ᠪᠦᠬᠦ ᠬᠤᠰᠢᠭᠤᠨ ᠤ ᠳᠦᠷᠪᠡᠳᠦᠬᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠠᠬᠢᠭᠤᠯᠣᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-03-22
     3 ᠰᠠᠷ᠎ᠠ ᠶᠢᠨ 18 ᠤ ᠡᠳᠦᠷ ᠪᠦᠬᠦ ᠬᠤᠰᠢᠭᠤᠨ ᠤ ᠳᠦᠷᠪᠡᠳᠦᠬᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠠᠬᠢᠭᠤᠯᠣᠯᠲᠠ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠲᠤ ᠬᠤᠷᠠᠯᠳᠣᠭᠰᠠᠨ ᠪᠠᠶᠢᠨ᠎ᠠ᠃ ᠬᠤᠳᠠ ᠶᠢᠨ ᠳᠤᠭ᠎ᠠ ᠪᠦᠷᠢᠳᠭᠡᠯ ᠤᠨ ᠳᠣᠪᠴᠢᠶᠠᠨ ᠤ ᠳᠡᠳ᠋ ᠪᠠᠶᠢᠴᠠᠭᠠᠨ ᠰᠣᠳᠣᠯᠣᠭᠴᠢ ᠯᠢᠦ ᠴᠦᠨ ᠱᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠹᠧᠢ ᠯᠣ᠋᠂  ᠡᠯ᠎ᠡ ᠰᠣᠮᠣ ᠪᠠᠯᠭᠠᠰᠣᠨ ᠤ ᠬᠤᠯᠪᠣᠭᠳᠠᠯ ᠪᠦᠬᠦᠢ ᠠᠵᠢᠯᠳᠠᠳ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠳᠠᠳ᠂ ᠬᠤᠰᠢᠭᠤᠨ ᠤ ᠳᠦᠷᠪᠡᠳᠦᠬᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠪᠦᠬᠦ ᠵᠢᠭᠠᠨ ᠵᠢᠯᠣᠭᠤᠳᠣᠭᠴᠢ ᠪᠠ ᠠᠵᠢᠯᠳᠠᠳ ᠬᠤᠷᠠᠯ ᠳᠤ ᠣᠷᠣᠯᠴᠠᠵᠦ᠂ ᠵᠧᠦ ᠱᠤᠸᠠᠢ ᠬᠤᠷᠠᠯ ᠡᠷᠬᠢᠯᠡᠪᠡ᠃
    ᠬᠤᠷᠠᠯ ᠳᠡᠭᠡᠷ᠎ᠡ ᠬᠤᠰᠢᠭᠤ ᠳᠤᠭ᠎ᠠ ᠪᠦᠷᠢᠳᠭᠡᠯ ᠤᠨ ᠳᠣᠪᠴᠢᠶᠠᠨ ᠤ ᠬᠠᠷᠢᠭᠤᠴᠠᠯᠭᠠᠳᠠᠨ ᠠᠴᠠ ᠪᠦᠬᠦ ᠬᠤᠰᠢᠭᠤᠨ ᠤ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠪᠠᠶᠢᠳᠠᠯ ᠤᠨ ᠳᠣᠬᠠᠢ ᠨᠡᠶᠢᠳᠡᠯᠡᠵᠦ᠂ ᠳᠠᠷᠠᠭᠠᠴᠢ ᠶᠢᠨ ᠠᠵᠢᠯ ᠳᠤ ᠪᠠᠨ ᠪᠠᠶᠢᠷᠢᠯᠠᠭᠤᠯᠣᠯᠲᠠ ᠬᠢᠪᠡ᠃ ᠬᠤᠳᠠ ᠶᠢᠨ ᠳᠤᠭ᠎ᠠ ᠪᠦᠷᠢᠳᠭᠡᠯ ᠤᠨ ᠳᠣᠪᠴᠢᠶᠠᠨ  ᠤ ᠳᠡᠳ᠋ ᠪᠠᠶᠢᠴᠠᠭᠠᠨ ᠰᠣᠳᠣᠯᠣᠭᠴᠢ ᠯᠢᠦ ᠴᠦᠨ ᠱᠠᠨ ᠠᠴᠠ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠣᠷ ᠬᠢᠬᠦ ᠳᠣᠬᠠᠢ ᠵᠢᠭᠠᠨ ᠵᠢᠯᠣᠭᠤᠳᠪᠠ᠃     ᠵᠣᠣ ᠹᠧᠢ ᠯᠤ᠋ ᠠᠴᠠ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠣᠷ ᠬᠢᠬᠦ ᠳᠣᠬᠠᠢ ᠳᠣᠳᠣᠷᠬᠠᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠃ ᠳᠠᠷᠠ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠳᠡᠭᠡᠭᠰᠢᠯᠡᠬᠦᠯᠵᠦ᠂ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠣᠳᠣᠬᠠᠨ ᠤ ᠳᠡᠷᠢᠬᠦᠨ ᠴᠢᠬᠤᠯᠠ ᠠᠵᠢᠯ ᠤᠨ ᠡᠬᠦᠷᠭᠡ ᠪᠠᠨ ᠪᠣᠯᠭᠠᠵᠦ ᠡᠯ᠎ᠡ ᠱᠠᠳᠣᠨ  ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠣ ᠠᠬᠤᠢ ᠶᠢᠨ ᠪᠠᠶᠢᠳᠠᠯ ᠢ ᠣᠨᠣᠪᠴᠢᠲᠠᠢ ᠣᠶᠢᠯᠠᠭᠠᠵᠦ᠂ ᠬᠦᠭᠵᠢᠯᠲᠡ ᠶᠢᠨ ᠬᠠᠨᠳᠣᠰᠢ ᠶᠢ ᠳᠦᠰᠦᠬᠡᠯᠡᠨ ᠬᠦᠭᠵᠢᠯᠳᠡ ᠶᠢᠨ ᠵᠠᠮ ᠢ ᠰᠦᠪᠡᠭᠴᠢᠯᠡᠬᠦ ᠳᠤ ᠵᠦᠪ ᠣᠨᠣᠪᠴᠢᠲᠠᠢ᠂ ᠪᠣᠳᠠᠳᠠᠢ ᠳᠤ ᠨᠡᠶᠢᠴᠡᠭᠰᠡᠨ᠂ ᠪᠦᠷᠢᠨ ᠲᠦᠬᠦᠷ ᠳᠤᠭ᠎ᠠ ᠪᠠᠷᠢᠮᠳᠠ ᠬᠠᠩᠭᠠᠬᠤ ᠬᠡᠷᠡᠭᠲᠡᠢ᠃ ᠠᠷᠭ᠎ᠠ ᠠᠪᠴᠠᠯ ᠢᠶᠠᠨ ᠦᠬᠡᠷᠡᠴᠢᠯᠡᠨ ᠰᠠᠶᠢᠵᠢᠷᠠᠭᠤᠯᠵᠦ᠂ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢ ᠢᠳᠡᠪᠬᠢᠲᠡᠢ ᠪᠠᠷ ᠣᠬᠠᠭᠤᠯᠵᠦ ᠰᠦᠯᠵᠢᠶ᠎ᠡ᠂ ᠣᠬᠠᠭᠤᠯᠭ᠎ᠠ ᠶᠢᠨ ᠮᠠᠲ᠋ᠧᠷᠢᠶᠠᠯ ᠳᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠣᠬᠠᠭᠤᠯᠭ᠎ᠠ ᠬᠢᠵᠦ᠂ ᠪᠠᠶᠢᠴᠠᠭᠠᠭᠳᠠᠬᠤ ᠡᠳᠡᠬᠡᠳ ᠲᠤ ᠰᠠᠶᠢᠨ ᠣᠶᠢᠯᠠᠭᠠᠭᠤᠯᠵᠦ᠂ ᠳᠡᠳᠡᠨ ᠲᠠᠢ ᠰᠠᠶᠢᠳᠣᠷ ᠬᠠᠷᠢᠯᠴᠠᠨ ᠠᠵᠢᠯ ᠤᠨ ᠡᠬᠦᠷᠭᠡ ᠪᠠᠨ ᠨᠠᠶᠢᠳᠠᠪᠣᠷᠢᠵᠢᠭᠤᠯᠵᠦ᠂ ᠡᠯ᠎ᠡ ᠰᠣᠮᠣ ᠪᠠᠯᠭᠠᠰᠣᠨ ᠤ ᠭᠤᠣᠯ ᠬᠠᠷᠢᠭᠤᠴᠠᠯᠭᠠᠳᠠᠳ ᠨᠡᠶᠢᠳᠡᠮ ᠪᠠᠶᠢᠴᠠᠭᠠᠯᠳᠠ ᠶᠢᠨ ᠠᠵᠢᠯ ᠳᠤ ᠪᠡᠶ᠎ᠡ ᠪᠠᠷ ᠢᠶᠠᠨ ᠣᠷᠣᠯᠴᠠᠨ ᠠᠬᠢᠯᠳᠠ ᠶᠢᠨ ᠪᠠᠶᠢᠳᠠᠯ ᠢ ᠨᠠᠷᠢᠨ ᠣᠶᠢᠯᠠᠭᠠᠵᠦ᠂  ᠠᠵᠢᠯ ᠤᠨ ᠳᠣᠮᠳᠠ ᠣᠷᠣᠰᠢᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠴᠠᠭ ᠳᠣᠬᠠᠢ ᠳᠤᠨᠢ ᠰᠢᠢᠳᠪᠣᠷᠢᠯᠡᠬᠦ ᠬᠡᠷᠡᠭᠲᠡᠢ᠃ ᠬᠤᠰᠢᠭᠤ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠬᠡᠷ ᠠᠴᠠ ᠠᠵᠢᠯ ᠤᠨ ᠵᠢᠯᠣᠭᠤᠳᠣᠯᠭ᠎ᠠ ᠪᠠ ᠵᠣᠬᠢᠴᠠᠭᠤᠯᠤᠯᠳᠠ ᠪᠠᠨ ᠴᠢᠩᠭᠠᠳᠬᠠᠵᠦ ᠵᠠᠩᠬᠢᠯᠠᠭ᠎ᠠ ᠪᠠᠨ ᠠᠳᠬᠤᠨ ᠪᠦᠬᠦ ᠬᠦᠴᠦᠨ ᠢᠶᠠᠷ ᠢᠶᠠᠨ ᠳᠦᠷᠪᠡᠳᠦᠬᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠣᠷ ᠬᠢᠬᠦ ᠬᠡᠷᠡᠭᠲᠡᠢ ᠬᠡᠪᠡ᠃     ᠵᠧᠦ ᠱᠤᠸᠠᠢ ᠠᠴᠠ ᠴᠢᠬᠤᠯᠠᠴᠢᠯᠠᠬᠤ ᠳᠠᠭᠠᠨ᠂ ᠳᠣᠰ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠳᠣᠭᠤᠰᠢᠯᠠᠭᠤᠯᠵᠣ᠂ ᠣᠷᠣᠰᠢᠵᠦ ᠪᠠᠶᠢᠭ᠎ᠠ ᠠᠰᠠᠭᠤᠳᠠᠯ ᠢ ᠵᠦᠪ ᠣᠨᠣᠪᠴᠢᠳᠠᠢ ᠣᠶᠢᠯᠠᠭᠠᠨ ᠬᠠᠣᠯᠢ ᠶᠣᠰᠣᠭᠠᠷ ᠨᠡᠶᠢᠳᠡᠮ ᠪᠠᠶᠢᠴᠠᠭᠠᠯᠳᠠ ᠬᠢᠵᠦ᠂ ᠳᠤᠭ᠎ᠠ ᠪᠠᠷᠢᠮᠳᠠ ᠵᠦᠪ ᠣᠨᠣᠪᠴᠢᠳᠠᠢ ᠪᠠᠶᠢᠬᠤ ᠶᠢ ᠪᠠᠳᠣᠯᠠᠨ ᠴᠠᠭ ᠳᠣᠬᠠᠢ ᠳᠤᠨᠢ ᠡᠮᠬᠢᠳᠬᠡᠵᠤ᠂ ᠳᠣᠰᠬᠠᠵᠦ᠂ ᠰᠢᠢᠳᠪᠣᠷᠢᠯᠡᠨ ᠠᠵᠢᠯ ᠤᠨ ᠠᠬᠢᠴᠠ ᠶᠢ ᠳᠦᠷᠭᠡᠳᠬᠡᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠵᠢᠴᠢ ᠪᠦᠬᠦ ᠵᠢᠭᠠᠨ ᠵᠢᠯᠣᠭᠤᠳᠣᠭᠴᠢ᠂ ᠠᠵᠢᠯᠳᠠᠳ ᠳᠣᠰ ᠠᠵᠢᠯ ᠢ ᠣᠳᠣᠬᠠᠨ  ᠤ ᠭᠤᠣᠯᠳᠠᠯᠭᠠᠳᠣ ᠠᠵᠢᠯ ᠪᠣᠯᠭᠠᠨ ᠠᠳᠬᠤᠵᠣ᠂ ᠠᠵᠢᠯ ᠤᠨ ᠬᠦᠴᠦᠯᠡᠴᠡ ᠪᠠᠨ ᠣᠯᠠᠮ ᠨᠢᠬᠡ ᠠᠯᠬᠤᠮ ᠴᠢᠩᠭᠠᠳᠬᠠᠨ ᠰᠠᠶᠢᠳᠣᠷ ᠬᠢᠬᠦ ᠬᠡᠷᠡᠭᠳᠡᠢ᠃ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠵᠦ᠂ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠬᠡᠷ ᠤᠨ ᠬᠢᠨ ᠵᠣᠬᠢᠶᠠᠨ ᠪᠠᠶᠢᠭᠤᠯᠵᠦ ᠵᠣᠬᠢᠴᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠣᠨ ᠨᠡᠶᠢᠳᠡᠮ ᠪᠠᠶᠢᠴᠠᠭᠠᠯᠳᠠ ᠶᠢᠨ ᠠᠵᠢᠯ ᠢ ᠴᠠᠭ ᠲᠠᠭᠠᠨ᠂ ᠴᠢᠨᠠᠷ ᠰᠠᠶᠢᠳᠠᠢ ᠪᠡᠶᠡᠯᠡᠬᠦᠯᠬᠦ ᠶᠢ ᠪᠠᠳᠣᠯᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号