3 ᠰᠠᠷ᠎ᠠ ᠶᠢᠨ 13 ᠤ ᠡᠲᠤᠷ ᠪᠦᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠲᠤᠵᠦ ᠬᠤᠰᠢᠭᠤ | ᠨᠠᠮ ᠤᠨ ᠬᠤᠷᠢᠶ᠎ᠠ ᠶᠢᠨ ᠲᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠣᠣ ᠹᠧᠢ ᠯᠤ᠋ ᠬᠤᠷᠠᠯ ᠡᠷᠬᠢᠯᠡᠨ ᠶᠠᠷᠢᠶ᠎ᠠ | ᠲᠠᠯᠪᠢᠪᠠ᠃ ᠬᠤᠰᠢᠭᠤ ᠤᠲᠤᠷᠢᠲᠤᠯᠭ᠎ᠠ ᠪᠤᠶᠠᠨᠮᠠᠨᠲᠤᠬᠤ᠂ ᠬᠤᠣ ᠸᠧᠢ ᠵᠢᠴᠢ ᠪᠦᠬᠦ ᠬᠡᠷ ᠲᠡᠭᠡᠨ ᠪᠠᠶᠢᠭ᠎ᠠ ᠰᠢᠶᠠᠨ ᠤ | ᠲᠡᠰ ᠤᠨ ᠤᠲᠤᠷᠢᠲᠤᠯᠭ᠎ᠠ᠂ ᠰᠤᠪᠤᠷᠭ᠎ᠠ ᠠᠵᠦ ᠠᠬᠤᠢ ᠶᠢᠨ ᠨᠡᠭᠡᠭᠡᠯᠲᠡ ᠶᠢᠨ ᠤᠷᠤᠨ ᠤ ᠡᠯ᠎ᠡ ᠲᠦᠷᠦᠯ ᠵᠤᠶᠢᠯ ᠤᠨ | ᠲᠤᠭᠤᠷᠢᠭ ᠤᠨ ᠬᠠᠷᠢᠭᠤᠴᠠᠯᠭᠠᠲᠠᠨ᠂ ᠨᠠᠷᠢᠠᠭᠤᠤᠯ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠲᠡᠳ᠋ ᠰᠠᠯᠠᠭᠠᠨ ᠲᠡᠰ ᠠᠴᠠ ᠲᠡᠭᠡᠭᠰᠢᠬᠢ ᠭᠠᠴᠠᠭ᠎ᠠ ᠲᠤᠰᠬᠤᠨ ᠢ | ᠲᠠᠭᠠᠭᠠᠴᠢᠯᠠᠵᠦ ᠪᠠᠶᠢᠭ᠎ᠠ ᠤᠲᠤᠷᠢᠳᠬᠤ ᠺᠠᠳ᠋ᠷ᠂ ᠬᠤᠰᠢᠭᠤ ᠡᠯ᠎ᠡ ᠪᠠᠶᠢᠭᠤᠯᠭ᠎ᠠ ᠨᠢᠭᠡᠴᠢ᠂ ᠡᠯ᠎ᠡ ᠰᠢᠭᠤᠳ ᠬᠠᠷᠢᠶ᠎ᠠ | ᠰᠠᠯᠠᠭ᠎ᠠ ᠮᠦᠴᠢᠷ ᠠᠵᠦ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠪᠦᠬᠦ ᠬᠤᠰᠢᠭᠤᠨ ᠤ ᠭᠠᠴᠠᠭ᠎ᠠ ᠲᠤᠰᠬᠤᠨ | ᠳᠤ ᠰᠠᠭᠤᠭ᠎ᠠ ᠨᠢᠭᠡᠲᠦᠭᠡᠷ ᠱᠦᠵᠢ ᠬᠤᠷᠠᠯ ᠳᠤ ᠤᠷᠤᠯᠴᠠᠪᠠ᠃ | | | | | | | ᠬᠤᠷᠠᠯ ᠲᠡᠭᠡᠷ᠎ᠡ ᠰᠢ ᠶᠢᠨ ᠫᠢᠩ ᠶᠡᠷᠥᠩᠬᠡᠢ ᠱᠦᠵᠢ ᠶᠢᠨ ᠠᠷᠪᠠᠨ ᠭᠤᠷᠪᠠᠲᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠲᠤᠭᠠᠷ ᠤᠲᠠᠭᠠᠨ ᠤ ᠬᠤᠷᠠᠯ ᠤᠨ ᠦᠪᠦᠷ | ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠲᠠᠪᠤᠷᠢᠵᠢᠭᠤᠯᠤᠭᠰᠡᠨ ᠬᠤᠷᠠᠯ᠂ ᠪᠦᠬᠦ ᠬᠤᠲᠠ ᠶᠢᠨ ︽ᠬᠤᠶᠠᠷ ᠬᠤᠷᠠᠯ︾᠂ ᠬᠤᠲᠠᠯᠲᠤᠭ᠎ᠠ ᠡᠵᠡᠩᠨᠡᠯᠲᠡ ᠶᠢᠨ | ᠤᠷᠴᠢᠨ ᠲᠤᠭᠤᠷᠢᠨ ᠨᠦᠬᠦᠴᠡᠯ ᠢ ᠰᠢᠯᠢᠲᠡᠭᠵᠢᠭᠦᠯᠬᠦ ᠶᠡᠭᠡ ᠬᠤᠷᠠᠯ᠂ ᠶᠠᠲᠠᠭᠤ ᠠᠴᠠ ᠠᠩᠭᠢᠵᠢᠷᠠᠭᠤᠯᠤᠨ ᠪᠤᠭᠤᠮᠲᠠ | ᠰᠢᠪᠲᠤᠯᠬᠤ ᠠᠵᠢᠯ ᠤᠨ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠤᠷᠤᠨ ᠬᠦᠲᠡᠭᠡ ᠲᠤᠰᠬᠤᠨ | ᠤ ᠠᠵᠢᠯ ᠤᠨ ᠬᠤᠷᠠᠯ ᠵᠢᠴᠢ ᠪᠦᠬᠦ ᠬᠤᠲᠠ ᠶᠢᠨ ᠬᠦᠲᠡᠭᠡ ᠲᠤᠰᠬᠤᠨ ᠢ ᠬᠦᠭᠵᠢᠭᠦᠯᠦᠨ ᠮᠠᠨᠲᠤᠭᠤᠯᠬᠤ ᠪᠠᠶᠢᠯᠲᠤᠬᠤ | ᠪᠤᠲᠤᠯᠭ᠎ᠠ ᠶᠢᠨ ᠠᠬᠢᠭᠤᠯᠤᠯᠲᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠪᠦᠬᠦ | ᠬᠤᠰᠢᠭᠤᠨ ᠤ ᠬᠤᠲᠠᠯᠲᠤᠭ᠎ᠠ ᠡᠵᠡᠩᠨᠡᠯᠲᠡ ᠶᠢᠨ ᠤᠷᠴᠢᠨ ᠲᠤᠭᠤᠷᠢᠨ ᠨᠦᠬᠦᠴᠡᠯ᠂ ᠶᠠᠲᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠪᠠ ᠲᠤᠭᠤᠷᠢᠨ ᠪᠠᠶᠢᠴᠠᠭᠠᠯᠲᠠ ᠲᠤᠮᠲᠠ ᠬᠠᠷᠢᠭᠤ ᠲᠤᠰᠬᠠᠭᠰᠠᠨ | ᠠᠰᠠᠭᠤᠲᠠᠯ ᠢ ᠴᠡᠭᠴᠡᠯᠡᠨ ᠰᠠᠶᠢᠵᠢᠷᠠᠭᠤᠯᠬᠤ᠂ ᠬᠦᠲᠡᠭᠡ ᠲᠤᠰᠬᠤᠨ ᠢ ᠬᠦᠭᠵᠢᠭᠦᠯᠦᠨ ᠮᠠᠨᠲᠤᠭᠤᠯᠬᠤ ᠪᠠᠶᠢᠯᠲᠤᠬᠤ | ᠪᠤᠲᠤᠯᠭ᠎ᠠ᠂ ᠭᠤᠤᠯᠲᠠᠯᠭᠠᠲᠤ ᠲᠦᠷᠦᠯ ᠵᠤᠶᠢᠯ ᠤᠨ ᠠᠵᠢᠯ ᠢᠶᠠᠨ ᠡᠬᠢᠯᠡᠬᠦᠯᠬᠦ ᠰᠡᠷᠭᠦᠭᠡᠬᠦ᠂ ᠬᠠᠪᠤᠷ ᠤᠨ ᠲᠠᠷᠢᠶᠠᠯᠠᠭ᠎ᠠ | ᠶᠢᠨ ᠪᠡᠯᠡᠳᠬᠡᠯ ᠠᠵᠢᠯ ᠵᠡᠷᠭᠡ ᠭᠤᠤᠯᠲᠠᠯᠭᠠᠲᠤ ᠠᠵᠢᠯ ᠳᠤ ᠪᠠᠶᠢᠷᠢᠯᠠᠭᠤᠯᠤᠯᠲᠠ ᠬᠢᠵᠦ᠂ ᠬᠤᠰᠢᠭᠤ ᠨᠠᠮ ᠵᠠᠰᠠᠭ ᠤᠨ | ᠰᠢᠨᠵᠢᠯᠡᠨ ᠪᠠᠶᠢᠴᠠᠭᠠᠯᠲᠠ ᠶᠢᠨ ᠪᠦᠯᠬᠦᠮ ᠤᠨ ᠱᠠᠨᠰᠢ᠂ ᠱᠠᠨᠳᠦ᠋ᠩ ᠮᠤᠵᠢ ᠪᠠᠷ ᠲᠤᠭᠤᠷᠢᠨ ᠰᠤᠷᠤᠯᠴᠠᠭᠰᠠᠨ | ᠮᠡᠲᠡᠭᠦᠯᠦᠯᠲᠡ ᠶᠢ ᠬᠦᠯᠢᠶᠡᠨ ᠰᠤᠨᠤᠰᠪᠠ᠃ | | | | | | | ᠵᠣᠣ ᠹᠧᠢ ᠯᠤ᠋ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠡᠯ᠎ᠡ ᠱᠠᠲᠤᠨ | ᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠪᠦᠬᠦ ᠲᠡᠯ᠎ᠡ ᠪᠠᠷ ᠠᠳᠬᠤᠬᠤ ᠬᠡᠷᠡᠭᠲᠡᠢ᠃ | ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠠᠵᠢᠯ ᠢ ᠬᠦᠨᠵᠡᠭᠡᠢ ᠦᠷᠨᠢᠭᠦᠯᠵᠦ ᠦᠷᠭᠡᠨ ᠤᠯᠠᠨ ᠨᠠᠮ ᠤᠨ | ᠬᠡᠰᠢᠭᠦᠨ ᠺᠠᠳ᠋ᠷ ᠠᠵᠢᠯᠲᠠᠳ ᠤᠨᠤᠯ ᠤᠨ ᠰᠤᠷᠤᠯᠴᠠᠯᠭ᠎ᠠ ᠶᠢ ᠴᠢᠬᠤᠯᠠᠴᠢᠯᠠᠬᠤ ᠶᠢᠨ ᠲᠠᠭᠠᠤ ᠪᠤᠲᠠᠲᠠᠢ ᠦᠢᠯᠡᠲᠦᠯᠭᠡ | ᠠᠴᠠ ᠰᠤᠷᠤᠯᠴᠠᠨ ᠰᠤᠷᠴᠤ ᠬᠡᠷᠡᠭᠯᠡᠬᠦ ᠶᠢ ᠤᠶᠠᠯᠲᠤᠭᠤᠯᠵᠦ ᠰᠤᠷᠤᠯᠴᠠᠬᠤ ᠶᠢᠨ ᠲᠠᠭᠠᠤ ᠬᠡᠷᠡᠭᠯᠡᠨ ᠤᠨᠤᠯ ᠤᠨ | ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠪᠤᠲᠠᠲᠤ ᠠᠵᠢᠯ ᠲᠠᠢ ᠪᠠᠨ ᠨᠢᠭᠲᠠ ᠤᠶᠠᠯᠲᠤᠭᠤᠯᠤᠨ ᠬᠦᠭᠵᠢᠯᠲᠡ ᠶᠢᠨ | ᠬᠦᠲᠡᠯᠭᠡᠭᠴᠢ ᠬᠦᠴᠦᠨ ᠪᠤᠯᠭᠠᠨ ᠬᠤᠪᠢᠷᠠᠭᠤᠯᠵᠦ ᠨᠢᠭᠡᠨ ᠰᠠᠯᠠᠭ᠎ᠠ ᠦᠢᠯᠡᠲᠦᠯᠭᠡ ᠶᠢᠨ ᠰᠢᠯᠭᠠᠯᠲᠠ ᠶᠢ ᠲᠠᠭᠠᠭᠠᠵᠦ | ᠴᠢᠲᠠᠬᠤ ᠰᠤᠷᠤᠯᠴᠠᠯᠭ᠎ᠠ ᠶᠢᠨ ᠬᠡᠯᠪᠡᠷᠢ ᠶᠢᠨ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠪᠦᠬᠦ | ᠬᠤᠰᠢᠭᠤᠨ ᠤ ᠬᠤᠲᠠᠯᠲᠤᠭ᠎ᠠ ᠡᠵᠡᠩᠨᠡᠯᠲᠡ ᠶᠢᠨ ᠤᠷᠴᠢᠨ ᠨᠦᠬᠦᠴᠡᠯ ᠢ ᠪᠦᠬᠦ ᠲᠠᠯ᠎ᠠ ᠪᠠᠷ ᠰᠢᠯᠢᠲᠡᠭᠵᠢᠭᠦᠯᠬᠦ ᠬᠡᠷᠡᠭᠲᠡᠢ | ᠃ ︽ᠨᠢᠭᠡ ᠰᠦᠯᠵᠢᠶᠡᠨ ᠲᠡᠭᠡᠷ᠎ᠡ᠂ ᠨᠢᠭᠡ ᠭᠠᠵᠠᠷ ᠲᠤ᠂ ᠨᠢᠭᠡ ᠯᠠ ᠤᠳᠠᠭ᠎ᠠ ᠲᠡᠭᠡᠷ᠎ᠡ ᠬᠦᠢᠴᠡᠳᠬᠡᠬᠦ︾ | ᠦᠬᠡᠷᠡᠴᠢᠯᠡᠯᠳᠡ ᠶᠢ ᠲᠦᠷᠭᠡᠳᠭᠡᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ | ᠨᠠᠶᠢᠳᠠᠪᠤᠷᠢᠵᠢᠭᠤᠯᠤᠯᠳᠡ ᠶᠢ ᠠᠳᠬᠤᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ ᠬᠠᠤᠯᠢ ᠶᠤᠰᠤᠭᠠᠷ ᠵᠠᠰᠠᠭ | ᠶᠠᠪᠤᠭᠤᠯᠵᠤ ᠦᠷ᠎ᠠ ᠠᠰᠢᠭ ᠢᠶᠠᠨ ᠲᠡᠭᠡᠭᠰᠢᠯᠡᠭᠦᠯᠦᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠬᠤᠳᠠ | ᠶᠢᠨ ᠡᠯ᠎ᠠ ᠲᠦᠷᠦᠯ ᠤᠨ ᠭᠠᠶᠢᠯᠢ ᠶᠢ ᠪᠠᠭᠤᠷᠠᠭᠤᠯᠵᠤ ᠰᠤᠶᠢᠳᠭᠡᠯ ᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠤᠨ ᠴᠠᠭᠢᠯᠭᠠᠨ ᠭᠦᠴᠦᠨ ᠤ ᠤᠯᠠᠨ ᠲᠠᠯᠠᠲᠤ ᠠᠷᠠᠯᠵᠢᠶ᠎ᠠ ᠪᠠ ᠬᠦᠷᠭᠡᠵᠤ ᠲᠦᠭᠡᠭᠡᠭᠦ | ᠴᠠᠬᠢᠯᠭᠠᠨ ᠤ ᠦᠨ᠎ᠠ ᠶᠢᠨ ᠦᠬᠡᠷᠡᠴᠢᠯᠡᠯᠳᠡ ᠶᠢᠨ ᠭᠦᠷᠢᠶ᠎ᠠ ᠭᠡᠪᠴᠢᠶ᠎ᠠ ᠶᠢ ᠦᠷᠭᠡᠳᠭᠡᠨ ᠬᠤᠪᠢ ᠶᠢᠨ ᠡᠵᠡᠩᠨᠡᠯᠳᠡ | ᠶᠢᠨ ᠠᠵᠤ ᠠᠬᠤᠶᠢᠯᠠᠯ ᠤᠨ ᠭᠦᠭᠵᠢᠯᠳᠡ ᠶᠢ ᠲᠡᠮᠵᠢᠵᠤ ᠰᠠᠭᠤᠷᠢᠰᠢᠭ᠎ᠠ ᠠᠵᠤ ᠠᠬᠤᠶᠢᠯᠠᠯ ᠤᠨ ᠡᠷᠡᠭᠦᠯ ᠲᠤᠬᠳᠠᠭᠤᠨ | ᠭᠦᠭᠵᠢᠯᠳᠡ ᠶᠢ ᠪᠠᠳᠤᠯᠠᠬᠤ ᠭᠡᠷᠡᠭᠳᠡᠢ᠃ ᠤᠨᠤᠪᠴᠢᠳᠡᠢ ᠪᠠᠷ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠡᠷᠡᠰ ᠲᠡᠮᠡᠴᠡᠨ ᠤᠯᠬᠤ ᠭᠡᠷᠡᠭᠳᠡᠢ᠃ ᠲᠤᠭᠤᠷᠢᠨ ᠪᠠᠶᠢᠴᠠᠭᠠᠯᠳᠠ | ᠲᠤᠮᠳᠠ ᠲᠤᠰᠬᠠᠬᠰᠠᠨ ᠠᠰᠠᠭᠤᠳᠠᠯ ᠢ ᠵᠠᠰᠠᠨ ᠴᠡᠭᠴᠡᠯᠡᠭᠦ ᠠᠵᠢᠯ ᠢ ᠡᠷᠡᠰ ᠪᠡᠶᠡᠯᠡᠭᠦᠯᠵᠦ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ︽ᠡᠷᠬᠢᠵᠤ ᠬᠠᠷᠠᠬᠤ︾ ᠠᠵᠢᠯ ᠢ ᠪᠦᠭᠦ ᠲᠠᠯ᠎ᠠ ᠪᠠᠷ ᠦᠷᠨᠢᠭᠦᠯᠦᠨ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠦᠷ᠎ᠠ ᠪᠦᠳᠦᠮᠵᠢ ᠶᠢ ᠦᠷᠭᠦᠯᠵᠢᠯᠡᠨ | ᠪᠠᠬᠢᠵᠢᠭᠦᠯᠵᠦ ᠶᠠᠲᠠᠭᠤ ᠡᠷᠦᠬᠡ ᠶᠢᠨ ᠪᠠᠷᠢᠮᠵᠢᠶᠠᠨ ᠳᠤ ᠤᠶᠢᠷᠠᠲᠤᠵᠤ ᠪᠠᠶᠢᠭ᠎ᠠ ᠡᠷᠦᠬᠡ ᠪᠠ ᠬᠤᠳᠠ ᠪᠠᠯᠭᠠᠰᠤᠨ ᠤ | ᠭᠦᠴᠢᠷᠳᠡᠯᠳᠡᠢ ᠡᠷᠦᠭᠡ ᠶᠢ ᠬᠠᠪᠰᠤᠷᠤᠨ ᠲᠡᠳᠭᠦᠭᠦ ᠠᠵᠢᠯ ᠢ ᠰᠠᠶᠢᠳᠤᠷ ᠬᠢᠵᠤ ᠨᠢᠭᠡᠳᠦᠯᠳᠡᠢ ᠲᠦᠯᠦᠪᠵᠢᠭᠦᠯᠦᠨ | ᠨᠠᠶᠢᠳᠠ ᠳᠤ ᠨᠢ ᠬᠠᠷᠠᠭᠠᠯᠵᠠᠬᠤ ᠮᠦᠷᠲᠡᠬᠡᠨ ᠭᠦᠴᠦᠨ ᠢᠶᠠᠨ ᠲᠦᠪᠯᠡᠷᠡᠭᠦᠯᠦᠨ ᠶᠠᠳᠠᠭᠤ ᠠᠴᠠ ᠠᠩᠭᠢᠵᠢᠷᠠᠬᠰᠠᠨ | ᠡᠷᠦᠭᠡ ᠪᠡ ᠶᠠᠲᠠᠭᠤ ᠡᠷᠦᠬᠡ ᠶᠢᠨ ᠪᠠᠷᠢᠮᠵᠢᠶᠠᠨ ᠳᠤ ᠤᠶᠢᠷᠠᠲᠤᠵᠤ ᠪᠠᠶᠢᠭ᠎ᠠ ᠡᠷᠦᠬᠡ ᠶᠢᠨ ᠲᠤᠳᠤᠭᠠᠳᠤ ᠭᠦᠳᠡᠯᠭᠡᠭᠴᠢ | ᠭᠦᠴᠦᠨ ᠢ ᠪᠠᠳᠤᠵᠢᠭᠤᠯᠵᠤ ᠦᠨᠳᠤᠰᠤᠨ ᠠᠴᠠ ᠪᠠᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠭᠦᠯᠭᠦ ᠭᠡᠷᠡᠭᠳᠡᠢ᠃ ᠭᠦᠳᠡᠭᠡ ᠲᠤᠰᠬᠤᠨ ᠢ ᠭᠦᠭᠵᠢᠭᠦᠯᠦᠨ | ᠮᠠᠨᠳᠤᠭᠤᠯᠬᠤ ᠪᠠᠷ ᠠᠴᠢᠶᠠᠯᠠᠪᠤᠷᠢ ᠪᠤᠯᠭᠠᠨ ᠮᠠᠯᠵᠢᠬᠤ ᠲᠠᠷᠢᠶᠠᠯᠠᠬᠤ ᠤᠷᠤᠨ ᠤ ᠭᠦᠭᠵᠢᠯᠳᠡ ᠶᠢᠨ ᠬᠢᠷᠢ ᠲᠦᠪᠰᠢᠨ ᠢ | ᠲᠡᠭᠡᠭᠰᠢᠯᠡᠭᠦᠯᠭᠦ ᠭᠡᠷᠡᠭᠳᠡᠢ᠃ ᠭᠦᠳᠡᠭᠡ ᠲᠤᠰᠬᠤᠨ ᠢ ᠭᠦᠭᠵᠢᠭᠦᠯᠦᠨ ᠮᠡᠨᠳᠤᠭᠤᠯᠬᠤ ᠡᠯ᠎ᠡ ᠲᠦᠷᠦᠯ ᠤᠨ | ᠲᠦᠯᠦᠪᠵᠢᠭᠦᠯᠭᠡ ᠶᠢ ᠰᠠᠶᠢᠳᠤᠷ ᠨᠠᠶᠢᠷᠠᠭᠤᠯᠵᠤ ᠠᠵᠤ ᠤᠶᠢᠯᠡᠰ ᠢ ᠬᠦᠭᠵᠢᠬᠦᠯᠦᠨ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠲᠤᠷ ᠵᠠᠰᠠᠨ ᠴᠡᠭᠴᠡᠯᠡᠵᠤ ᠬᠤᠳᠠ ᠶᠢᠨ ᠲᠡᠰ ᠤᠨ ᠭᠦᠳᠡᠭᠡ | ᠲᠤᠰᠬᠤᠨ ᠢ ᠭᠦᠭᠵᠢᠭᠦᠯᠦᠨ ᠮᠡᠨᠳᠤᠭᠤᠯᠬᠤ ᠵᠢᠱᠢᠶᠡᠴᠢ ᠭᠠᠴᠠᠭ᠎ᠠ ᠲᠤᠰᠬᠤᠨ ᠤ ᠪᠠᠶᠢᠭᠤᠯᠤᠯᠳᠡ ᠶᠢᠨ ᠠᠵᠢᠯ ᠢ | ᠰᠠᠶᠢᠳᠤᠷ ᠠᠳᠬᠤᠵᠤ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠡ ᠶᠢᠨ ᠵᠤᠬᠢᠶᠠᠨ ᠪᠠᠶᠢᠭᠤᠯᠬᠤ | ᠭᠦᠴᠦᠨ᠂ ᠨᠢᠬᠳᠠᠷᠠᠯ ᠭᠦᠴᠦᠨ᠂ ᠲᠠᠶᠢᠴᠢᠨ ᠭᠦᠴᠦᠨ ᠢ ᠲᠠᠰᠤᠷᠠᠯᠳᠠ ᠦᠬᠡᠢ ᠲᠡᠭᠡᠭᠰᠢᠯᠡᠭᠦᠯᠦᠨ ᠦᠪᠡᠷ ᠢ ᠪᠠᠨ | ᠵᠠᠰᠠᠬᠤ᠂ ᠮᠤᠷᠠᠯ ᠢᠶᠠᠷ ᠵᠠᠰᠠᠬᠤ᠂ ᠬᠠᠤᠯᠢ ᠪᠠᠷ ᠵᠠᠰᠠᠬᠤ ᠶᠢ ᠤᠶᠠᠯᠳᠤᠭᠤᠯᠤᠬᠰᠠᠨ ᠭᠦᠳᠡᠭᠡ ᠲᠤᠰᠬᠤᠨ ᠤ ᠵᠠᠰᠠᠯᠳᠠ | ᠶᠢᠨ ᠰᠢᠰᠲ᠋ᠧᠮ ᠢ ᠲᠡᠭᠦᠯᠳᠡᠷᠵᠢᠭᠦᠯᠵᠤ ᠬᠤᠳᠠ ᠪᠠᠯᠭᠠᠰᠤ ᠭᠦᠳᠡᠭᠡ ᠲᠤᠰᠬᠤᠨ ᠤ ᠰᠠᠭᠤᠭᠠᠯᠢ ᠠᠷᠠᠳ ᠤᠨ ᠪᠤᠯᠪᠠᠰᠤᠨ | ᠤ ᠭᠡᠪ ᠴᠢᠨᠡᠷ ᠢ ᠲᠦᠷᠢᠮᠵᠢᠭᠦᠯᠦᠨ ᠲᠡᠭᠡᠭᠰᠢᠯᠡᠭᠦᠯᠵᠦ ᠦᠷᠭᠡᠨ ᠤᠯᠠᠨ ᠮᠠᠯᠴᠢᠨ ᠲᠠᠷᠢᠶᠠᠴᠢᠳ ᠤᠨ ᠭᠦᠳᠡᠭᠡ | ᠲᠤᠰᠬᠤᠨ ᠢ ᠭᠦᠭᠵᠢᠭᠦᠯᠦᠨ ᠮᠠᠨᠳᠤᠭᠤᠯᠬᠤ ᠳᠤ ᠢᠳᠡᠪᠬᠢᠯᠡᠨ ᠤᠷᠤᠯᠴᠠᠬᠤ ᠲᠤᠳᠤᠭᠠᠳᠤ ᠭᠦᠳᠡᠯᠭᠡᠭᠴᠢ ᠭᠦᠴᠦᠨ ᠢ | ᠭᠦᠢᠴᠡᠳ ᠲᠡᠶᠢᠴᠢᠯᠡᠨ ᠬᠠᠮᠳᠤ ᠳᠤ ᠨᠢ ᠠᠳᠬᠤᠵᠤ ᠴᠤᠬᠭᠠᠷ ᠢ ᠬᠠᠮᠢᠶᠠᠷᠬᠤ ᠣᠯᠠᠨ ᠲᠦᠮᠡᠨ ᠨᠢᠬᠳᠠᠷᠠᠬᠰᠠᠨ ᠤᠬᠢ | ᠰᠠᠶᠢᠨ ᠪᠠᠶᠢᠳᠠᠯ ᠢ ᠪᠦᠷᠢᠯᠳᠤᠭᠦᠯᠭᠦ ᠭᠡᠷᠡᠭᠳᠡᠢ ᠭᠡᠪᠡ᠃ | ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠲᠦᠷᠪᠡᠲᠦᠭᠡᠷ ᠤᠲᠠᠭᠠᠨ ᠤ ᠠᠵᠦ ᠠᠬᠤᠢ | ᠶᠢᠨ ᠨᠡᠶᠢᠲᠡᠮ ᠪᠠᠶᠢᠴᠠᠭᠠᠯᠲᠠ᠂ ᠪᠦᠬᠦ ᠤᠯᠤᠰ ᠤᠨ ᠭᠤᠷᠪᠠᠲᠤᠭᠠᠷ ᠤᠲᠠᠭᠠᠨ ᠤ ᠤᠯᠤᠰ ᠤᠨ ᠭᠠᠵᠠᠷ ᠰᠢᠷᠦᠢ ᠶᠢᠨ | ᠪᠠᠶᠢᠴᠠᠭᠠᠯᠲᠠ ᠶᠢ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠠᠳᠬᠤᠵᠦ ᠭᠠᠵᠠᠷ ᠰᠢᠷᠤᠢ ᠨᠤᠲᠤᠭ ᠪᠠᠯᠴᠢᠭᠡᠷ ᠤᠨ | ᠦᠮᠴᠢᠯᠡᠬᠦ ᠡᠷᠬᠡ ᠶᠢ ᠨᠤᠲᠠᠯᠠᠨ ᠲᠤᠭᠲᠠᠭᠠᠬᠤ ᠠᠵᠢᠯ ᠢ ᠲᠦᠷᠭᠡᠳᠬᠡᠨ ᠠᠹᠷᠢᠺᠠ ᠲᠢᠪ ᠤᠨ ᠭᠠᠭ᠋ᠠᠢ ᠶᠢᠨ ᠬᠢᠵᠢᠭ | ᠵᠡᠷᠭᠡ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠡᠷᠡᠰ ᠰᠠᠶᠢᠲᠤᠷ ᠬᠢᠵᠦ ᠪᠦᠬᠦ ᠤᠯᠤᠰ ᠤᠨ ᠬᠤᠰᠢᠭᠤ ᠰᠢᠶᠠᠨ ᠤ | ᠲᠡᠰ ᠤᠨ ᠪᠤᠯᠪᠠᠰᠤᠨ ᠬᠤᠲᠠ ᠶᠢ ᠡᠭᠦᠳᠬᠦ ᠠᠵᠢᠯ ᠢ ᠯᠠᠪᠲᠠᠭᠤᠨ ᠪᠠᠲᠤᠲᠠᠢ ᠠᠬᠢᠭᠤᠯᠤᠨ ᠬᠠᠪᠤᠷ ᠤᠨ ᠤᠯᠠᠷᠢᠯ ᠤᠨ | ᠦᠢᠵᠢᠭᠤᠯᠭᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠠᠳᠬᠤᠨ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠶᠢ ᠦᠷᠭᠦᠯᠵᠢᠯᠡᠨ ᠦᠷᠨᠢᠭᠦᠯᠵᠦ ᠨᠡᠶᠢᠬᠡᠮ ᠤᠨ ᠶᠡᠭᠡ ᠲᠠᠯ᠎ᠠ ᠶᠢᠨ ᠡᠶ᠎ᠡ | ᠵᠤᠬᠢᠴᠠᠩᠭᠤᠢ ᠲᠤᠭᠲᠠᠭᠤᠨ ᠪᠠᠶᠢᠲᠠᠯ ᠢ ᠪᠠᠲᠤᠯᠠᠨ ᠪᠦᠬᠦ ᠬᠤᠰᠢᠭᠤᠨ ᠤ ᠴᠢᠨᠠᠷ ᠰᠠᠶᠢᠲᠠᠢ ᠬᠦᠭᠵᠢᠯᠲᠡ ᠶᠢ | ᠠᠬᠢᠭᠤᠯᠤᠨ ᠨᠤᠮᠢᠨ ᠲᠠᠩᠰᠤᠭ ᠬᠦᠭᠵᠢᠨ ᠮᠠᠨᠲᠤᠯᠲᠠ ᠶᠢ ᠪᠠᠶᠡᠯᠡᠭᠦᠯᠬᠦ ᠳᠤ ᠡᠶ᠎ᠡ ᠵᠤᠬᠢᠴᠠᠩᠭᠤᠢ ᠲᠤᠭᠲᠠᠭᠤᠨ | ᠨᠡᠶᠢᠬᠡᠮ ᠤᠨ ᠤᠷᠴᠢᠨ ᠢ ᠡᠭᠦᠳᠴᠤ ᠰᠢᠯᠢᠲᠡᠭ ᠬᠢᠷᠢ ᠪᠦᠲᠦᠮᠵᠢ ᠪᠠᠷ ᠰᠢᠨ᠎ᠠ ᠲᠤᠮᠲᠠᠲᠤ ᠤᠯᠤᠰ | ᠪᠠᠶᠢᠭᠤᠯᠤᠭᠲᠠᠭᠰᠡᠨ 70 ᠵᠢᠯ ᠤᠨ ᠤᠢ ᠶᠢ ᠤᠭᠲᠤᠬᠤ ᠬᠡᠷᠡᠭᠲᠡᠢ ᠬᠡᠪᠡ᠃ |