3 ᠰᠠᠷ᠎ᠠ ᠶᠢᠨ 11 ᠤ ᠡᠲᠤᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ ᠬᠤᠰᠢᠭᠤ ᠤᠷᠤᠯᠠᠭᠴᠢ | ᠲᠠᠷᠤᠭ᠎ᠠ ᠵᠣᠣ ᠹᠧᠢ ᠯᠤ᠋ ᠤᠷᠲᠤᠰ ᠬᠤᠲᠠ ᠶᠢᠨ ᠶᠢᠨ ᠴᠧᠩ ᠲᠠᠢ ᠬᠢᠮᠢ ᠶᠢᠨ ᠠᠵᠦ ᠦᠢᠯᠡᠳᠪᠦᠷᠢ ᠶᠢᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠳᠤ ᠬᠦᠷᠴᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠪᠠᠶᠢᠴᠠᠭᠠᠵᠦ ᠰᠠᠭᠤᠲᠠᠯ | ᠤᠨ ᠬᠤᠷᠠᠯ ᠬᠤᠷᠠᠯᠲᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ ᠬᠤᠰᠢᠭᠤ ᠲᠡᠳ᠋ | ᠲᠠᠷᠤᠭ᠎ᠠ ᠵᠠᠩ ᡁᠢ ᠰᠢᠦ᠋ᠩ᠂ ᠰᠤᠪᠤᠷᠭ᠎ᠠ ᠠᠵᠦ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ | ᠬᠤᠷᠢᠶᠠᠨ ᠤ ᠱᠦᠵᠢ ᠼᠣᠣ ᠶᠢᠨ ᠱᠠᠨ᠂ ᠬᠤᠰᠢᠭᠤ ᠵᠠᠰᠠᠭ ᠤᠨ ᠤᠷᠲᠤᠨ ᠤ ᠠᠯᠪᠠᠨ ᠭᠡᠷ᠂ ᠬᠦᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ ᠵᠡᠷᠭᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠠᠷᠠᠲᠠᠨ ᠬᠢᠨᠠᠨ ᠪᠠᠶᠢᠴᠠᠭᠠᠵᠦ | ᠰᠠᠭᠤᠲᠠᠯ ᠤᠨ ᠬᠤᠷᠠᠯ ᠳᠤ ᠤᠷᠤᠯᠴᠠᠪᠠ᠃ | | | | | | | ᠬᠤᠷᠠᠯ ᠲᠡᠭᠡᠷ᠎ᠡ ᠠᠵᠦ ᠠᠬᠤᠶᠢᠯᠠᠯ ᠤᠨ ᠬᠠᠷᠢᠭᠤᠴᠠᠯᠭᠠᠲᠠᠨ ᠠᠴᠠ ᠺᠤᠮᠫᠠᠨᠢ ᠶᠢᠨ ᠡᠷᠬᠢᠯᠲᠡ ᠶᠢᠨ ᠪᠠᠶᠢᠲᠠᠯ ᠢ | ᠬᠠᠷᠢᠭᠤ ᠮᠡᠲᠡᠭᠦᠯᠵᠦ᠂ ᠵᠣᠣ ᠹᠧᠢ ᠯᠤ᠋ ᠠᠵᠦ ᠠᠬᠤᠶᠢᠯᠠᠯ ᠳᠤ ᠤᠷᠤᠰᠢᠵᠦ ᠪᠠᠶᠢᠭ᠎ᠠ ᠬᠦᠴᠢᠷᠲᠡᠯ ᠪᠤᠯᠤᠨ | ᠠᠰᠠᠭᠤᠲᠠᠯ ᠢ ᠨᠠᠷᠢᠨ ᠦᠢᠯᠠᠭᠠᠭᠰᠠᠨ ᠤ ᠲᠠᠷᠠᠭ᠎ᠠ ᠵᠢᠭᠠᠵᠦ ᠭᠠᠷᠭᠠᠬᠤ ᠳᠠᠭᠠᠨ᠂ ᠨᠠᠮ ᠤᠨ ᠠᠷᠪᠠ ᠨᠡᠢᠮᠠᠳᠤᠭᠠᠷ ᠶᠡᠭᠡ | ᠬᠤᠷᠠᠯ ᠠᠴᠠ ᠨᠠᠰᠢ ᠰᠢ ᠶᠢᠨ ᠫᠢᠩ ᠶᠡᠷᠦᠩᠬᠡᠢ ᠱᠦᠵᠢ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠲᠡ | ᠶᠢ ᠴᠢᠬᠤᠯᠠᠴᠢᠯᠠᠨ ᠦᠵᠡᠵᠦ ᠨᠢᠭᠡ ᠰᠢᠷᠢᠰ ᠴᠢᠬᠤᠯᠠ ᠦᠬᠦᠯᠡᠯᠲᠡ ᠪᠠ ᠴᠢᠬᠤᠯᠠ ᠵᠢᠭᠠᠪᠤᠷᠢ ᠭᠠᠷᠭᠠᠵᠦ | ᠤᠨᠴᠠᠭᠠᠶᠢᠯᠠᠨ ᠦᠪᠡᠷ ᠤᠨ ᠪᠠᠶ᠎ᠠ ᠪᠠᠷ ᠢᠶᠠᠨ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠰᠠᠭᠤᠲᠠᠯ ᠤᠨ | ᠬᠤᠷᠠᠯ ᠢ ᠡᠷᠬᠢᠯᠡᠨ ᠬᠤᠷᠠᠯᠲᠤᠭᠤᠯᠵᠦ ᠴᠢᠬᠤᠯᠠ ᠶᠠᠷᠢᠶ᠎ᠠ ᠲᠠᠯᠪᠢᠵᠤ᠂ ︽ᠬᠤᠶᠠᠷ ᠭᠤᠶᠢᠪᠢᠰᠢ ᠦᠭᠡᠢ︾ ︽ᠭᠤᠷᠪᠠᠨ | ᠬᠤᠪᠢᠷᠠᠯᠲᠠ ᠦᠭᠡᠢ︾ ᠵᠤᠭᠰᠤᠯᠲᠠ᠂ ︽ᠲᠦᠷᠪᠠᠨ ᠴᠢᠬᠤᠯᠠ︾ ᠤᠨᠤᠯ ᠢ ᠲᠤᠷᠠᠳᠴᠤ ᠵᠢᠷᠭᠤᠭᠠᠨ ᠲᠠᠯ᠎ᠠ ᠶᠢᠨ | ᠲᠦᠷᠦ ᠶᠢᠨ ᠪᠤᠲᠤᠯᠭ᠎ᠠ ᠶᠢᠨ ᠲᠤᠬᠠᠢ ᠠᠷᠭ᠎ᠠ ᠪᠠᠷᠢᠯ ᠢ ᠲᠤᠲᠤᠷᠬᠠᠶᠢᠯᠠᠵᠦ ᠠᠷᠠᠳ ᠠᠴᠠ ᠡᠵᠡᠩᠨᠡᠭᠰᠡᠨ ᠠᠵᠦ | ᠠᠬᠤᠶᠢᠯᠠᠯ ᠤᠨ ᠦᠷᠭᠦᠯᠵᠢᠯᠡᠨ ᠡᠷᠡᠭᠦᠯ ᠲᠤᠭᠲᠠᠭᠤᠨ ᠢᠶᠠᠷ ᠬᠦᠭᠵᠢᠭᠦ ᠶᠢ ᠬᠦᠢᠴᠡᠳ ᠲᠠᠶᠢᠴᠢᠯᠠᠭᠰᠠᠨ ᠪᠠᠶᠢᠨ᠎ᠠ᠃ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠨᠢ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠲᠡ | ᠲᠤᠮᠲᠠ ᠲᠤᠲᠠᠭᠲᠠᠵᠦ ᠪᠤᠯᠤᠰᠢ ᠦᠭᠡᠢ ᠭᠤᠤᠯᠯᠠᠭᠴᠢ ᠬᠦᠴᠦᠨ ᠪᠤᠯᠬᠤ ᠤᠴᠢᠷ ᠠᠴᠠ ᠲᠡᠲᠡᠨ ᠢ ᠬᠠᠪᠰᠤᠷᠤᠨ | ᠬᠦᠭᠵᠢᠯᠲᠠ ᠶᠢᠨ ᠲᠤᠮᠲᠠ ᠤᠷᠤᠰᠢᠵᠦ ᠪᠠᠶᠢᠭ᠎ᠠ ᠬᠦᠴᠢᠷᠲᠡᠯᠲᠡᠢ ᠠᠰᠠᠭᠤᠲᠠᠯ ᠢ ᠰᠶᠢᠳᠪᠤᠷᠢᠯᠡᠵᠦ ᠲᠤᠭᠲᠠᠭᠤᠨ ᠢᠶᠠᠷ | ᠬᠦᠭᠵᠢᠨ ᠪᠤᠵᠠᠭᠠᠶᠢᠷᠠᠬᠤ ᠶᠢ ᠪᠠᠲᠤᠯᠠᠬᠤ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠵᠠᠶᠢᠯᠠᠭᠤᠯᠵᠦ | ᠪᠤᠯᠤᠰᠢ ᠦᠭᠡᠢ ᠬᠠᠷᠢᠭᠤᠴᠠᠯᠭ᠎ᠠ ᠪᠠᠶᠢᠵᠦ ᠪᠢᠲᠠ ᠬᠤᠲᠠᠯᠲᠤᠭ᠎ᠠ ᠡᠵᠡᠩᠨᠡᠯᠲᠡ ᠶᠢᠨ ᠤᠷᠴᠢᠨ ᠨᠦᠬᠦᠴᠡᠯ ᠢ ᠪᠦᠬᠦ | ᠲᠠᠯ᠎ᠠ ᠪᠠᠷ ᠰᠢᠯᠢᠲᠡᠭᠵᠢᠭᠦᠯᠦᠨ ᠠᠵᠦ ᠠᠬᠤᠶᠢᠯᠠᠯ ᠳᠤ ᠨᠡᠩ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ ᠠᠷᠠᠳ ᠠᠴᠠ | ᠡᠵᠡᠩᠨᠡᠭᠰᠡᠨ ᠠᠵᠦ ᠠᠬᠤᠶᠢᠯᠠᠯ ᠤᠨ ᠡᠷᠡᠭᠦᠯ ᠢᠶᠠᠷ ᠬᠦᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ | ᠬᠡᠪᠡ᠃ | ᠵᠣᠣ ᠹᠧᠢ ᠯᠤ᠋ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠠᠭᠤᠨ | ᠠᠴᠠ ᠴᠤ ᠴᠢᠬᠤᠯᠠ᠂ ︽2.23︾ ᠤ ᠰᠢᠯᠢ ᠶᠢᠨ ᠭᠤᠤᠯ ᠠᠶᠢᠮᠠᠭ ᠤᠨ ᠬᠦᠮᠦᠨ ᠠᠲᠡᠵᠦ ᠰᠢᠷᠬᠠᠲᠤᠭᠰᠠᠨ | ᠬᠦᠨᠲᠦ ᠶᠡᠭᠡ ᠠᠲᠡᠯ ᠢᠶᠠᠷ ᠰᠤᠷᠭᠠᠮᠵᠢ ᠪᠤᠯᠭᠠᠵᠦ ᠠᠶᠤᠯᠭᠦᠢ ᠢᠶᠠᠷ ᠬᠦᠭᠵᠢᠭᠦᠯᠬᠦ ᠶᠢ ᠴᠠᠭ ᠢᠮᠠᠭᠲᠠ ᠴᠢᠬᠤᠯᠠ | ᠪᠠᠶᠢᠷᠢᠨ ᠳᠤ ᠲᠠᠯᠪᠢᠵᠦ ᠠᠶᠤᠯᠭᠦᠢ ᠦᠢᠯᠡᠳᠪᠦᠷᠢᠯᠡᠯ ᠤᠨ ᠪᠡᠯᠡ ᠤᠷᠤᠭᠤᠯᠤᠯᠲᠡ ᠶᠢ ᠲᠠᠰᠤᠷᠠᠯᠲᠠ ᠦᠭᠡᠢ | ᠨᠡᠮᠡᠭᠲᠡᠭᠦᠯᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠪᠠᠷᠢᠯ ᠢ ᠪᠦᠷᠢᠨᠰᠢᠭᠦᠯᠵᠦ ᠠᠶᠤᠯᠭᠦᠢ | ᠶᠢᠨ ᠦᠢᠯᠠᠭᠠᠭᠲᠠᠬᠤᠨ ᠢ ᠪᠠᠲᠤ ᠴᠡᠭᠡᠵᠢᠯᠡᠨ ᠡᠬᠦᠷᠭᠡ ᠬᠠᠷᠢᠭᠤᠴᠠᠯᠭ᠎ᠠ ᠪᠠ ᠠᠶᠤᠯᠭᠦᠢ ᠶᠢᠨ ᠬᠢᠨᠠᠨ ᠬᠠᠮᠢᠶᠠᠷᠤᠯᠲᠠ | ᠪᠠᠨ ᠬᠦᠢᠴᠡᠳ ᠨᠠᠶᠢᠲᠠᠪᠤᠷᠢᠵᠢᠭᠤᠯᠵᠦ ᠬᠦᠨᠲᠤ ᠶᠡᠭᠡ ᠠᠲᠡᠯ ᠭᠠᠷᠬᠤ ᠶᠢ ᠡᠷᠡᠰ ᠰᠡᠷᠭᠡᠶᠢᠯᠡᠨ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠬᠡᠪᠡ᠃ |