ᠤᠨ ᠠᠩᠭᠢ ᠳᠤ ᠰᠤᠷᠤᠯᠴᠠᠵᠤ ᠤᠷ᠎ᠠ | ᠮᠡᠷᠭᠡᠵᠢᠯ ᠢᠶᠠᠨ ᠲᠡᠭᠡᠭᠰᠢᠯᠡᠭᠦᠯᠦᠨ ᠬᠢᠷᠢ ᠲᠡᠩᠴᠡᠭᠰᠡᠨ ᠦᠨᠡᠮᠯᠡᠯ ᠢᠶᠠᠨ ᠠᠪᠤᠬᠰᠠᠨ ᠪᠠᠶᠢᠨ᠎ᠠ᠃ ᠰᠡᠴᠡᠨᠬᠤᠷᠯᠤ | ᠤᠢᠢᠷ᠎ᠠ ᠶᠢᠨ ᠬᠡᠳᠦᠨ ᠵᠢᠯ ᠳᠤ ᠮᠠᠯ ᠲᠠᠷᠢᠶᠠᠯᠠᠩ ᠤᠨ ᠠᠵᠢᠯ ᠤᠨ ᠴᠢᠯᠦᠭᠡᠨ ᠳᠡᠭᠡᠨ 400 ᠭᠠᠷᠤᠢ ᠪᠦᠲᠦᠭᠡᠯ | ᠤᠷᠠᠯᠠᠵᠤ ᠮᠡᠷᠭᠡᠵᠢᠯ ᠴᠢᠳᠠᠪᠤᠷᠢ ᠪᠠᠨ ᠲᠡᠭᠡᠭᠰᠢᠯᠡᠭᠦᠯᠬᠦ ᠶᠢᠨ ᠬᠠᠮᠲᠤ ᠵᠠᠬ᠎ᠠ ᠲᠡᠯᠬᠡᠭᠦᠷ ᠲᠤ ᠪᠦᠲᠦᠭᠡᠭᠳᠡᠭᠦᠨ ᠢᠶᠠᠨ | ᠭᠠᠷᠭᠠᠵᠤ ᠪᠠᠭ᠎ᠠ ᠰᠠᠭ᠎ᠠ ᠤᠷᠤᠯᠭ᠎ᠠ ᠤᠯᠵᠤ ᠠᠶᠢᠯ ᠭᠡᠷ ᠤᠨ ᠢᠶᠠᠨ ᠠᠷᠰᠠᠷ ᠵᠠᠷᠤᠳᠠᠯ ᠢ ᠰᠢᠢᠳᠪᠦᠷᠢᠯᠡᠬᠦ ᠪᠤᠯᠵᠠᠢ᠃ | | | | | | | ︽ᠴᠢᠷᠮᠠᠶᠢᠯᠭ᠎ᠠ ᠬᠦᠮᠦᠨ ᠢ ᠬᠦᠰᠡᠷᠳᠡᠭᠦᠯᠭᠦ ᠦᠭᠡᠢ︾ ᠭᠡᠳᠡᠭ ᠢᠶᠠᠷ ᠲᠡᠭᠦᠨ ᠤ ᠤᠷᠠᠯᠠᠵᠤ ᠬᠢᠭᠰᠡᠨ | ᠪᠦᠲᠦᠭᠡᠯ ᠤᠳ ᠨᠢ ᠤᠷᠤᠯᠳᠤᠭᠠᠨ᠂ ᠲᠡᠯᠭᠡᠨ ᠦᠵᠡᠭᠦᠯᠭᠡ ᠳᠤ ᠤᠯᠠᠨ ᠤᠳᠠᠭ᠎ᠠ ᠤᠷᠤᠵᠤ᠂ ᠬᠤᠰᠢᠭᠤ᠂ ᠪᠠᠯᠭᠠᠰᠤ᠂ | ᠭᠠᠴᠠᠭᠠᠨ ᠤ ᠲᠡᠰ ᠤᠨ ᠱᠠᠩᠨᠠᠯ ᠬᠦᠬᠢᠭᠦᠯᠦᠯ ᠢ ᠭᠠᠷᠳᠠᠬᠰᠠᠨ ᠢᠶᠠᠷ ᠪᠠᠷᠠᠬᠤ ᠦᠭᠡᠢ᠂ ᠦᠤᠰᠢᠨ ᠬᠤᠰᠢᠭᠤᠨ ᠤ | ᠠᠷᠠᠳ ᠤᠨ ᠤᠳᠬ᠎ᠠ ᠤᠷᠠᠯᠢᠬᠴᠢᠳ ᠤᠨ ᠡᠪᠯᠡᠯ ᠤᠨ ᠬᠡᠰᠢᠭᠦᠨ᠂ ᠦᠪᠦᠷ ᠮᠤᠩᠭᠤᠯ ᠤᠨ ᠮᠤᠩᠭᠤᠯ ᠦᠨᠳᠦᠰᠦᠲᠡᠨ ᠤ | ᠤᠷᠠᠴᠤᠳ ᠤᠨ ᠨᠡᠶᠢᠬᠡᠮᠯᠢᠭ ᠤᠨ ᠬᠡᠰᠢᠭᠦᠨ ᠪᠤᠯᠵᠠᠢ᠃ | ᠡᠳᠡᠭᠡᠷ ᠢᠷᠠᠭᠤ ᠠᠯᠳᠠᠷ ᠴᠢᠷᠮᠠᠶᠢᠯᠭ᠎ᠠ ᠨᠢ ᠰᠠᠶᠢᠰᠢᠶᠠᠯᠲᠤ ᠰᠡᠴᠡᠨᠬᠤᠷᠯᠤ ᠶᠢᠨ ᠵᠤᠷᠢᠭ ᠢ ᠤᠯᠠᠮ ᠡᠷᠴᠢᠯᠡᠵᠤ᠂ | ᠤᠯᠠᠨ ᠵᠢᠯ ᠤᠨ ᠲᠤᠷᠰᠢ ᠬᠤᠷᠢᠶᠠᠨ ᠴᠤᠬᠯᠠᠭᠤᠯᠤᠬᠰᠠᠨ ᠬᠤᠪᠤᠷ ᠴᠤᠬᠠᠭ ᠬᠠᠭᠤᠴᠢᠨ ᠡᠳ᠋ᠯᠡᠯ ᠪᠠ ᠦᠪᠡᠷ ᠤᠨ | ᠭᠠᠷ ᠢᠶᠠᠷ ᠢᠶᠠᠨ ᠤᠷᠠᠯᠠᠵᠤ ᠪᠦᠲᠦᠭᠡᠭᠰᠡᠨ ᠪᠦᠲᠦᠭᠡᠯ ᠢᠶᠠᠨ ᠨᠡᠶᠢᠯᠡᠭᠦᠯᠦᠨ ᠲᠤᠰᠬᠠᠢ ᠦᠵᠡᠭᠦᠯᠭᠡ ᠶᠢᠨ ᠭᠡᠷ ᠭᠠᠷᠭᠠᠵᠤ | ᠦᠵᠡᠭᠴᠢ ᠲᠦᠮᠡᠨ ᠤ ᠪᠠᠨ ᠬᠡᠬᠡᠨ ᠮᠡᠯᠮᠡᠢ ᠳᠤ ᠬᠦᠷᠬᠡᠵᠤ ᠪᠠᠶᠢᠨ᠎ᠠ᠃ | ᠡᠨᠡ ᠲᠤᠬᠠᠢ ᠰᠠᠶᠢᠰᠢᠶᠠᠯᠲᠤ᠂ ᠰᠡᠴᠡᠨᠬᠤᠷᠯᠤ ᠶᠠᠷᠢᠬᠤ ᠳᠠᠭᠠᠨ᠄ ︽ᠠᠪᠤ ᠡᠵᠢ ᠶᠢᠨ ᠢᠶᠠᠨ ᠦᠯᠡᠳᠡᠭᠡᠵᠤ | ᠦᠭᠭᠦᠭᠰᠡᠨ ᠦᠪ ᠰᠤᠶᠤᠯ᠂ ᠨᠤᠲᠤᠭ ᠤᠰᠤᠨ ᠤ ᠪᠠᠨ ᠵᠠᠩ ᠲᠠᠳᠬᠠᠯ ᠢ ᠬᠠᠷᠠᠭᠤᠯᠤᠬᠰᠠᠨ ᠡᠳ᠋ᠯᠡᠯ ᠬᠡᠷᠡᠭᠰᠡᠯ ᠢᠶᠠᠷ | ᠮᠤᠩᠭᠤᠯ ᠲᠡᠤᠬᠡ ᠰᠤᠶᠤᠯ ᠳᠠᠭᠠᠨ ᠦᠴᠦᠬᠡᠨ ᠴᠤ ᠬᠡᠰᠡᠨ ᠬᠤᠪᠢ ᠨᠡᠮᠡᠷᠢ ᠦᠵᠡᠭᠦᠯᠭᠦ ᠪᠤᠯ ᠪᠢᠳᠠᠨ ᠤ ᠵᠤᠷᠢᠯᠭ᠎ᠠ | ᠪᠤᠶᠤ ᠭᠤᠤᠯ ᠡᠭᠦᠷᠬᠡ ᠬᠠᠷᠢᠭᠤᠴᠠᠯᠭ᠎ᠠ ᠪᠤᠯᠬᠤ ᠶᠤᠮ᠃ ᠪᠢᠳᠠ ᠦᠷᠭᠦᠯᠵᠢᠯᠡᠨ ᠴᠢᠷᠮᠠᠶᠢᠵᠤ ᠤᠯᠠᠨ ᠠᠷᠪᠢᠨ | ᠤᠯᠠᠮᠵᠢᠯᠠᠯᠲᠤ ᠬᠠᠭᠤᠴᠢᠨ ᠡᠳ᠋ᠯᠡᠯ ᠬᠡᠷᠡᠭᠰᠡᠯ ᠴᠤᠬᠯᠠᠭᠤᠯᠤᠨ ᠬᠠᠳᠠᠭᠠᠯᠠᠵᠤ᠂ ᠦᠷ᠎ᠠ ᠬᠤᠶᠢᠴᠢᠰ ᠲᠠᠭᠠᠨ ᠤᠯᠠᠮᠵᠢᠯᠠᠨ | ᠦᠯᠡᠳᠡᠭᠡᠶ᠎ᠡ ᠬᠡᠵᠤ ᠪᠤᠳᠤᠵᠤ ᠪᠠᠶᠢᠨ᠎ᠠ︾ ᠬᠡᠵᠤ ᠪᠠᠶᠢᠯ᠎ᠠ᠃ | ᠰᠠᠶᠢᠰᠢᠶᠠᠯᠲᠤ ᠶᠢᠨ ᠨᠢᠬᠡ ᠬᠡᠷ ᠤᠨ ᠬᠢᠨ ᠤ ᠦᠪ ᠰᠤᠶᠤᠯ ᠢᠶᠠᠨ ᠬᠡᠰᠡᠨ ᠬᠠᠳᠠᠭᠠᠯᠠᠮᠵᠢ ᠤᠯᠠᠮ ᠠᠴᠠ ᠤᠯᠠᠮ | ᠦᠷᠬᠡᠵᠢᠨ ᠵᠤᠵᠠᠭᠠᠷᠠᠬᠤ ᠪᠤᠯᠲᠤᠭᠠᠢ᠃ |