ᠤᠯᠠᠮᠵᠢᠯᠠᠯᠲᠤ ᠵᠠᠩᠰᠢᠯ ᠢᠶᠠᠷ ᠢᠶᠠᠨ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠤᠭᠳᠤᠭᠰᠠᠨ ᠨᠠᠬᠢᠶ᠎ᠠ ᠴᠡᠴᠡᠷᠯᠢᠭ
ᠨᠡᠶᠢᠲᠡᠯᠡᠭᠰᠡᠨ ᠴᠠᠭ᠄
2019-03-18
     ᠬᠠᠪᠤᠷ ᠤᠨ ᠤᠷᠢ ᠤᠷᠤᠵᠤ ᠬᠠᠮᠤᠭ ᠲᠡᠯᠡᠬᠡᠢ ᠠᠮᠢᠵᠢᠷᠠᠯ ᠢᠶᠠᠷ ᠪᠢᠯᠬᠠᠨ᠎ᠠ᠃ ᠠᠪᠤ ᠡᠵᠢ ᠶᠢᠨ ᠢᠶᠠᠨ ᠬᠠᠯᠠᠭᠤᠨ ᠲᠤᠯᠠᠭᠠᠨ ᠡᠪᠦᠷ ᠲᠤ ᠡᠪᠦᠯ ᠢ ᠲᠤᠭᠤᠯᠤᠭᠰᠠᠨ ᠬᠡᠦᠬᠡᠳ ᠤᠳ ᠮᠠᠨᠢ ᠰᠢᠷᠠᠭᠴᠢᠨ ᠭᠠᠭ᠋ᠠᠢ ᠵᠢᠯ ᠤᠨ ᠴᠠᠭᠠᠨ ᠰᠠᠷ᠎ᠠ ᠳᠠᠭᠠᠨ ᠪᠠᠶᠠᠷ ᠵᠢᠷᠭᠠᠯ ᠲᠠᠢ ᠰᠢᠨᠡᠯᠡᠭᠡᠳ ᠨᠠᠰᠤ ᠨᠡᠮᠡᠵᠦ ᠪᠡᠶ᠎ᠡ ᠦᠰᠦᠬᠡᠳ᠂ ᠰᠤᠷᠭᠠᠭᠤᠯᠢ ᠶᠢᠨ ᠬᠦᠷᠢᠶ᠎ᠠ ᠪᠠᠨ ᠬᠦᠭᠵᠢᠯ ᠪᠠᠶᠠᠷ ᠢᠶᠠᠷ ᠪᠤᠴᠠᠯᠭᠠᠨ ᠴᠤᠭᠯᠠᠷᠠᠯ᠎ᠠ᠃ ᠴᠠᠭᠠᠨ ᠰᠠᠷ᠎ᠠ ᠶᠢᠨ ᠰᠡᠬᠦᠯᠴᠢ ᠪᠠᠷ ᠦᠦᠰᠢᠨ ᠬᠤᠰᠢᠭᠤᠨ ᠤ ᠨᠠᠬᠢᠶ᠎ᠠ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠶᠤᠰᠤᠯᠠᠯ ᠪᠤᠯᠬᠤ ᠬᠡᠵᠦ ᠪᠠᠶᠢᠭ᠎ᠠ ᠰᠤᠷᠠᠭ ᠢᠶᠠᠷ ᠰᠤᠷᠭᠠᠭᠤᠯᠢ ᠡᠬᠢᠯᠡᠬᠦ ᠡᠳᠦᠷ ᠰᠤᠷᠪᠤᠯᠵᠢᠯᠠᠭᠴᠢ ᠦᠷᠯᠦᠬᠡ ᠡᠷᠳᠡ ᠰᠤᠷᠭᠠᠭᠤᠯᠢ ᠶᠢᠨ ᠡᠬᠦᠳᠡᠨ ᠳᠤ ᠬᠦᠷᠬᠦ ᠳᠤ᠂ ᠦᠡᠭᠭᠡ ᠶᠢᠨ ᠰᠠᠶᠢᠬᠠᠨ ᠲᠡᠷᠯᠢᠭ ᠢᠶᠠᠷ ᠢᠶᠠᠨ ᠭᠤᠶᠤᠯᠠᠭᠰᠠᠨ ᠬᠡᠦᠬᠡᠳ ᠬᠡᠷ ᠤᠨ ᠠᠬᠠᠮᠠᠳ ᠲᠦᠷᠪᠠᠨ ᠵᠦᠭ ᠨᠠᠢᠮᠠᠨ ᠵᠤᠪᠬᠢᠰ ᠠᠴᠠ ᠬᠤᠷᠠᠨ ᠴᠤᠭᠯᠠᠷᠠᠵᠤ ᠪᠠᠶᠢᠯ᠎ᠠ᠃      8 ᠴᠠᠭ ᠬᠠᠭᠠᠰ ᠪᠤᠯᠬᠤ ᠳᠤ ᠲᠡᠲᠡ ᠰᠢᠨ᠎ᠠ ᠶᠢᠨ ᠵᠤᠯᠭᠠᠯᠳᠠ ᠬᠢᠬᠦ ᠠᠩᠭᠢ ᠶᠢᠨ ᠬᠡᠷ ᠲᠤ ᠤᠷᠤᠵᠠᠭᠠᠨ ᠨᠢᠬᠡ ᠰᠤᠷᠤᠯᠭ᠎ᠠ ᠶᠢᠨ ᠬᠤᠭᠤᠴᠠᠭᠠᠨ ᠤ ᠬᠠᠮᠤᠭ ᠤᠨ ᠤᠳᠬ᠎ᠠ ᠠᠭᠤᠯᠭ᠎ᠠ ᠲᠠᠢ ᠡᠳᠦᠷ᠂ ᠬᠠᠮᠤᠭ ᠤᠨ ᠠᠩᠬᠠᠨ ᠤ ᠬᠢᠴᠢᠶᠠᠯ ᠢᠶᠠᠨ ᠡᠬᠢᠯᠡᠬᠦᠯᠪᠡ᠃ ᠪᠠᠭᠰᠢ ᠨᠠᠷ ᠨᠢ ᠴᠤ ᠮᠤᠩᠭᠤᠯ ᠢᠶᠠᠷ ᠢᠶᠠᠨ ᠭᠤᠶᠤᠯᠠᠵᠠᠭᠠᠨ᠂ ᠴᠠᠭᠠᠨ ᠢᠳᠡᠭᠡ᠂ ᠪᠤᠭᠤᠷᠰᠤᠭ ᠢ ᠫᠢᠯᠠᠯᠠᠨ ᠰᠢᠷᠡᠭᠡ ᠲᠦᠬᠦᠷᠡᠩ ᠦᠷᠦᠵᠦ᠂ ᠰᠠᠷ᠎ᠠ ᠰᠢᠨ᠎ᠡ ᠶᠢᠨ ᠶᠤᠰᠤ ᠪᠠᠷ ᠬᠡᠦᠬᠡᠳ ᠬᠡᠷ ᠤᠨ ᠠᠬᠠᠮᠠᠳ ᠨᠠᠷ ᠢᠶᠠᠨ ᠤᠭᠳᠤᠪᠠ᠃ ᠪᠠᠭᠰᠢ ᠬᠡᠷ ᠤᠨ ᠠᠬᠠᠮᠠᠳ᠂ ᠬᠡᠦᠬᠡᠳ ᠪᠠᠭᠰᠢ ᠨᠠᠷ ᠬᠠᠷᠢᠯᠴᠠᠨ ᠰᠢᠨᠠᠯᠠᠨ ᠵᠤᠯᠭᠠᠵᠤ᠂ ᠤᠷᠳᠤᠰ ᠮᠤᠩᠭᠤᠯ ᠤᠨ ᠵᠠᠩᠰᠢᠯ ᠶᠤᠰᠤᠭᠠᠷ ᠬᠡᠦᠬᠡᠳ ᠤᠳ ᠨᠢ ᠪᠠᠭᠰᠢ ᠬᠡᠷ ᠤᠨ ᠠᠬᠠᠮᠠᠳ ᠢᠶᠠᠨ ᠬᠤᠶᠢᠮᠤᠷ ᠲᠤ ᠰᠠᠭᠠᠳᠠᠭᠤᠯᠵᠤ᠂ ᠬᠠᠳᠠᠭ ᠲᠠᠲᠠᠨ ᠬᠦᠬᠦᠤᠷ ᠰᠤᠯᠢᠯᠴᠠᠵᠤ ᠰᠢᠨ᠎ᠠ ᠶᠢᠨ ᠴᠠᠢ ᠪᠠᠨ ᠤᠤᠭᠤᠵᠠᠭᠠᠪᠠ᠃ ︽ᠨᠢᠳᠤᠨᠤᠨ ᠡᠪᠣᠯ ᠤᠨ ᠴᠢᠯᠥᠭᠡ ᠲᠠᠯᠪᠢᠬᠤ ᠦᠶ᠎ᠡ ᠳᠤ ᠬᠡᠦᠬᠡᠳ ᠤᠳ ᠲᠤ ᠮᠤᠩᠭᠤᠯ ᠦᠨᠳᠦᠰᠦᠲᠡᠨ ᠤ ᠴᠠᠭᠠᠨ ᠰᠠᠷ᠎ᠠ ᠶᠢᠨ ᠵᠠᠩ ᠦᠢᠯᠡ ᠶᠢ ᠤᠢᠢᠯᠠᠭᠠᠨ ᠮᠡᠳᠡᠵᠦ ᠢᠷᠡᠬᠦ ᠲᠠᠭᠠᠭᠠᠯᠭᠠᠪᠤᠷᠢ ᠦᠭᠬᠦᠭᠰᠡᠨ ᠶᠤᠮ᠂ ᠦᠨᠦᠲᠦᠷ ᠬᠡᠦᠬᠡᠳ ᠤᠳ ᠤᠨ ᠢᠯᠡᠷᠡᠯ ᠮᠠᠰᠢ ᠰᠠᠶᠢᠨ ᠪᠠᠶᠢᠨ᠎ᠠ᠂ ᠮᠠᠨ ᠤ ᠴᠡᠴᠡᠷᠯᠢᠭ ᠡᠨᠡ ᠵᠢᠯ ᠠᠴᠠ ᠲᠤᠰᠬᠠᠢᠢᠯᠠᠨ ᠮᠤᠩᠭᠤᠯ ᠵᠠᠩ ᠦᠢᠯᠡ ᠶᠢᠨ ᠬᠢᠴᠢᠶᠠᠯ ᠢ ᠲᠤᠬᠢᠷᠠᠭᠤᠯᠵᠤ᠂ ᠬᠡᠦᠬᠡᠳ ᠤᠳ ᠲᠤ ᠦᠨᠳᠦᠰᠦᠲᠡᠨ ᠤ ᠰᠢᠯᠢᠳᠡᠭ ᠤᠳᠤᠮᠰᠢᠯ ᠰᠠᠶᠢᠬᠠᠨ ᠰᠤᠷᠳᠠᠯ ᠢ ᠲᠠᠨᠢᠨ ᠮᠡᠳᠡᠬᠦᠯᠬᠦ ᠪᠤᠯᠤᠨ᠎ᠠ︾ ᠬᠡᠵᠦ ᠴᠡᠴᠡᠷᠯᠢᠭ ᠤᠨ ᠵᠠᠬᠢᠷᠤᠯ ᠴᠢ ᠶᠥᠡᠭ ᠰᠤᠷᠪᠤᠯᠵᠢᠯᠠᠭᠴᠢ ᠳᠤ ᠶᠠᠷᠢᠨ᠎ᠠ᠃      ᠰᠢᠨ᠎ᠠ ᠶᠢᠨ ᠵᠤᠯᠭᠠᠯᠳᠠ ᠬᠢᠵᠤ ᠪᠠᠷᠠᠭᠰᠠᠨ ᠤ ᠲᠠᠷᠠᠭ᠎ᠠ ᠨᠠᠬᠢᠶ᠎ᠠ ᠬᠡᠦᠬᠡᠳ ᠤᠨ ᠴᠡᠴᠡᠷᠯᠢᠭ ᠤᠨ ᠪᠦᠬᠦ ᠪᠠᠭᠰᠢ ᠠᠵᠢᠯᠳᠠᠨ᠂ ᠬᠡᠷ ᠤᠨ ᠠᠬᠠᠮᠠᠳ ᠪᠤᠯᠤᠨ ᠬᠡᠦᠬᠡᠳ ᠤᠳ ᠪᠦᠬᠦᠳᠡᠬᠡᠷ ᠢᠶᠠᠨ ᠭᠠᠷᠴᠤ ᠤᠯᠤᠰ ᠤᠨ ᠲᠤᠭ ᠮᠠᠨᠳᠤᠭᠤᠯᠬᠤ ᠶᠤᠰᠤᠯᠠᠯ ᠶᠠᠪᠤᠭᠳᠠᠭᠤᠯᠵᠤ᠂ ᠬᠡᠦᠬᠡᠳ ᠤᠳ ᠲᠤ ᠤᠯᠤᠰ ᠢᠶᠠᠨ ᠬᠠᠶᠢᠷᠠᠯᠠᠬᠤ ᠬᠦᠮᠦᠵᠢᠯ ᠬᠦᠷᠳᠡᠬᠡᠪᠡ᠃ ᠰᠤᠷᠭᠠᠭᠤᠯᠢ ᠶᠢᠨ ᠵᠠᠬᠢᠷᠤᠯ ᠴᠢ ᠶᠦᠡᠭ ᠠᠴᠠ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠠᠷᠢᠶ᠎ᠠ ᠲᠠᠯᠪᠢᠵᠤ ᠰᠢᠨ᠎ᠠ ᠨᠢᠬᠡᠨ ᠰᠤᠷᠤᠯᠭ᠎ᠠ ᠶᠢᠨ ᠬᠤᠭᠤᠴᠠᠭᠠᠨ ᠳᠤ ᠰᠢᠨ᠎ᠠ ᠠᠮᠵᠢᠯᠳᠠ ᠳᠤ ᠬᠦᠷᠬᠦ ᠶᠢ ᠵᠤᠷᠢᠭᠵᠢᠭᠤᠯᠪᠠ᠃      ᠨᠠᠬᠢᠶ᠎ᠠ ᠬᠡᠦᠬᠡᠳ ᠤᠨ ᠴᠡᠴᠡᠷᠯᠢᠭ ᠪᠤᠯ ᠭᠠᠯᠠᠭᠤᠳᠤ ᠪᠠᠯᠭᠠᠰᠤᠨ ᠤ ᠲᠦᠪ ᠠᠴᠠ ᠪᠠᠷᠠᠭᠤᠨᠰᠢ 38 ᠺᠢᠯᠦᠮᠧᠲᠷ ᠤᠨ ᠵᠠᠢ ᠳᠤ ᠪᠠᠶᠢᠭ᠎ᠠ ᠤᠤᠯ ᠤᠨ ᠲᠤᠯᠢ ᠰᠤᠮᠤᠨ ᠤ ᠪᠠᠶᠢᠷᠢᠰᠢᠯ ᠲᠡᠬᠡᠷ᠎ᠡ 2017 ᠤᠨ ᠤ 9 ᠰᠠᠷ᠎ᠠ ᠳᠤ ᠰᠦᠯᠳᠡ ᠰᠤᠮᠤᠨ ᠠᠴᠠ ᠴᠤᠭᠴᠠᠯᠠᠨ ᠪᠠᠶᠢᠭᠤᠯᠤᠭᠰᠠᠨ ᠪᠦᠬᠦᠯᠢ ᠡᠳᠦᠷ ᠤᠨ ᠲᠦᠷᠢᠮᠳᠦ ᠠᠷᠠᠳ ᠠᠴᠠ ᠡᠷᠬᠢᠯᠡᠭᠰᠡᠨ ᠴᠡᠴᠡᠷᠯᠢᠭ ᠪᠣᠯᠣᠨ᠎ᠠ᠃ ᠴᠡᠴᠡᠷᠯᠢᠭ ᠤᠨ ᠪᠦᠬᠦ ᠡᠵᠡᠯᠡᠬᠦ ᠲᠠᠯᠠᠪᠠᠢ ᠨᠢ 9300 ᠲᠡᠭᠰᠢ ᠲᠦᠷᠪᠡᠯᠵᠢᠨ  ᠮᠧᠲᠷ᠂ ᠡᠬᠦᠨ ᠳᠤ ᠪᠠᠷᠢᠯᠭ᠎ᠠ ᠶᠢᠨ ᠲᠠᠯᠠᠪᠠᠢ ᠨᠢ 1100 ᠲᠡᠭᠰᠢ ᠲᠦᠷᠪᠡᠯᠵᠢᠨ  ᠮᠧᠲᠷ ᠪᠠᠶᠢᠵᠤ᠂ ᠡᠯ᠎ᠠ ᠵᠦᠢᠯ ᠤᠨ ᠲᠤᠭᠯᠠᠵᠤ ᠨᠠᠭᠠᠳᠬᠤ ᠲᠤᠨᠤᠭ ᠲᠦᠬᠦᠬᠡᠷᠦᠮᠵᠢ ᠪᠦᠷᠢᠨ ᠲᠦᠬᠦᠷ ᠮᠦᠷᠳᠡᠬᠡᠨ ᠤᠷᠴᠢᠨ ᠠᠬᠤᠢ ᠨᠢ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠦᠬᠡᠷᠦᠬᠦᠨ ᠴᠤᠪᠤᠭᠤᠯᠢᠭ ᠦᠡᠭᠭᠡ ᠠᠶᠠᠰ ᠢᠶᠠᠷ ᠪᠢᠯᠬᠠᠮ᠎ᠠ᠂ ᠠᠯᠤᠰ ᠤᠨ ᠬᠦᠭᠵᠢᠯᠲᠡ ᠶᠢᠨ ᠤᠷᠤᠨ ᠵᠠᠢ ᠲᠠᠢ ᠤᠳᠤᠬᠢᠴᠢᠯᠠᠭᠰᠠᠨ ᠴᠡᠴᠡᠷᠯᠢᠭ ᠶᠤᠮ᠃ ᠤᠳᠤ ᠴᠡᠴᠡᠷᠯᠢᠭ ᠲᠤ ᠲᠤᠮᠳᠠ ᠠᠩᠭᠢ᠂ ᠪᠠᠭ᠎ᠠ ᠠᠩᠭᠢ᠂ ᠪᠠᠯᠴᠢᠷ ᠠᠩᠭᠢ᠂ ᠬᠢᠳᠠᠳ ᠠᠩᠭᠢ ᠵᠡᠷᠬᠡ ᠲᠦᠷᠪᠡᠨ ᠠᠩᠭᠢ ᠶᠢᠨ ᠲᠠᠪᠢ ᠤᠷᠴᠢᠮ ᠬᠡᠦᠬᠡᠳ ᠪᠠ ᠬᠢᠷᠢ ᠲᠡᠩᠴᠡᠯᠳᠡ ᠶᠢᠨ ᠨᠤᠷᠮ᠎ᠠ ᠨᠢ 100% ᠳᠤ ᠬᠦᠷᠦᠭᠰᠡᠨ 8 ᠪᠠᠭᠰᠢ ᠠᠵᠢᠯᠳᠠᠨ ᠲᠠᠢ᠃      ᠴᠡᠴᠡᠷᠯᠢᠭ ᠤᠨ ᠵᠠᠬᠢᠷᠤᠯ ᠴᠢ ᠶᠦᠡᠭ ᠠᠴᠠ ᠬᠠᠮᠤᠭ ᠠᠩᠬ᠎ᠠ 2017 ᠤᠨ ᠳᠤ ᠨᠠᠢᠮᠠᠨ ᠪᠠᠭᠰᠢ ᠬᠤᠷᠢᠨ ᠬᠡᠦᠬᠡᠳ ᠲᠠᠢ ᠪᠠᠶᠢᠭᠰᠠᠨ ᠠᠴᠠ ᠪᠠᠨ 2018 ᠤᠨ ᠤ ᠨᠠᠮᠤᠷ ᠪᠤᠯᠬᠤ ᠳᠤ 39 ᠬᠡᠦᠬᠡᠳ ᠲᠠᠢ ᠪᠤᠯᠤᠭᠰᠠᠨ᠂ ᠡᠨᠡ ᠬᠠᠪᠤᠷ ᠪᠤᠯᠬᠤ ᠳᠤ ᠰᠢᠨ᠎ᠡ ᠪᠠᠷ ᠮᠤᠩᠭᠤᠯ ᠬᠢᠳᠠᠳ ᠬᠡᠦᠬᠡᠳ ᠠᠷᠪᠠᠭᠠᠳ ᠨᠡᠮᠡᠭᠳᠡᠵᠦ᠂ ᠤᠳᠤ ᠪᠠᠷᠤᠭ ᠲᠠᠪᠢ ᠤᠷᠴᠢᠮ ᠬᠡᠦᠬᠡᠳ ᠲᠠᠢ ᠪᠤᠯᠤᠯ᠎ᠠ᠂ ᠡᠨᠡ ᠨᠠᠮᠤᠷ ᠪᠠᠰᠠ ᠰᠢᠨ᠎ᠡ ᠪᠠᠷ ᠠᠷᠪᠠᠭᠠᠳ ᠬᠡᠦᠬᠡᠳ ᠢᠷᠡᠬᠦ ᠲᠦᠯᠦᠪ ᠲᠠᠢ ᠪᠠᠶᠢᠵᠤ᠂ ᠴᠡᠴᠡᠷᠯᠢᠭ ᠤᠨ ᠮᠤᠩᠭᠤᠯ ᠬᠡᠦᠬᠡᠳ ᠤᠳ ᠭᠤᠤᠯᠳᠠᠭᠤ ᠲᠤᠯᠢ᠂ ᠲᠠᠯ᠎ᠠ ᠶᠢᠨ ᠤᠰᠤ᠂ ᠲᠤᠭᠤᠷᠢᠮ᠂ ᠬᠦᠬᠡᠮᠠᠩᠬ᠎ᠠ᠂ ᠲᠦᠡᠭᠼᠢ᠂ ᠤᠳᠤᠭ ᠤᠨ ᠡᠮᠦᠨᠡᠲᠦ ᠬᠤᠰᠢᠭᠤᠨ ᠤ ᠪᠠᠶ᠋ᠬᠠᠤᠰᠤ ᠵᠡᠷᠬᠡ ᠲᠠᠪᠤ ᠵᠢᠷᠭᠤᠭᠠᠨ ᠭᠠᠴᠠᠭ᠎ᠠ ᠲᠤᠰᠬᠤᠨ ᠠᠴᠠ ᠢᠷᠡᠵᠦ᠂ ᠬᠢᠳᠠᠳ ᠬᠡᠦᠬᠡᠳ ᠤᠳ ᠨᠢ ᠭᠤᠤᠯᠳᠠᠭᠤ ᠤᠢᠢᠷ᠎ᠠ ᠬᠠᠪᠢ ᠶᠢᠨ ᠪᠠᠶᠢᠭᠠᠯᠢ ᠶᠢᠨ ᠰᠢᠳᠠᠮᠠᠬᠠᠢ ᠬᠡᠢ ᠶᠢᠨ ᠺᠤᠮᠫᠠᠨᠢ᠂ ᠰᠢᠳᠠᠮᠠᠬᠠᠢ ᠬᠡᠢ ᠶᠢᠨ ᠠᠢ ᠰᠠᠪᠠ ᠳᠤ ᠠᠵᠢᠯᠯᠠᠵᠤ ᠪᠠᠶᠢᠭ᠎ᠠ ᠬᠦᠮᠦᠰ ᠤᠨ ᠬᠡᠦᠬᠡᠳ ᠤᠳ ᠪᠤᠯᠤᠨ᠎ᠠ ᠬᠡᠵᠦ ᠲᠠᠨᠢᠯᠴᠠᠭᠤᠯᠤᠭᠠᠳ᠄ ︽ᠮᠠᠨ ᠤ ᠴᠡᠴᠡᠷᠯᠢᠭ ᠶᠠᠮᠠᠷᠴᠤ ᠠᠮᠢᠳᠤᠷᠠᠯ ᠤᠨ ᠰᠦᠢᠳᠬᠡᠯ᠂ ᠰᠤᠷᠤᠯᠭ᠎ᠠ ᠶᠢᠨ ᠰᠦᠢᠳᠬᠡᠯ ᠬᠤᠷᠢᠶᠠᠳᠠᠭ ᠦᠬᠡᠢ᠂ ᠰᠤᠮᠤ ᠪᠤᠯᠤᠨ ᠲᠡᠭᠡᠳᠥ ᠱᠠᠳᠤᠨ ᠠᠴᠠ ᠮᠠᠨ ᠤ ᠴᠡᠴᠡᠷᠯᠢᠭ ᠢ ᠶᠡᠭᠡ ᠬᠦᠨᠳᠦᠳᠬᠡᠨ ᠦᠵᠡᠵᠦ᠂ ᠪᠠᠭᠰᠢ ᠨᠠᠷ ᠤᠨ ᠴᠠᠯᠢᠩ ᠪᠠ ᠠᠯᠢᠪᠠ ᠰᠦᠢᠳᠬᠡᠯ ᠢ ᠪᠦᠷ ᠰᠤᠮᠤᠨ ᠠᠴᠠ ᠭᠠᠷᠭᠠᠳᠠᠭ᠂ ᠬᠤᠵᠢᠮ ᠮᠠᠨ ᠤ ᠴᠡᠴᠡᠷᠯᠢᠭ ᠲᠤ ᠬᠡᠦᠬᠡᠳ ᠠᠷᠪᠢᠳᠤᠪᠠᠯ ᠶᠡᠭᠡ ᠠᠩᠭᠢ᠂ ᠪᠠᠭ᠎ᠠ ᠰᠤᠷᠭᠠᠭᠤᠯᠢ ᠶᠢᠨ ᠨᠢᠬᠡᠳᠦᠬᠡᠷ ᠤᠨ ᠢ ᠡᠷᠬᠢᠯᠡᠬᠦ ᠪᠠᠷ ᠲᠦᠯᠦᠪᠯᠡᠵᠦ ᠪᠤᠢ᠂ ᠢᠡᠭᠭᠢᠪᠡᠯ ᠤᠢᠢᠷ᠎ᠠ ᠬᠠᠪᠢ ᠶᠢᠨ ᠮᠠᠯᠴᠢᠨ ᠲᠥᠮᠡᠨ ᠳᠤ ᠨᠡᠩ ᠲᠦᠬᠦᠮ ᠪᠤᠯᠴᠢᠬᠠᠨ᠎ᠠ︾ ᠬᠡᠪᠡ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号