ᠬᠤᠰᠢᠭᠤ ᠬᠢᠨᠠᠨ ᠪᠣᠳᠣᠬᠤ ᠲᠤᠪᠴᠢᠶ᠎ᠠ ᠬᠢᠨᠠᠨ ᠪᠣᠳᠣᠯᠲᠠ ᠶᠢᠨ ᠡᠩᠨᠡᠭᠡᠨ ᠤ ᠪᠠᠶᠢᠭᠤᠯᠣᠯᠲᠠ ᠶᠢ ᠴᠢᠩᠭ᠎ᠠ ᠠᠳᠬᠤᠬᠤ ᠪᠣᠢ
ᠨᠡᠶᠢᠲᠡᠯᠡᠭᠰᠡᠨ ᠴᠠᠭ᠄
2019-03-22
     ᠡᠨᠡ ᠵᠢᠯ ᠠᠴᠠ ᠡᠬᠢᠯᠡᠨ ᠬᠤᠰᠢᠭᠤ ᠬᠢᠨᠠᠨ ᠪᠤᠳᠤᠬᠤ ᠲᠤᠪᠴᠢᠶ᠎ᠠ ᠰᠤᠷᠤᠯᠴᠠᠯᠭ᠎ᠠ ᠪᠠᠨ ᠴᠢᠩᠭᠠᠳᠬᠠᠨ ᠴᠢᠳᠠᠪᠤᠷᠢ ᠪᠠᠨ ᠲᠡᠭᠡᠭᠰᠢᠯᠡᠬᠦᠯᠵᠤ ᠬᠢᠨᠠᠨ ᠪᠤᠳᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ ᠪᠠᠶᠢᠨ᠎ᠠ᠃      ᠨᠢᠭᠡ ᠳᠤ᠂ ᠬᠦᠰᠡᠯᠡᠩ ᠪᠠ ᠢᠲᠡᠭᠡᠯ ᠵᠣᠷᠢᠭ ᠢᠶᠠᠨ ᠪᠠᠲᠤᠳᠬᠠᠵᠤ ᠪᠠᠶᠢᠨ᠎ᠠ᠃ ᠴᠠᠭᠠᠨ ᠰᠠᠷ᠎ᠠ ᠠᠴᠠ ᠡᠬᠢᠯᠡᠨ ᠬᠤᠰᠢᠭᠤ ᠬᠢᠨᠠᠨ ᠪᠤᠳᠤᠬᠤ ᠲᠤᠪᠴᠢᠶ᠎ᠠ ᠪᠦᠬᠦ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠤᠨ ︽ᠡᠷᠳᠡᠮ ᠴᠢᠳᠠᠪᠣᠷᠢ ᠪᠠᠨ ᠴᠢᠩᠭᠠᠳᠬᠠᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠤ ᠰᠠᠭᠤᠷᠢ ᠪᠠᠨ ᠪᠠᠬᠢᠵᠢᠬᠦᠯᠬᠦ︾ ᠭᠤᠣᠯ ᠰᠡᠳᠣᠪᠲᠤ ᠰᠤᠷᠤᠯᠴᠠᠨ ᠰᠤᠳᠤᠯᠬᠤ ᠠᠵᠢᠯᠯᠠᠭ᠎ᠠ ᠦᠷᠨᠢᠭᠦᠯᠵᠤ ︽ᠰᠣᠷᠣᠯᠴᠠᠯᠭ᠎ᠠ  ᠪᠠᠷ ᠤᠯᠤᠰ ᠢᠶᠠᠨ ᠬᠦᠴᠣᠷᠬᠡᠭᠵᠢᠭᠦᠯᠬᠦ︾ APP ᠶᠢ ᠰᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠰᠤᠷᠤᠯᠴᠠᠯᠭ᠎ᠠ ᠪᠠᠨ ᠴᠢᠩᠭᠠᠳᠬᠠᠵᠤ ᠤᠯᠤᠰ ᠲᠦᠷᠤ ᠶᠢᠨ ᠵᠤᠭᠰᠤᠴᠠ ᠪᠠᠨ ᠳᠡᠭᠡᠭᠰᠢᠯᠡᠭᠦᠯᠦᠨ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠠᠷᠢᠮᠳᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ ︽ᠲᠦᠷᠪᠡᠨ ᠢᠲᠡᠭᠡᠯ︾ ᠢ ᠪᠠᠳᠣᠳᠬᠠᠵᠤ ᠤᠯᠤᠰ ᠲᠦᠷᠣ ᠶᠢᠨ ᠬᠠᠷᠢᠭᠤᠴᠠᠯᠭᠠᠲᠤ ᠰᠡᠳᠬᠢᠯᠭᠡ᠂ ᠲᠡᠤᠬᠡᠨ ᠡᠭᠦᠷᠭᠡ ᠲᠤᠰᠢᠶᠠᠯᠳᠤ ᠰᠡᠳᠬᠢᠯᠭᠡ ᠪᠠ ᠠᠵᠢᠯ ᠮᠡᠷᠭᠡᠵᠢᠯ ᠤᠨ ᠢᠷᠠᠭᠤ ᠠᠯᠲᠠᠷ ᠤᠨ ᠰᠡᠳᠬᠢᠯᠭᠡ ᠲᠠᠢ ᠪᠠᠶᠢᠵᠤ ᠬᠢᠨᠠᠨ ᠪᠣᠳᠣᠯᠲᠠ ᠳᠤ ᠬᠢᠨᠠᠯᠲᠠ ᠲᠠᠯᠪᠢᠬᠤ ᠲᠣᠰᠢᠶᠠᠯ ᠬᠠᠷᠢᠭᠤᠴᠠᠯᠭ᠎ᠠ ᠪᠠᠨ ᠦᠨᠡᠨ ᠬᠦ ᠴᠢᠷᠮᠠᠶᠢᠨ ᠭᠦᠢᠴᠡᠳᠭᠡᠵᠤ ᠪᠠᠶᠢᠨ᠎ᠠ᠃      ᠬᠤᠶᠠᠷ ᠲᠤ᠂ ᠴᠢᠳᠠᠪᠣᠷᠢ ᠪᠠᠨ ᠦᠨᠡᠨᠬᠦ ᠲᠡᠭᠡᠭᠰᠢᠯᠡᠬᠦᠯᠵᠤ ᠪᠠᠶᠢᠨ᠎ᠠ᠃ ᠨᠢᠭᠡ ᠭᠠᠷᠠᠭ ᠤᠨ ᠲᠦᠪᠯᠡᠷᠡᠭᠦᠯᠤᠨ ᠰᠣᠷᠣᠯᠴᠠᠯᠭ᠎ᠠ ᠶᠢ ᠡᠷᠬᠢᠯᠡᠵᠤ ᠨᠠᠮ ᠤᠨ ᠪᠠᠶᠢᠭᠤᠯᠤᠯᠲᠠ ᠶᠢᠨ ᠮᠡᠳᠡᠯᠭᠡ᠂ ᠲᠤᠬᠠᠶᠢᠯᠠᠭᠰᠠᠨ ᠠᠵᠢᠯ ᠤᠨ ᠮᠡᠳᠡᠯᠭᠡ ᠂ ᠺᠣᠮᠫᠢᠦ᠋ᠲ᠋ᠧᠷ ᠤᠨ ᠬᠢᠨᠠᠨ ᠪᠣᠳᠣᠬᠤ ᠠᠷᠭ᠎ᠠ᠂ ᠡᠳᠤᠷ ᠲᠤᠳᠤᠮ ᠤᠨ ᠠᠯᠪᠠᠨ ᠪᠢᠴᠢᠭ ᠤᠨ ᠬᠡᠯᠪᠡᠷᠢᠵᠢᠯ ᠤᠨ ᠲᠠᠶᠢᠯᠤᠮᠵᠢ ᠵᠡᠷᠭᠡ ᠶᠢ ᠨᠠᠷᠢᠨ ᠬᠢᠨᠠᠮᠠᠭᠠᠢ ᠰᠤᠷᠤᠯᠴᠠᠨ ᠲᠡᠮᠳᠡᠭᠯᠡᠯ ᠬᠢᠵᠤ ᠠᠵᠢᠯ ᠤᠨ ᠴᠢᠯᠤᠭᠡᠨ ᠳᠤ ᠲᠠᠰᠤᠷᠠᠯᠲᠠ ᠦᠭᠡᠢ ᠰᠤᠷᠤᠯᠴᠠᠨ ᠦᠪᠡᠷ ᠢ ᠪᠠᠨ ᠳᠡᠭᠡᠭᠰᠢᠯᠡᠭᠦᠯᠵᠤ ᠲᠤᠰᠬᠠᠢ ᠮᠡᠷᠭᠡᠵᠢᠯ ᠤᠨ ᠴᠢᠳᠠᠪᠣᠷᠢ ᠪᠠᠨ ᠪᠠᠬᠢᠵᠢᠭᠦᠯᠦᠨ ᠬᠠᠤᠯᠢ ᠴᠠᠭᠠᠵᠠ᠂ ᠠᠵᠤ ᠠᠬᠤᠢ᠂ ᠡᠳ᠋ ᠤᠨ ᠶᠠᠪᠣᠳᠠᠯ᠂ ᠢᠨᠵᠧᠨᠧᠷᠢᠩ ᠪᠠ ᠬᠠᠮᠢᠶᠠᠷᠤᠯᠲᠠ ᠵᠡᠷᠭᠡ ᠣᠯᠠᠨ ᠲᠠᠯ᠎ᠠ ᠶᠢᠨ ᠮᠡᠳᠡᠯᠭᠡ ᠶᠢ ᠡᠵᠡᠮᠰᠢᠵᠤ ᠲᠤᠮᠤ ᠳ᠋ᠠᠶᠢᠲ᠋ᠠ ᠶᠢᠨ ᠬᠢᠨᠠᠨ ᠪᠣᠳᠣᠬᠤ ᠮᠡᠳᠡᠯᠭᠡ ᠪᠣᠯᠣᠨ ᠤᠷ᠎ᠠ ᠴᠢᠳᠠᠪᠤᠷᠢ ᠶᠢ ᠰᠣᠷᠣᠯᠴᠠᠨ ᠬᠢᠨᠠᠨ ᠪᠣᠳᠣᠬᠤ ᠺᠠᠳ᠋ᠷ ᠤᠨ ᠦᠨᠳᠣᠰᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠬᠢᠨᠠᠨ ᠪᠣᠳᠣᠬᠤ ᠠᠵᠢᠯ ᠤᠨ ᠦᠷ᠎ᠡ ᠠᠰᠢᠭ ᠢ ᠴᠢᠷᠮᠠᠶᠢᠨ ᠨᠡᠮᠡᠭᠳᠡᠬᠦᠯᠵᠤ ᠪᠠᠶᠢᠨ᠎ᠠ᠃      ᠭᠤᠷᠪᠡ ᠳᠤ᠂ ᠬᠢᠨᠠᠨ ᠪᠣᠳᠣᠬᠤ ᠠᠵᠢᠯ ᠢ ᠤᠬᠠᠮᠰᠠᠷ ᠠᠴᠠ ᠪᠠᠨ ᠠᠷᠢᠭᠤᠨ ᠴᠢᠭᠡᠴᠢ ᠪᠠᠷ ᠬᠢᠵᠤ ᠪᠠᠶᠢᠨ᠎ᠠ᠃ ᠤᠭ ᠰᠠᠨᠠᠭ᠎ᠠ ᠪᠠᠨ ᠦᠯᠤ ᠮᠠᠷᠳᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠨ ᠬᠢᠨᠠᠨ ᠪᠣᠳᠣᠬᠤ ᠺᠠᠳ᠋ᠷ ᠲᠤ ᠬᠤᠷᠢᠭ᠎ᠠ ᠱᠤᠭᠤᠮ ᠤᠨ ᠰᠡᠳᠬᠢᠬᠦᠢ ᠶᠢ ᠪᠣᠢ ᠪᠣᠯᠭᠠᠵᠤ  ᠬᠢᠨᠠᠨ ᠪᠣᠳᠣᠬᠤ ︽ᠲᠦᠷᠪᠡᠨ ᠴᠢᠩᠭ᠎ᠠ︾ ᠠᠵᠢᠯ ᠤᠨ ᠱᠠᠭᠠᠷᠳᠠᠯᠭ᠎ᠠ ᠪᠣᠯᠣᠨ ︽ᠨᠠᠢᠮᠠᠨ ᠪᠤᠯᠬᠤ ᠦᠭᠡᠢ︾ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠤᠬᠠᠮᠰᠠᠷ ᠠᠴᠠ ᠪᠠᠨ ᠡᠯ᠎ᠡ ᠲᠠᠯ᠎ᠠ ᠶᠢᠨ ᠬᠢᠨᠠᠯᠲᠠ ᠶᠢ ᠬᠢᠴᠢᠶᠡᠩᠭᠦᠢ ᠬᠦᠯᠢᠶᠡᠵᠤ ᠪᠠᠶᠢᠨ᠎ᠠ᠃ ᠲᠤᠪᠴᠢᠶᠠᠨ ᠤ ᠨᠠᠮ ᠤᠨ ᠤᠳᠣᠷᠢᠳᠬᠤ ᠲᠤᠭᠤᠶᠢᠯᠠᠩ ᠠᠴᠠ ︽ᠬᠡᠯᠪᠡᠷᠢ ᠶᠢᠨ ᠦᠵᠡᠯ ᠨᠣᠶᠠᠨᠴᠢ ᠦᠵᠡᠯ ᠢ ᠭᠦᠨᠵᠡᠭᠡᠢ ᠴᠡᠭᠴᠡᠯᠡᠨ ᠵᠠᠰᠠᠬᠤ ᠲᠤᠬᠠᠢ ᠬᠡᠷᠡᠭᠵᠢᠭᠦᠯᠬᠦ ᠲᠦᠰᠦᠯ︾ ᠵᠡᠷᠭᠡ ᠶᠢ ᠲᠠᠷᠤᠮᠠᠯᠯᠠᠨ ᠳᠠᠷᠬᠠᠭᠠᠵᠤ ᠺᠠᠳ᠋ᠷ ᠠᠵᠢᠯᠲᠠᠨ ᠤ ᠰᠣᠷᠲᠠᠯ ᠢ ᠲᠠᠰᠤᠷᠠᠯᠲᠠ ᠦᠭᠡᠢ ᠰᠠᠶᠢᠵᠢᠷᠠᠭᠤᠯᠵᠤ ᠪᠠᠶᠢᠨ᠎ᠠ᠃ ᠬᠢᠨᠠᠨ ᠪᠣᠳᠣᠬᠤ ᠲᠦᠷᠤᠯ ᠵᠦᠢᠯ ᠢᠶᠠᠨ ᠬᠢᠵᠤ ᠳᠠᠭᠤᠰᠬᠠᠭᠰᠠᠨ ᠤ ᠳᠠᠷᠠᠭ᠎ᠠ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠪᠡᠶᠡᠴᠢ ᠴᠤᠭᠴᠠ ᠶᠢᠨ ᠬᠠᠷᠢᠭᠤᠴᠠᠯᠭ᠎ᠠ ᠪᠣᠯᠣᠨ ᠬᠢᠨᠠᠨ ᠪᠣᠳᠣᠬᠤ ᠲᠤᠭᠤᠶᠢᠯᠠᠩ ᠤᠨ ᠠᠷᠢᠭᠤᠨ ᠴᠢᠭᠡᠴᠢ ᠪᠠᠷ ᠦᠪᠡᠷ ᠢ ᠪᠠᠨ ᠱᠠᠭᠠᠷᠳᠠᠭᠰᠠᠨ ᠪᠠᠶᠢᠳᠠᠯ ᠤᠨ ᠲᠤᠬᠠᠢ ᠮᠡᠳᠡᠭᠦᠯᠣᠯᠲᠠ ᠶᠢ ᠪᠢᠴᠢᠵᠦ ᠬᠢᠨᠠᠨ ᠪᠣᠳᠣᠬᠤ ᠪᠦᠬᠦ ᠶᠠᠪᠣᠴᠠ ᠠᠷᠢᠭᠤᠨ ᠴᠢᠭᠡᠴᠢ ᠰᠤᠷᠳᠠᠯ ᠲᠦᠪ ᠪᠠᠶᠢᠬᠤ ᠶᠢ ᠪᠠᠳᠤᠯᠠᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠢᠨᠠᠨ ᠪᠤᠳᠤᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号