3 ᠰᠠᠷ᠎ᠠ ᠶᠢᠨ 15 ᠤ ᠡᠳᠦᠷ᠂ ᠮᠠᠨ ᠤ ᠬᠤᠰᠢᠭᠤᠨ ᠤ ppp ᠳᠦᠷᠦᠯ ᠵᠦᠢᠯ ᠤᠨ ᠭᠡᠷ᠎ᠡ ᠳᠣᠭᠳᠠᠬᠤ | ᠶᠣᠰᠣᠯᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠲᠤ ᠶᠠᠪᠣᠭᠳᠠᠪᠠ᠃ | | | | | ᠱᠠᠨᠰᠢ ᠶᠢᠨ ᠴᠤᠸᠠᠩ ᠶᠧ ᠵᠢᠶᠠᠨ ᠲᠥᠩ ᠪᠦᠲᠦᠬᠡᠨ ᠪᠠᠶᠢᠭᠤᠯᠣᠯᠲᠠ ᠶᠢᠨ ᠢᠨᠵᠧᠨᠧᠷᠢᠩ ᠤᠨ ᠬᠢᠵᠠᠭᠠᠷᠲᠣ | ᠺᠣᠮᠫᠠᠨᠢ᠂ ᠣᠳᠤᠭ ᠤᠨ ᠡᠮᠦᠨᠡᠲᠦ ᠬᠤᠰᠢᠭᠤᠨ ᠤ ᠰᠢᠨ ᠳ᠋ᠠ ᠪᠦᠲᠦᠬᠡᠨ ᠪᠠᠶᠢᠭᠤᠯᠣᠯᠲᠠ ᠶᠢᠨ ᠢᠨᠵᠧᠨᠧᠷᠢᠩ ᠤᠨ | ᠬᠢᠵᠠᠭᠠᠷᠲᠣ ᠺᠣᠮᠫᠠᠨᠢ ᠂ ᠱᠠᠨᠰᠢ ᠶᠢᠨ ᠦ᠋ ᠬᠤᠸᠠ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠣ ᠺᠣᠮᠫᠠᠨᠢ ᠶᠢᠨ | ᠬᠠᠷᠢᠭᠤᠴᠠᠯᠭᠠᠳᠠᠳ ᠪᠠ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠢᠮᠡᠭ᠂ ᠬᠤᠰᠢᠭᠤ ᠰᠠᠬᠢᠯᠭ᠎ᠠ ᠪᠠᠳᠣ | ᠪᠠᠶᠢᠴᠠᠭᠠᠬᠤ ᠬᠤᠷᠢᠶ᠎ᠠ᠂ ᠬᠦᠭᠵᠢᠬᠦᠯᠦᠯᠲᠡ ᠪᠠ ᠦᠬᠡᠷᠡᠴᠢᠯᠡᠯᠳᠡ ᠶᠢᠨ ᠵᠦᠪᠯᠡᠯ᠂ ᠰᠣᠷᠭᠠᠨ ᠬᠦᠮᠦᠵᠢᠯ ᠪᠡᠶ᠎ᠡ ᠳᠠᠮᠢᠷ | ᠤᠨ ᠳᠣᠪᠴᠢᠶ᠎ᠠ᠂ ᠡᠳ᠋ ᠤᠨ ᠵᠠᠰᠠᠭ ᠤᠨ ᠳᠣᠪᠴᠢᠶ᠎ᠠ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ | ᠪᠠᠶᠢᠭᠤᠯᠣᠯᠲᠠ ᠶᠢᠨ ᠳᠣᠪᠴᠢᠶ᠎ᠠ᠂ ᠬᠤᠳᠠ ᠶᠢᠨ ᠪᠡᠯᠡ ᠣᠷᠣᠭᠤᠯᠣᠯᠲᠠ ᠶᠢᠨ ᠺᠣᠮᠫᠠᠨᠢ᠂ PPP ᠲᠦᠷᠦᠯ ᠵᠦᠢᠯ | ᠤᠨ ᠠᠯᠪᠠᠨ ᠬᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠶᠣᠰᠣᠯᠠᠯ ᠳᠤ ᠣᠷᠣᠯᠴᠠᠪᠠ᠃ | ᠬᠤᠷᠠᠯ ᠳᠡᠬᠡᠷ᠎ᠡ ᠬᠤᠰᠢᠭᠤ ᠰᠣᠷᠭᠠᠨ ᠬᠦᠮᠦᠵᠢᠯ ᠪᠡᠶ᠎ᠡ ᠳᠠᠮᠢᠷ ᠤᠨ ᠳᠣᠪᠴᠢᠶ᠎ᠠ᠂ ᠬᠦᠭᠵᠢᠬᠦᠯᠦᠯᠲᠡ ᠪᠠ | ᠦᠬᠡᠷᠡᠴᠢᠯᠡᠯᠳᠡ ᠶᠢᠨ ᠵᠦᠪᠯᠡᠯ ᠤᠨ ᠬᠠᠷᠢᠭᠤᠴᠠᠯᠭᠠᠳᠠᠨ ᠬᠡᠷ᠎ᠡ ᠳᠣᠭᠳᠠᠬᠤ ᠲᠦᠷᠦᠯ ᠵᠦᠢᠯ ᠤᠨ ᠳᠣᠬᠠᠢ | ᠳᠠᠨᠢᠯᠴᠠᠭᠤᠯᠵᠦ᠂ ᠬᠡᠷ᠎ᠡ ᠳᠣᠭᠳᠠᠬᠤ ᠠᠵᠣ ᠠᠬᠤᠶᠢᠯᠠᠯ ᠤᠨ ᠬᠠᠷᠢᠭᠤᠴᠠᠯᠭᠠᠳᠠᠳ ᠠᠵᠣ ᠠᠬᠤᠶᠢᠯᠠᠯ ᠤᠨ ᠶᠡᠷᠦᠩᠬᠡᠢ | ᠪᠠᠶᠢᠳᠠᠯ ᠪᠠ ᠪᠡᠯᠡ ᠴᠣᠭᠯᠠᠭᠤᠯᠵᠦ᠂ ᠪᠠᠷᠢᠯᠭ᠎ᠠ ᠡᠬᠢᠯᠡᠬᠦ ᠲᠦᠰᠦᠯ ᠤᠨ ᠳᠣᠬᠠᠢ ᠳᠠᠨᠢᠯᠴᠠᠭᠤᠯᠪᠠ᠃ | ᠶᠣᠰᠣᠯᠠᠯ ᠳᠡᠭᠡᠷ᠎ᠡ ᠵᠧᠦ ᠱᠤᠸᠠᠢ᠂ ᠪᠠᠶᠠᠨᠴᠢᠮᠡᠭ ᠠᠴᠠ ᠴᠢᠬᠤᠯᠠ ᠶᠡᠷᠢᠶ᠎ᠠ ᠳᠠᠯᠪᠢᠵᠣ ᠵᠢᠠᠭᠠᠬᠤ ᠳᠠᠭᠠᠨ ᠰᠣᠷᠭᠠᠨ | ᠬᠦᠮᠦᠵᠢᠯ ᠪᠣᠯ ᠠᠷᠠᠳ ᠤᠨ ᠠᠮᠢᠳᠣᠷᠠᠯ ᠳᠤ ᠬᠤᠯᠪᠣᠭᠳᠠᠬᠤ ᠮᠦᠷᠳᠡᠬᠡᠨ ᠣᠯᠠᠨ ᠲᠦᠮᠡᠨ ᠤ ᠠᠩᠬᠠᠷᠴᠦ ᠪᠠᠶᠢᠭ᠎ᠠ | ᠴᠢᠬᠤᠯᠠ ᠶᠡᠭᠡᠢᠨᠵᠧᠨᠧᠷᠢᠩ ᠪᠠᠶᠢᠵᠣ ᠪᠠᠷᠢᠯᠭ᠎ᠠ ᠶᠢᠨ ᠶᠠᠰᠣ ᠴᠢᠨᠡᠷ ᠤᠨ ᠱᠠᠭᠠᠷᠳᠠᠯᠭ᠎ᠠ ᠢᠶᠠᠷ ᠬᠠᠮᠤᠭ ᠦᠨᠳᠣᠷ | ᠢᠨᠵᠧᠨᠧᠷᠢᠩ ᠪᠣᠯᠣᠨ᠎ᠠ᠃ ᠪᠠᠷᠢᠯᠭ᠎ᠠ ᠪᠠᠷᠢᠬᠤ ᠠᠵᠣ ᠠᠬᠤᠶᠢᠯᠠᠯ ᠨᠢ ᠪᠦᠲᠦᠬᠡᠨ ᠪᠠᠶᠢᠭᠤᠯᠬᠤ ᠪᠡᠯᠡ ᠮᠦᠩᠬᠦ ᠶᠢ | ᠣᠷᠣᠨᠵᠢᠭᠤᠯᠵᠣ᠂ ᠳᠣᠭᠳᠠᠭᠰᠠᠨ ᠴᠠᠭ ᠲᠠᠭᠠᠨ ᠪᠠᠷᠢᠯᠭ᠎ᠠ ᠳᠠᠭᠤᠰᠬᠠᠵᠣ᠂ ᠪᠠᠷᠢᠯᠭ᠎ᠠ ᠶᠢᠨ ᠶᠠᠰᠣ ᠴᠢᠨᠠᠷ᠂ ᠪᠠᠷᠢᠯᠭ᠎ᠠ | ᠶᠢᠨ ᠭᠠᠵᠠᠷ ᠤᠨ ᠠᠮᠣᠷ ᠲᠦᠪᠰᠢᠨ ᠢ ᠪᠠᠳᠣᠯᠠᠵᠣ ᠬᠡᠷ᠎ᠡ ᠳᠣᠭᠳᠠᠭᠰᠠᠨ ᠲᠦᠷᠥᠯ ᠵᠣᠶᠢᠯ ᠤᠨ ᠡᠯ᠎ᠡ ᠠᠵᠢᠯ ᠢ ᠠᠯᠢ | ᠲᠦᠷᠬᠡᠨ ᠨᠠᠶᠢᠳᠠᠪᠣᠷᠢᠵᠢᠭᠤᠯᠵᠣ ᠲᠦᠷᠥᠯ ᠵᠣᠶᠢᠯ ᠤᠨ ᠪᠦᠳᠦᠬᠡᠨ ᠪᠠᠶᠢᠭᠤᠯᠣᠯᠳᠠ ᠶᠢᠨ ᠬᠠᠷᠠᠯᠳᠠ ᠡᠬᠦᠷᠬᠡ ᠶᠢ | ᠬᠤᠭᠤᠴᠠᠭ᠎ᠠ ᠶᠣᠰᠣᠭᠠᠷ ᠠᠮᠵᠢᠯᠳᠠᠳᠠᠢ ᠪᠠᠶᠠᠯᠡᠬᠦᠯᠵᠣ ᠪᠦᠬᠦ ᠬᠤᠰᠢᠭᠤᠨ ᠤ ᠰᠣᠷᠭᠠᠨ ᠬᠦᠮᠦᠵᠢᠯ᠂ ᠬᠤᠳᠠ | ᠪᠠᠯᠭᠠᠰᠣᠨ ᠤ ᠰᠠᠭᠤᠷᠢ ᠲᠦᠬᠦᠬᠡᠷᠣᠮᠵᠢ ᠶᠢᠨ ᠪᠦᠳᠦᠬᠡᠨ ᠪᠠᠶᠢᠭᠤᠯᠣᠯᠳᠠ ᠶᠢ ᠠᠬᠢᠭᠤᠯᠬᠤ ᠬᠡᠷᠡᠭᠳᠡᠢ ᠬᠡᠵᠣ | ᠱᠠᠭᠠᠷᠳᠠᠵᠠᠢ᠃ | ᠱᠠᠨᠰᠢ ᠶᠢᠨ ᠴᠤᠸᠠᠩ ᠶᠧ ᠵᠢᠶᠠᠨ ᠲᠥᠩ ᠪᠦᠲᠦᠬᠡᠨ ᠪᠠᠶᠢᠭᠤᠯᠣᠯᠲᠠ ᠶᠢᠨ ᠢᠨᠵᠧᠨᠧᠷᠢᠩ ᠤᠨ ᠬᠢᠵᠠᠭᠠᠷᠲᠣ | ᠺᠣᠮᠫᠠᠨᠢ᠂ ᠣᠳᠤᠭ ᠤᠨ ᠡᠮᠦᠨᠡᠲᠦ ᠬᠤᠰᠢᠭᠤᠨ ᠤ ᠰᠢᠨ ᠳ᠋ᠠ ᠪᠦᠲᠦᠬᠡᠨ ᠪᠠᠶᠢᠭᠤᠯᠣᠯᠲᠠ ᠶᠢᠨ ᠢᠨᠵᠧᠨᠧᠷᠢᠩ ᠤᠨ | ᠬᠢᠵᠠᠭᠠᠷᠲᠣ ᠺᠣᠮᠫᠠᠨᠢ ᠂ ᠱᠠᠨᠰᠢ ᠶᠢᠨ ᠦ᠋ ᠬᠤᠸᠠ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠣ ᠺᠣᠮᠫᠠᠨᠢ ᠶᠢᠨ | ᠬᠠᠷᠢᠭᠤᠴᠠᠯᠭᠠᠳᠠᠨ ᠪᠠ ᠬᠤᠰᠢᠭᠤ ᠰᠣᠷᠭᠠᠨ ᠬᠦᠮᠦᠵᠢᠯ ᠪᠡᠶ᠎ᠡ ᠳᠠᠮᠢᠷ ᠤᠨ ᠳᠣᠪᠴᠢᠶ᠎ᠠ᠂ ᠣᠷᠣᠨ ᠰᠠᠭᠤᠴᠠ ᠪᠠ | ᠬᠤᠳᠠ ᠬᠦᠳᠡᠭᠡ ᠶᠢᠨ ᠪᠦᠲᠦᠬᠡᠨ ᠪᠠᠶᠢᠭᠤᠯᠣᠯᠲᠠ ᠶᠢᠨ ᠳᠣᠪᠴᠢᠶᠠᠨ ᠤ ᠬᠠᠷᠢᠭᠤᠴᠠᠯᠭᠠᠳᠠᠨ ᠲᠠᠢ ᠳᠣᠰᠪᠣᠷᠢ ᠬᠡᠷ᠎ᠡ | ᠳᠣᠭᠳᠠᠵᠦ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠪᠠᠶᠠᠨᠴᠢᠮᠡᠭ ᠵᠢᠴᠢ ᠶᠣᠰᠣᠯᠠᠯ ᠳᠤ ᠣᠷᠣᠯᠴᠠᠭᠰᠠᠨ ᠬᠤᠰᠢᠭᠤ | ᠰᠢᠭᠤᠳ ᠬᠠᠷᠢᠶ᠎ᠠ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠳ ᠠᠴᠠ ᠬᠡᠷ᠎ᠡ ᠳᠣᠭᠳᠠᠭᠰᠠᠨ ᠢ ᠬᠡᠷᠡᠴᠢᠯᠡᠪᠡ᠃ | | | |