ᠠᠷᠠᠳ ᠤᠨ ᠲᠦᠯᠦᠬᠡᠯᠡᠭᠴᠢᠳ ᠬᠤᠰᠢᠭᠤᠨ ᠤ ᠬᠦᠭᠵᠢᠯᠳᠡ ᠳᠤ ᠰᠠᠨᠠᠯ ᠵᠦᠪᠯᠡᠯᠭᠡ ᠪᠠᠨ ᠲᠡᠪᠰᠢᠬᠦᠯᠪᠠ
ᠨᠡᠶᠢᠲᠡᠯᠡᠭᠰᠡᠨ ᠴᠠᠭ᠄
2019-03-22
     3 ᠰᠠᠷ᠎ᠠ ᠶᠢᠨ 17 ᠤ ᠡᠳᠦᠷ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠬᠦᠷᠭᠡᠯᠡᠨ ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠤ ᠤᠷᠤᠯᠴᠠᠭᠰᠠᠨ ᠲᠦᠯᠦᠭᠡᠯᠡᠭᠴᠢᠳ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾᠂ ︽ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ︾᠂ ︽ᠠᠷᠠᠳ ᠤᠨ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ︾᠂ ︽ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ︾ ᠬᠢᠬᠡᠳ ᠪᠤᠰᠤᠳ ᠡᠯ᠎ᠡ ᠲᠦᠷᠦᠯ ᠤᠨ ᠰᠢᠢᠳᠪᠣᠷᠢ ᠶᠢᠨ ᠲᠤᠭᠤᠷᠢᠨ ᠳᠤ ᠶᠠᠷᠢᠯᠴᠠᠭ᠎ᠠ ᠦᠷᠨᠢᠬᠦᠯᠵᠦ᠂ ᠰᠠᠨᠠᠯ ᠵᠦᠪᠯᠡᠯᠭᠡ ᠪᠠᠨ ᠳᠡᠪᠰᠢᠬᠦᠯᠦᠭᠰᠡᠨ ᠪᠠᠶᠢᠨ᠎ᠠ᠃      ᠦᠤᠰᠢᠨ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠡᠬᠢᠯᠡᠯᠳᠡ ᠶᠢᠨ ᠶᠤᠰᠤᠯᠠᠯ ᠤᠨ ᠲᠠᠷᠠᠭ᠎ᠠ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠭᠤᠷᠢᠨ ᠳᠤ ᠦᠤᠰᠢᠨᠵᠤᠤ ᠪᠠᠯᠭᠠᠰᠤ᠂ ᠤᠯᠠᠭᠠᠠᠲᠤᠯᠤᠭᠠᠢ ᠪᠠᠯᠭᠠᠰᠤ᠂ ᠭᠠᠯᠠᠭᠤᠲᠤ ᠪᠠᠯᠭᠠᠰᠤ᠂ ᠰᠢᠷᠬᠤᠰᠤᠨ ᠪᠠᠯᠭᠠᠰᠤ᠂ ᠰᠦᠯᠳᠡ ᠰᠤᠮᠤ᠂ ᠲᠤᠭ ᠪᠠᠯᠭᠠᠰᠤ ᠵᠡᠷᠭᠡ ᠵᠢᠷᠭᠤᠭᠠᠨ ᠰᠤᠮᠤ ᠪᠠᠯᠭᠠᠰᠤᠨ ᠤ ᠲᠦᠯᠦᠬᠡᠯᠡᠭᠴᠢᠳ ᠲᠤᠭᠤᠶᠢᠯᠠᠩ ᠬᠤᠪᠢᠶᠠᠨ ᠶᠠᠷᠢᠯᠴᠠᠵᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠤᠤ ᠹᠧᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠠᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ  ᠤ ᠱᠦᠵᠢ ᠰᠤᠷᠭᠠᠯᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠤᠤ ᠶᠦᠩ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠠᠯᠳᠠᠠᠲᠤᠶᠠᠭ᠎ᠠ᠂ ᠬᠤᠰᠢᠭᠤ ᠤᠳᠤᠷᠢᠳᠤᠯᠭ᠎ᠠ ᠪᠠᠶᠠᠠᠴᠡᠩᠬᠡᠯ᠂ ᠪᠠᠶᠠᠠᠴᠢᠮᠡᠭ᠂ ᠯᠢ ᠵᠢᠷᠤᠮᠲᠤ ᠨᠠᠷ ᠲᠦᠯᠦᠬᠡᠯᠡᠭᠴᠢᠳ ᠤᠨ ᠪᠦᠯᠬᠦᠮ ᠤᠨ ᠲᠤᠭᠤᠶᠢᠯᠠᠩ ᠤᠨ ᠶᠠᠷᠢᠯᠴᠠᠭᠠᠨ ᠳᠤ ᠤᠷᠤᠯᠴᠠᠵᠤ᠂ ᠵᠢᠭᠠᠨ ᠵᠢᠯᠤᠭᠤᠳᠤᠯᠭ᠎ᠠ ᠬᠢᠯ᠎ᠡ᠃      ᠬᠤᠷᠠᠯ ᠳᠡᠭᠡᠷ᠎ᠡ ᠲᠦᠯᠦᠭᠡᠯᠡᠭᠴᠢᠳ ᠠᠴᠠ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠰᠤᠳᠤᠯᠤᠨ ᠶᠠᠷᠢᠯᠴᠠᠵᠤ᠂ ᠪᠦᠬᠦᠳᠡᠭᠡᠷ ᠢᠶᠠᠨ ᠳᠣᠰ ᠢᠯᠡᠳᠭᠡᠯ ᠢ 2018 ᠤᠨ ᠤ ᠠᠵᠢᠯ ᠢ ᠰᠠᠶᠢᠳᠤᠷ ᠳ᠋ᠦᠩᠨᠡᠵᠦ᠂ 2019 ᠤᠨ ᠤ ᠠᠵᠢᠯ ᠳᠤ ᠲᠤᠳᠤᠷᠬᠠᠢ ᠲᠦᠯᠦᠪᠵᠢᠬᠦᠯᠬᠡ ᠭᠠᠷᠭᠠᠭᠰᠠᠨ ᠤᠯᠠᠨ ᠤ ᠰᠠᠨᠠᠭᠠᠨ ᠳᠤ ᠨᠡᠶᠢᠴᠡᠭᠰᠡᠨ ᠰᠠᠶᠢᠨ ᠢᠯᠡᠳᠭᠡᠯ ᠬᠡᠵᠦ ᠦᠵᠡᠵᠡᠬᠡᠵᠡᠢ᠃ ᠲᠦᠯᠦᠬᠡᠯᠡᠭᠴᠢᠳ ᠠᠵᠢᠯ ᠠᠮᠢᠳᠤᠷᠠᠯ ᠤᠨ ᠢᠶᠠᠨ ᠪᠤᠳᠠᠳᠠᠢ ᠲᠠᠢ ᠣᠶᠠᠯᠳᠣᠭᠤᠯᠵᠣ ᠂ ᠦᠨᠳᠦᠰᠦᠨ ᠱᠠᠳᠤᠨ ᠤ ᠬᠦᠰᠡᠯ ᠱᠠᠭᠠᠷᠳᠠᠯᠭ᠎ᠠ ᠶᠢ ᠶᠠᠷᠢᠯᠴᠠᠨ ᠰᠤᠷᠭᠠᠨ ᠬᠦᠮᠦᠵᠢᠯ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠠᠵᠤ ᠦᠢᠯᠡᠳᠪᠦᠷᠢ ᠶᠢᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠠᠪᠰᠢᠬᠦᠯᠬᠦ᠂ ᠰᠠᠭᠤᠷᠢ ᠲᠤᠨᠤᠭ ᠲᠦᠬᠦᠬᠡᠷᠦᠮᠵᠢ ᠶᠢ ᠰᠠᠶᠢᠵᠢᠷᠠᠭᠤᠯᠬᠤ᠂ ᠰᠤᠶᠤᠯ ᠵᠤᠭᠠᠴᠠᠯ ᠢ ᠠᠭᠤᠰᠤᠯᠴᠠᠭᠤᠯᠤᠨ ᠬᠦᠭᠵᠢᠬᠦᠯᠬᠦ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠮᠠᠯᠵᠢᠬᠤ ᠲᠠᠷᠢᠶᠠᠯᠠᠬᠤ ᠤᠷᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠨᠠᠭᠰᠢᠳᠠ ᠴᠢᠩᠭᠠᠳᠬᠠᠬᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ᠂ ᠭᠠᠵᠠᠷ ᠲᠤᠤᠷᠠᠬᠢ ᠤᠰᠤᠨ ᠤ ᠪᠤᠬᠢᠷᠳᠤᠯ ᠢ ᠵᠠᠰᠠᠬᠤ᠂ ᠮᠠᠯᠵᠢᠬᠤ ᠲᠠᠷᠢᠶᠠᠯᠠᠬᠤ ᠤᠷᠤᠨ ᠳᠤ ᠴᠠᠬᠢᠯᠭᠠᠨ ᠨᠡᠪᠳᠡᠷᠡᠬᠦᠯᠬᠦ᠂ ᠮᠠᠯ ᠤᠨ ᠠᠰᠢᠭ ᠰᠢᠮ᠎ᠡ ᠶᠢ ᠳᠡᠭᠡᠭᠰᠢᠯᠡᠬᠦᠯᠣᠨ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠂ ᠬᠤᠣᠰ ᠬᠡᠯᠡᠨ ᠤ ᠪᠢᠴᠢᠭ ᠮᠠᠲ᠋ᠧᠷᠢᠶᠠᠯ ᠤᠨ ᠣᠷᠴᠢᠭᠤᠯᠭ᠎ᠠ ᠶᠢᠨ ᠦᠢᠯᠡᠴᠢᠯᠡᠭᠡ ᠶᠢ ᠳᠡᠬᠦᠯᠳᠡᠷᠵᠢᠬᠦᠯᠬᠦ ᠵᠡᠷᠭᠡ ᠲᠠᠯ᠎ᠠ  ᠪᠠᠷ ᠮᠠᠰᠢ ᠤᠯᠠᠨ ᠵᠤᠬᠢᠰᠳᠠᠢ ᠰᠠᠨᠠᠯ ᠵᠦᠪᠯᠡᠯᠭᠡ ᠳᠣᠷᠠᠳᠪᠠ᠃      ᠤᠯᠠᠭᠠᠠᠲᠤᠯᠤᠭᠠᠢ ᠪᠠᠯᠭᠠᠰᠤ᠂ ᠦᠤᠰᠢᠨᠵᠤᠤ ᠪᠠᠯᠭᠠᠰᠤᠨ ᠤ ᠲᠦᠯᠦᠬᠡᠯᠡᠭᠴᠢᠳ ᠤᠨ ᠪᠦᠯᠬᠦᠮ ᠤᠨ ᠶᠠᠷᠢᠯᠴᠠᠭᠠᠨ ᠤ ᠬᠤᠷᠠᠯ ᠲᠡᠭᠡᠷ᠎ᠡ ᠡᠷᠳᠡᠨᠢᠪᠢᠯᠢᠭ ᠴᠢᠬᠤᠯᠠᠴᠢᠯᠠᠬᠤ ᠳᠤ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠳᠣᠭᠤᠰᠢᠯᠠᠭᠤᠯᠵᠣ ᠮᠠᠯᠵᠢᠬᠤ ᠳ᠋ᠠᠵᠠᠢ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠶᠢᠨ ᠬᠦᠴᠦᠯᠡᠴᠡ ᠪᠠᠨ ᠴᠢᠩᠭᠠᠳᠬᠠᠨ ᠪᠤᠬᠢᠷᠳᠤᠯ ᠢ ᠰᠡᠷᠬᠡᠶᠢᠯᠡᠨ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠵᠦ ᠨᠤᠮᠢᠨ ᠲᠠᠩᠰᠤᠭ ᠭᠥᠭᠵᠢᠨ ᠮᠠᠨᠳᠤᠯᠳᠠ ᠳᠤ ᠬᠦᠴᠦᠨ ᠢᠶᠠᠨ ᠡᠷᠬᠦᠬᠦ ᠬᠡᠷᠡᠭᠲᠠᠢ ᠬᠡᠵᠡᠢ᠃      ᠡᠷᠳᠡᠨᠢᠪᠢᠯᠢᠭ ᠴᠢᠬᠤᠯᠠᠴᠢᠯᠠᠬᠤ ᠳᠤ ᠪᠠᠨ᠂ ᠦᠨᠳᠦᠰᠦᠨ ᠱᠠᠳᠤᠨ ᠤ ᠨᠠᠮ ᠤᠨ ᠡᠬᠦᠷ ᠬᠢᠬᠡᠳ ᠨᠠᠮ ᠤᠨ ᠬᠡᠰᠢᠬᠦᠳ ᠤᠨ ᠲᠠᠭᠤᠷᠢᠶᠠᠯ ᠲᠠᠭᠠᠭᠤᠯᠤᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ ᠺᠠᠳ᠋ᠷ ᠠᠵᠢᠯᠳᠠᠳ ᠤᠨ ᠦᠢᠯᠡᠰ ᠪᠦᠲᠦᠬᠡᠬᠦ ᠵᠤᠷᠢᠭ ᠢ ᠬᠦᠪᠴᠢᠯᠡᠵᠦ ᠬᠦᠳᠡᠭᠡ ᠲᠤᠰᠬᠤᠨ ᠤ ᠭᠥᠭᠵᠢᠨ ᠮᠠᠨᠳᠤᠯᠳᠠ᠂ ᠠᠵᠤ ᠦᠢᠯᠡᠰ ᠤᠨ ᠬᠦᠭᠵᠢᠯᠳᠡ᠂ ᠬᠦᠳᠡᠭᠡ ᠳᠣᠰᠬᠤᠨ ᠤ ᠤᠷᠴᠢᠨ ᠲᠤᠭᠤᠷᠢᠨ ᠢ ᠰᠠᠶᠢᠵᠢᠷᠠᠭᠤᠯᠬᠤ ᠳᠤ ᠬᠦᠴᠦᠨ ᠢᠶᠠᠨ ᠡᠷᠬᠦᠵᠦ ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ᠂ ᠴᠢᠳᠠᠪᠤᠷᠢᠳᠠᠨ ᠵᠡᠷᠭᠡ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠤᠳᠠᠳᠠᠢ ᠳᠤ ᠨᠠᠶᠢᠳᠠᠪᠣᠷᠢᠵᠢᠭᠤᠯᠬᠤ ᠶᠢ ᠪᠠᠳᠤᠯᠠᠨ ᠤᠷᠤᠨ ᠨᠣᠳᠤᠭ ᠤᠨ ᠠᠵᠤ ᠠᠬᠤᠢ ᠨᠡᠶᠢᠬᠡᠮ ᠤᠨ ᠴᠢᠨᠡᠷ ᠰᠠᠶᠢᠳᠠᠢ ᠬᠦᠭᠵᠢᠯᠳᠡ  ᠶᠢ ᠠᠬᠢᠭᠤᠯᠬᠤ ᠳᠤ ᠰᠠᠶᠢᠨ ᠰᠠᠶᠢᠬᠠᠨ ᠤᠷᠴᠢᠨ ᠢ ᠡᠬᠦᠳᠬᠦ ᠬᠡᠷᠡᠭᠲᠠᠢ ᠬᠡᠵᠡᠢ᠃      ᠭᠠᠯᠠᠭᠤᠲᠤ ᠪᠠᠯᠭᠠᠰᠤ᠂ ᠰᠢᠷᠬᠤᠰᠤᠨ ᠪᠠᠯᠭᠠᠰᠤᠨ ᠤ ᠲᠦᠯᠦᠬᠡᠯᠡᠭᠴᠢᠳ ᠤᠨ ᠪᠦᠯᠬᠦᠮ ᠤᠨ ᠶᠠᠷᠢᠯᠴᠠᠭᠠᠨ ᠤ ᠬᠤᠷᠠᠯ ᠲᠡᠭᠡᠷ᠎ᠡ ᠵᠤᠤ ᠹᠧᠢ ᠯᠤ᠋ ᠲᠦᠯᠦᠬᠡᠯᠡᠭᠴᠢᠳ ᠤᠨ ᠰᠠᠨᠠᠯ ᠵᠦᠪᠯᠡᠯᠭᠡ ᠶᠢ ᠨᠠᠷᠢᠨ ᠬᠢᠨᠠᠮᠠᠭᠠᠢ ᠰᠤᠨᠤᠰᠴᠣ ᠠᠵᠤ ᠦᠢᠯᠡᠳᠪᠦᠷᠢ᠂ ᠵᠤᠭᠠᠴᠠᠯ ᠤᠨ ᠬᠦᠭᠵᠢᠯᠳᠡ᠂ ᠠᠵᠤ ᠦᠢᠯᠡᠰ ᠤᠨ ᠬᠦᠭᠵᠢᠯᠳᠡ᠂ ᠠᠮᠢ ᠠᠬᠤᠢ ᠤᠷᠴᠢᠨ ᠲᠤᠭᠤᠷᠢᠨ  ᠤ ᠪᠦᠲᠦᠬᠡᠨ ᠪᠠᠶᠢᠭᠤᠯᠤᠯᠳᠠ ᠵᠡᠷᠭᠡ ᠠᠰᠠᠭᠤᠳᠠᠯ ᠤᠨ ᠲᠤᠭᠤᠷᠢᠨ ᠳᠤ ᠬᠠᠮᠳᠣ ᠪᠠᠷ ᠰᠠᠨᠠᠯ ᠪᠤᠳᠤᠯ ᠢᠶᠠᠨ ᠰᠤᠯᠢᠯᠴᠠᠯ᠎ᠠ᠃      ᠵᠤᠤ ᠹᠧᠢ ᠯᠤ᠋ ᠴᠢᠬᠤᠯᠠᠴᠢᠯᠠᠬᠤ ᠳᠤ ᠪᠠᠨ᠂ ᠡᠯ᠎ᠡ ᠰᠤᠮᠤ ᠪᠠᠯᠭᠠᠰᠤ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠥᠪᠯᠠᠭᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠠᠮᠢ ᠠᠬᠤᠢ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠣ ᠰᠢᠨ᠎ᠡ ᠮᠠᠶ᠋ᠢᠭ ᠤᠨ ᠪᠡᠯᠴᠢᠬᠡᠷᠯᠡᠬᠦᠯᠬᠦ ᠶᠢ ᠬᠤᠷᠢᠭᠯᠠᠨ ᠰᠡᠯᠬᠦᠨ ᠮᠠᠯᠵᠢᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ ᠬᠠᠤᠯᠢ ᠶᠢ ᠵᠦᠷᠢᠴᠡᠨ ᠠᠳᠠᠷ ᠬᠠᠭᠠᠯᠪᠣᠷᠢᠯᠠᠭᠰᠠᠨ ᠠᠵᠢᠯᠯᠠᠭ᠎ᠠ ᠳᠤ ᠬᠦᠨᠳᠦ ᠴᠤᠬᠢᠯᠳᠠ ᠦᠭᠬᠦ ᠬᠡᠷᠡᠭᠲᠠᠢ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠤ ᠪᠠᠨ ᠮᠠᠯᠴᠢᠨ ᠲᠠᠷᠢᠶᠠᠴᠢᠳ ᠤᠨ ᠭᠤᠤᠯᠯᠠᠬᠤ ᠪᠠᠶᠢᠷᠢ ᠰᠠᠭᠤᠷᠢ ᠶᠢ ᠴᠢᠬᠤᠯᠠᠴᠢᠯᠡᠵᠣ ᠳᠡᠳᠡᠨ ᠤ ᠢᠳᠡᠪᠬᠢ ᠣᠶᠢᠯᠡᠳᠣᠯ ᠢ ᠰᠠᠶᠢᠳᠣᠷ ᠪᠠᠳᠠᠷᠠᠭᠤᠯᠣᠨ ᠠᠷᠠᠳ ᠢ ᠪᠠᠶᠠᠵᠢᠭᠤᠯᠬᠤ ᠠᠵᠤ ᠦᠢᠯᠡᠰ ᠢ ᠤᠷᠢᠳᠠᠪᠠᠷ ᠬᠦᠭᠵᠢᠬᠦᠯᠬᠦ ᠬᠡᠷᠡᠭᠲᠠᠢ᠃ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠳᠡᠭᠡᠷ᠎ᠡ ᠬᠦᠴᠦ ᠪᠠᠨ ᠲᠦᠪᠯᠡᠷᠡᠬᠦᠯᠥᠨ ᠶᠠᠳᠠᠭᠤ ᠬᠦᠴᠢᠷᠳᠡᠯᠳᠡᠢ ᠬᠦᠮᠦᠨ ᠠᠮᠠ  ᠶᠢᠨ ᠤᠷᠤᠯᠭ᠎ᠠ ᠶᠢ ᠨᠡᠮᠡᠭᠳᠡᠬᠦᠯᠬᠦ ᠬᠡᠷᠡᠭᠲᠠᠢ᠃ ᠮᠠᠯᠴᠢᠨ ᠲᠠᠷᠢᠶᠠᠴᠢᠳ ᠢ ᠲᠠᠶᠢᠴᠢᠯᠠᠨ ᠤᠬᠠᠮᠰᠠᠷ ᠠᠴᠠ ᠪᠠᠨ ᠤᠷᠴᠢᠨ ᠲᠤᠭᠤᠷᠢᠨ ᠢᠶᠠᠨ ᠴᠡᠪᠡᠷᠯᠡᠨ ᠴᠡᠭᠴᠡᠯᠡᠨ ᠵᠠᠰᠠᠵᠣ ᠵᠢᠱᠢᠶᠡᠴᠢ ᠬᠤᠪᠢ ᠬᠦᠮᠦᠨ᠂ ᠲᠠᠭᠤᠷᠢᠶᠠᠯ ᠡᠷᠦᠬᠡ ᠶᠢ ᠰᠤᠩᠭᠤᠨ ᠭᠠᠷᠭᠠᠵᠤ ᠮᠠᠯᠵᠢᠬᠤ ᠲᠠᠷᠢᠶᠠᠯᠬᠤ ᠤᠷᠤᠨ ᠤ ᠪᠤᠯᠪᠠᠰᠤᠨ ᠰᠤᠷᠳᠠᠯ ᠢ ᠲᠠᠶᠢᠴᠢᠯᠠᠨ ᠲᠠᠭᠠᠭᠤᠯᠬᠤ ᠬᠡᠷᠡᠭᠲᠠᠢ ᠬᠡᠵᠡᠢ᠃      ᠪᠠᠰᠠ ᠬᠤᠷᠠᠯ ᠳᠤ ᠳᠣᠷᠠᠳᠣᠭᠰᠠᠨ ᠰᠠᠨᠠᠯ ᠵᠦᠪᠯᠯᠡᠭᠡ ᠶᠢ ᠨᠢᠬᠡᠳᠭᠡᠨ ᠡᠮᠬᠢᠳᠬᠡᠵᠦ᠂ ᠬᠤᠷᠠᠯ ᠤᠨ ᠳᠠᠷᠠᠭ᠎ᠠ ᠰᠢᠢᠳᠪᠣᠷᠢᠯᠡᠨ᠎ᠠ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号