ᠮᠠᠨ ᠤ ᠬᠤᠰᠢᠭᠤ ︽3.15︾ ᠤ ᠲᠡᠯᠡᠭᠡᠢ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2019-03-22
     3 ᠰᠠᠷ᠎ᠠ ᠶᠢᠨ 15 ᠤ ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠡᠳᠣᠷ ᠬᠦᠷᠴᠣ ᠢᠷᠡᠬᠦ ᠪᠠᠷ ᠮᠠᠨ  ᠤ ᠬᠤᠰᠢᠭᠤᠨ ᠤ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠣᠯᠳᠠ ᠶᠢᠨ ᠳᠣᠪᠴᠢᠶ᠎ᠠ ᠨᠢ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠠᠨᠳᠣ ᠶᠢᠨ ᠵᠦᠪᠯᠡᠯ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠲᠠᠢ ᠬᠠᠮᠳᠣᠷᠠᠨ ᠭᠠᠯᠠᠭᠤᠳᠣ ᠪᠠᠯᠭᠠᠰᠣᠨ  ᠤ ᠬᠤᠭ ᠨᠣᠪᠰᠢ ᠢ ᠰᠢᠢᠳᠪᠦᠷᠢᠯᠡᠬᠦ ᠣᠶᠢᠯᠡᠳᠪᠣᠷᠢ ᠳᠤ ᠬᠤᠳᠠᠯ ᠬᠠᠭᠤᠷᠠᠮᠠᠭ᠂ ᠬᠠᠭᠤᠴᠢᠷᠠᠭᠰᠠᠨ ᠪᠡᠷᠠᠭ᠎ᠠ ᠳᠠᠸᠡᠷ᠂ ᠢᠳᠡᠭᠡᠨ ᠣᠮᠳᠠᠭᠠᠨ ᠢ ᠳᠦᠪᠯᠡᠷᠡᠭᠦᠯᠣᠨ ᠰᠢᠳᠠᠭᠠᠨ ᠣᠰᠠᠳᠬᠠᠬᠤ ᠠᠵᠢᠯᠯᠠᠭ᠎ᠠ ᠦᠷᠨᠢᠬᠦᠯᠪᠡ᠃      ᠡᠨ᠋ᠨ ᠣᠳᠠᠭᠠᠨ ᠤ ᠠᠵᠢᠯᠯᠠᠭ᠎ᠠ ᠳᠤ ᠬᠤᠳᠠᠯ ᠬᠠᠭᠤᠷᠠᠮᠠᠭ᠂ ᠴᠠᠭ ᠬᠤᠭᠤᠴᠠᠭ᠎ᠠ ᠨᠢ ᠣᠳᠠᠵᠣ ᠬᠠᠭᠤᠴᠢᠷᠠᠭᠰᠠᠨ ᠢᠳᠡᠭᠡᠨ ᠣᠮᠳᠠᠭᠠᠨ᠂ ᠡᠮ ᠤᠨ ᠵᠣᠶᠢᠯ᠂ ᠡᠮ ᠡᠮᠨᠡᠯᠬᠡ ᠶᠢᠨ ᠪᠠᠭᠠᠵᠢ ᠭᠡᠷᠡᠭᠰᠡᠯ᠂ ᠭᠤᠶᠣᠯᠡᠯ ᠤᠨ ᠡᠳ᠋᠂ ᠠᠷᠢᠬᠢ ᠲᠠᠮᠠᠬᠢ᠂ ᠬᠤᠪᠴᠠᠰᠣ ᠬᠤᠨᠠᠷ ᠵᠡᠷᠭᠡ ᠣᠯᠠᠨ ᠳᠦᠮᠡᠨ ᠤ ᠡᠳᠣᠷ ᠳᠣᠳᠣᠮ ᠤ ᠠᠮᠢᠳᠣᠷᠠᠯ ᠳᠣᠮᠳᠠ ᠭᠡᠷᠡᠭᠰᠡᠭᠳᠡᠬᠦ 40 ᠭᠠᠷᠣᠢ ᠶᠡᠭᠡ ᠳᠦᠷᠣᠯ ᠤᠨ 7 ᠳᠦᠮᠡᠨ ᠭᠠᠷᠣᠢ ᠳᠦᠬᠦᠷᠢᠭ ᠤᠨ ᠪᠡᠷᠠᠭ᠎ᠠ ᠲᠠᠸᠡᠷ ᠢ ᠰᠢᠲᠠᠭᠠᠵᠤ ᠣᠰᠠᠳᠬᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠮᠠᠨ ᠤ ᠬᠤᠰᠢᠭᠤ ᠨᠢ ᠡᠨ᠋ᠨ ᠵᠢᠯ ᠤᠨ 3 ᠰᠠᠷ᠎ᠠ ᠶᠢᠨ 15 ᠤ ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠡᠳᠣᠷ ᠤᠨ ᠠᠵᠢᠯᠯᠠᠭ᠎ᠠ ᠳᠠᠭᠠᠨ ᠢᠳᠡᠭᠡᠨ ᠣᠮᠳᠠᠭᠠᠨ ᠤ ᠠᠮᠤᠷ ᠲᠦᠪᠰᠢᠨ ᠤ ᠪᠠᠶᠢᠴᠠᠭᠠᠯᠳᠠ ᠬᠢᠬᠦ᠂ ᠬᠤᠳᠠᠯ ᠬᠠᠭᠤᠷᠮᠠᠭ ᠪᠠᠷᠠᠭ᠎ᠠ ᠶᠢ ᠳᠠᠯᠬᠡᠨ ᠦᠵᠡᠬᠦᠯᠬᠦ᠂ ᠢᠳᠡᠬᠡᠨ ᠣᠮᠳᠠᠭᠠᠨ ᠳᠤ ᠳᠦᠷᠬᠡᠨ ᠪᠠᠶᠢᠴᠠᠭᠠᠯᠳᠠ ᠬᠢᠬᠦ᠂ ᠬᠤᠳᠠᠯ ᠬᠠᠭᠤᠷᠮᠠᠭ ᠪᠠᠷᠠᠭ᠎ᠠ ᠳᠠᠸᠡᠷ ᠢ ᠳᠦᠪᠯᠡᠷᠡᠭᠦᠯᠣᠨ ᠣᠰᠠᠳᠬᠠᠬᠤ ᠵᠡᠷᠭᠡ ᠰᠢᠷᠢᠰ ᠠᠵᠢᠯᠠᠭ᠎ᠠ ᠦᠷᠨᠢᠬᠦᠯᠵᠣ ᠭᠡᠷᠡᠭᠯᠡᠭᠴᠢᠳ ᠲᠤ ᠰᠠᠨᠠᠭ᠎ᠠ ᠠᠮᠣᠷ ᠠᠶᠣᠯᠬᠦᠢ ᠣᠷᠴᠢᠨ ᠢ ᠬᠠᠨᠭ᠍ᠭᠠᠵᠣ ᠬᠡᠷᠡᠭᠯᠡᠭᠴᠢᠳ ᠤᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号