ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠤ ᠭᠡᠷᠡᠭ ᠢ ᠵᠦᠪᠯᠡᠨ ᠵᠤᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-03-22
     3 ᠰᠠᠷ᠎ᠠ ᠶᠢᠨ 17 ᠤ ᠡᠳᠤᠷ᠂ ᠡᠷᠳᠡᠨᠢᠪᠢᠯᠢᠭ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠤ ᠭᠡᠷᠡᠭ ᠢ ᠵᠦᠪᠯᠡᠨ ᠵᠤᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ  ᠤᠨ ᠬᠤᠷᠢᠶ᠎ᠠ ᠶᠢᠨ ᠲᠡᠳ᠋ ᠱᠦᠵᠢ ᠬᠤᠰᠢᠭᠤ ᠤᠷᠤᠯᠠᠭᠴᠢ ᠲᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠤ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠭᠡᠷ  ᠲᠡᠭᠡᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠡᠯ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ︵ᠬᠦᠷᠢᠶᠡᠯᠡᠩ ᠲᠤᠭᠤᠷᠢᠭ︶᠂ ᠰᠤᠮᠤ ᠪᠠᠯᠭᠠᠰᠤ᠂ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
     ᠬᠤᠷᠠᠯ ᠠᠴᠠ ᠬᠤᠰᠢᠭᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ᠂ ᠬᠢᠨᠠᠨ ᠪᠤᠳᠤᠬᠤ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ᠂ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ᠂ ᠡᠳ᠋ ᠤᠨ ᠵᠠᠰᠠᠭ ᠤᠨ ᠠᠵᠤ ᠠᠬᠤᠢ ᠵᠡᠷᠭᠡ ᠲᠠᠪᠤᠨ ᠬᠤᠷᠢᠶ᠎ᠠ ᠶᠢᠨ ᠠᠯᠪᠠᠨ ᠭᠡᠷ ᠵᠢᠴᠢ ᠬᠤᠰᠢᠭᠤ ᠨᠠᠮ ᠤᠨ ᠬᠤᠷᠢᠶ᠎ᠠ ᠶᠢᠨ ᠰᠤᠷᠭᠠᠨ ᠬᠦᠮᠦᠵᠢᠯ᠂ ᠬᠦᠳᠡᠭᠡ ᠲᠤᠰᠬᠤᠨ ᠮᠠᠯᠵᠢᠬᠤ ᠤᠷᠤᠨ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠭᠤᠷᠪᠠᠨ ᠤᠳᠤᠷᠢᠳᠬᠤ ᠲᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠳᠠ ᠶᠢ ᠰᠤᠨᠤᠰᠬᠤ ᠶᠢᠨ ᠬᠠᠮᠲᠤ ᠪᠦᠬᠦ ᠤᠯᠤᠰ ᠤᠨ ᠬᠤᠰᠢᠭᠤ ᠰᠢᠶᠠᠨ ᠤ ᠲᠡᠰ ᠤᠨ ᠪᠤᠯᠪᠠᠰᠤᠨ ᠬᠤᠰᠢᠭᠤ ᠶᠢᠨ ᠡᠬᠦᠳᠦᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠲᠦᠪ ᠤᠨ ᠪᠦᠳᠦᠭᠡᠨ ᠪᠠᠶᠢᠭᠤᠯᠤᠯᠳᠠ᠂ ᠲᠦᠪ ᠤᠨ ᠶᠠᠳᠠᠭᠤ ᠶᠢ ᠲᠡᠳᠬᠦᠬᠦ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠲᠤᠮᠳᠠ ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠠᠵᠢᠯ  ᠤᠨ ᠬᠠᠷᠢᠭᠤ ᠮᠡᠳᠡᠭᠦᠯᠦᠯᠳᠠ ᠶᠢ ᠲᠤᠰᠬᠠᠢ ᠰᠤᠨᠤᠰᠪᠠ᠃      ᠡᠷᠳᠡᠨᠢᠪᠢᠯᠢᠭ ᠴᠢᠬᠤᠯᠠᠴᠢᠯᠠᠬᠤ ᠳᠠᠭᠠᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠤ ᠭᠡᠷᠡᠭ ᠢ ᠵᠦᠪᠯᠡᠨ ᠵᠤᠬᠢᠴᠠᠭᠤᠯᠬᠤ ᠪᠠᠶᠢᠭᠤᠯᠤᠮᠵᠢ ᠶᠢ ᠡᠭᠦᠰᠭᠡᠨ ᠪᠠᠶᠢᠭᠤᠯᠬᠤ ᠪᠠ ᠲᠤᠬᠢᠷᠠᠭᠤᠯᠤᠨ ᠰᠢᠯᠢᠳᠡᠭᠵᠢᠭᠦᠯᠦᠭᠰᠡᠨ ᠨᠢ ᠨᠠᠮ ᠤᠨ ᠤᠳᠤᠷᠢᠳᠤᠯᠭ᠎ᠠ ᠶᠢ ᠲᠦᠪᠯᠡᠷᠡᠭᠦᠯᠦᠨ ᠨᠢᠭᠡᠳᠭᠡᠬᠦ ᠶᠢᠨ ᠪᠤᠳᠠᠳᠤ ᠭᠡᠷᠡᠭᠴᠡᠭᠡ ᠪᠤᠯᠬᠤ ᠪᠦᠭᠡᠳ ᠨᠠᠮ ᠪᠠ ᠤᠯᠤᠰ ᠤᠨ ᠴᠢᠬᠤᠯᠨ ᠲᠤᠮᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠳᠤ ᠦᠢᠯᠡᠴᠢᠯᠡᠬᠦ ᠶᠢᠨ ᠵᠠᠶᠢᠯᠠᠰᠢ ᠦᠭᠡᠢ ᠰᠤᠩᠭᠤᠯᠳᠠ ᠪᠠᠶᠢᠵᠤ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠭᠦᠭᠵᠢᠯᠳᠠ ᠶᠢ ᠠᠬᠢᠭᠤᠯᠬᠤ  ᠶᠢᠨ ᠵᠠᠩᠭᠢᠯᠠᠭ᠎ᠠ ᠶᠢᠨ ᠠᠷᠭ᠎ᠠ ᠭᠡᠮᠵᠢᠶ᠎ᠡ ᠪᠤᠯᠬᠤ ᠤᠴᠢᠷ ᠠᠴᠠ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠤᠯᠤᠰ ᠲᠦᠷᠤ ᠶᠢᠨ ᠵᠤᠭᠰᠤᠴᠨ ᠪᠠᠨ ᠲᠡᠭᠡᠭᠰᠢᠯᠡᠬᠦᠯᠦᠨ ᠰᠢᠨ᠎ᠡ ᠪᠠᠷ ᠪᠠᠶᠢᠭᠤᠯᠤᠨ ᠰᠢᠯᠢᠳᠡᠭᠵᠢᠭᠦᠯᠦᠭᠰᠠᠨ ᠡᠯ᠎ᠡ ᠭᠡᠷᠡᠭ ᠢ ᠵᠦᠪᠯᠡᠨ ᠵᠤᠬᠢᠴᠠᠭᠤᠯᠬᠤ ᠪᠠᠶᠢᠭᠤᠯᠤᠮᠵᠢ ᠶᠢᠨ ᠴᠢᠬᠤᠯᠨ ᠠᠴᠢ ᠬᠤᠯᠪᠤᠭᠳᠠᠯ ᠢ ᠬᠦᠢᠴᠡᠳ ᠲᠠᠨᠢᠵᠤ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠳᠤᠳᠠᠢ ᠬᠢᠨ ᠰᠢᠨᠵᠢᠯᠡᠬᠦ ᠤᠬᠠᠭᠠᠨᠴᠢ ᠲᠦᠷᠢᠮᠵᠢᠯ ᠶᠢ ᠪᠦᠷᠢᠯᠳᠦᠭᠦᠯᠤᠨ ᠦᠨᠳᠦᠷ ᠦᠷ᠎ᠡ ᠪᠦᠳᠦᠮᠵᠢᠳᠤ ᠪᠠᠶᠢᠭᠤᠯᠤᠮᠵᠢ ᠶᠢᠨ ᠴᠢᠳᠠᠪᠬᠢ ᠶᠢᠨ ᠰᠢᠰᠲ᠋ᠧᠮ ᠢ ᠬᠠᠮᠵᠢᠯᠴᠠᠭᠤᠯᠵᠤ ᠡᠯ᠎ᠡ ᠲᠦᠷᠦᠯ  ᠤᠨ ᠠᠵᠢᠯ ᠤᠨ ᠤᠷᠤᠭᠰᠢᠳᠠᠢ ᠦᠨᠳᠦᠷ ᠦᠷ᠎ᠡ ᠪᠦᠳᠦᠮᠵᠢ ᠤᠯᠬᠤ ᠶᠢ ᠪᠠᠳᠤᠯᠠᠨ ᠡᠯ᠎ᠡ ᠠᠵᠢᠯ ᠲᠦᠷᠦᠯ ᠤᠨ ᠪᠦᠬᠦ ᠲᠠᠯ᠎ᠠ ᠶᠢᠨ ᠬᠦᠭᠵᠢᠯᠳᠠ ᠶᠢ ᠠᠬᠢᠭᠤᠯᠬᠤ ᠭᠡᠷᠡᠭᠳᠡᠢ ᠭᠡᠪᠡ᠃      ᠡᠷᠳᠡᠨᠢᠪᠢᠯᠢᠭ ᠱᠠᠭᠠᠷᠳᠠᠬᠤ ᠳᠤ ᠪᠠᠨ᠂ ᠡᠯ᠎ᠡ ᠭᠡᠷᠡᠭ ᠵᠦᠪᠯᠡᠬᠦ ᠪᠠᠶᠢᠭᠤᠯᠤᠮᠵᠢ ᠨᠢ ᠲᠠᠷᠤᠢ ᠲᠦᠷᠭᠡᠨ ᠬᠦᠳᠡᠯᠦᠯᠴᠡᠵᠤ ᠰᠠᠨᠠᠭᠠᠴᠢᠯᠠᠭ᠎ᠠ ᠲᠠᠢ ᠪᠠᠷ ᠠᠵᠢᠯᠯᠠᠨ ᠤᠨᠤᠯ ᠤᠨ ᠰᠤᠷᠤᠯᠴᠠᠯᠭ᠎ᠠ ᠪᠠᠨ ᠴᠢᠬᠤᠯᠠᠴᠢᠯᠠᠨ ᠠᠵᠢᠯ ᠤᠨ ᠴᠢᠭᠯᠡᠯ ᠢᠶᠠᠨ ᠵᠦᠪ ᠡᠵᠡᠮᠳᠡᠵᠤ᠂ ᠦᠢᠯᠡᠳᠦᠯ ᠴᠢᠳᠠᠪᠬᠢ ᠪᠠᠨ ᠬᠦᠢᠴᠡᠳ ᠪᠠᠳᠠᠷᠠᠭᠤᠯᠤᠨ ᠬᠠᠷᠢᠭᠤᠴᠠᠯᠭ᠎ᠠ ᠬᠦᠢᠴᠡᠳᠭᠡᠬᠦ ᠴᠢᠳᠠᠮᠵᠢ ᠪᠠᠨ ᠲᠡᠭᠡᠭᠰᠢᠯᠡᠬᠦᠯᠵᠤ ᠲᠦᠪ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ ᠶᠢᠨ ᠴᠢᠬᠤᠯᠨ ᠲᠤᠮᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ ᠬᠦᠷᠢᠶ᠎ᠠ ᠴᠠᠷᠠᠭᠠᠨ ᠤ ᠲᠤᠳᠤᠷᠠᠬᠢ ᠡᠯ᠎ᠡ ᠲᠦᠷᠦᠯ ᠤᠨ ᠠᠵᠢᠯ ᠢᠶᠠᠨ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠬᠢᠨ ᠡᠯ᠎ᠡ ᠲᠠᠯ᠎ᠠ ᠶᠢᠨ ᠠᠵᠢᠯ ᠢᠶᠠᠨ ᠤᠷᠭᠠᠨᠢᠭ ᠢᠶᠠᠷ ᠵᠠᠯᠭᠠᠯᠳᠤᠭᠤᠯᠬᠤ ᠶᠢ ᠠᠬᠢᠭᠤᠯᠤᠨ ᠪᠦᠬᠦᠯᠢ ᠴᠤᠭᠴᠨ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠭᠡᠷᠡᠭᠳᠡᠢ᠃ ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠬᠤ ᠶᠢ ᠴᠢᠬᠤᠯᠠᠴᠢᠯᠠᠨ ᠡᠯ᠎ᠡ ᠲᠦᠷᠦᠯ ᠤᠨ ᠲᠤᠭᠳᠠᠴᠨ ᠪᠠᠨ ᠪᠦᠷᠢᠨᠰᠢᠭᠦᠯᠦᠨ ᠲᠡᠭᠦᠯᠳᠡᠷᠵᠢᠬᠦᠯᠵᠤ ᠵᠦᠪᠯᠡᠨ ᠵᠤᠬᠢᠴᠠᠭᠤᠯᠬᠤ ᠪᠠᠶᠢᠭᠤᠯᠤᠮᠵᠢ ᠶᠢᠨ ᠴᠢᠨᠠᠷ ᠴᠢᠨᠰᠠᠭ᠎ᠠ ᠪᠠᠨ ᠲᠡᠭᠡᠭᠰᠢᠯᠡᠭᠦᠯᠦᠨ ᠡᠯ᠎ᠡ ᠲᠠᠯ᠎ᠠ ᠶᠢᠨ ᠡᠬᠢ ᠰᠤᠷᠪᠤᠯᠵᠢ ᠬᠦᠴᠦᠨ ᠢᠶᠠᠨ ᠨᠢᠭᠡᠳᠭᠡᠵᠤ ᠠᠵᠢᠯ ᠤᠨ ᠨᠠᠶᠢᠯᠠᠮᠡᠯ ᠬᠦᠴᠦᠨ ᠢ ᠪᠦᠷᠢᠯᠳᠦᠭᠦᠯᠤᠨ ᠡᠯ᠎ᠡ ᠲᠦᠷᠦᠯ ᠤᠨ ᠠᠵᠢᠯ ᠢᠶᠠᠨ ᠪᠦᠳᠦᠮᠵᠢᠳᠠᠢ ᠨᠠᠶᠢᠳᠠᠪᠤᠷᠢᠵᠢᠭᠤᠯᠵᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ ᠨᠤᠮᠢᠨ ᠲᠠᠩᠰᠤᠭ ᠬᠦᠭᠵᠢᠨ ᠮᠠᠨᠳᠤᠯᠳᠠ ᠶᠢ ᠪᠡᠶᠡᠯᠡᠬᠦᠯᠬᠦ ᠳᠤ ᠨᠡᠩ ᠪᠠᠳᠤ ᠪᠠᠬᠢ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠬᠠᠩᠭᠠᠬᠤ ᠭᠡᠷᠡᠭᠳᠡᠢ ᠭᠡᠪᠡ᠃      ᠵᠤᠤ ᠹᠸᠢ ᠯᠤ᠋ ᠵᠢᠭᠠᠬᠤ ᠳᠠᠭᠠᠨ᠂ ᠡᠯ᠎ᠡ ᠵᠦᠪᠯᠡᠨ ᠵᠤᠬᠢᠴᠠᠭᠤᠯᠬᠤ ᠪᠠᠶᠢᠭᠤᠯᠤᠮᠵᠢ ᠨᠢ ᠵᠤᠭᠰᠤᠴᠨ ᠪᠠᠨ ᠦᠨᠳᠦᠷᠵᠢᠭᠦᠯᠦᠨ ᠬᠠᠷᠠᠭ᠎ᠠ ᠪᠠᠨ ᠦᠷᠭᠡᠳᠭᠡᠵᠤ ᠰᠡᠳᠬᠢᠬᠦᠢ ᠪᠠᠨ ᠬᠤᠪᠢᠷᠠᠭᠤᠯᠤᠨ ᠪᠠᠶᠢᠷᠢᠰᠢᠯ ᠢᠶᠠᠨ ᠤᠨᠤᠪᠴᠢᠳᠠᠢ ᠤᠯᠬᠤ ᠭᠡᠷᠡᠭᠳᠡᠢ᠃ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠦᠴᠢᠷ ᠨᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠬᠦᠴᠦᠨ ᠴᠢᠳᠠᠯ ᠢᠶᠠᠨ ᠲᠦᠪᠯᠡᠷᠡᠭᠦᠯᠦᠨ ᠲᠤᠰ ᠬᠦᠷᠢᠶ᠎ᠠ ᠴᠠᠷᠠᠭᠠᠨ ᠤ ᠲᠤᠳᠤᠷᠠᠬᠢ ᠠᠵᠢᠯ ᠢᠶᠠᠨ ᠲᠦᠯᠦᠪᠵᠢᠭᠦᠯᠦᠨ ᠠᠬᠢᠭᠤᠯᠵᠤ ᠦᠭᠡᠷᠡᠴᠢᠯᠡᠯᠳᠠ ᠶᠢᠨ ᠪᠦᠬᠦᠯᠢ ᠴᠤᠭᠴᠠᠳᠤ ᠦᠢᠯᠡᠳᠦᠯ ᠢᠶᠠᠨ ᠬᠦᠢᠴᠡᠳ ᠪᠠᠳᠠᠷᠠᠭᠤᠯᠬᠤ ᠭᠡᠷᠡᠭᠳᠡᠢ ᠭᠡᠪᠡ      ᠵᠤᠤ ᠹᠸᠢ ᠯᠤ᠋ ᠱᠠᠭᠠᠷᠳᠠᠬᠤ ᠳᠠᠭᠠᠨ᠂ ᠪᠤᠯᠪᠠᠰᠤᠨ ᠬᠤᠳᠠ ᠶᠢ ᠡᠬᠦᠳᠬᠦ ᠵᠢᠯ ᠤᠨ ᠠᠵᠢᠯ ᠤᠨ ᠡᠭᠦᠷᠭᠡ ᠪᠠᠨ ᠱᠠᠯᠠᠪᠳᠠᠨ ᠬᠤᠪᠢᠶᠠᠷᠢᠯᠠᠵᠤ ᠲᠠᠷᠤᠢ ᠲᠦᠷᠭᠡᠨ ᠬᠦᠳᠡᠯᠦᠯᠴᠡᠨ ᠰᠤᠷᠳᠠᠯ ᠤᠬᠠᠭᠤᠯᠭ᠎ᠠ᠂ ᠬᠦᠳᠦᠯᠦᠨ ᠵᠢᠯᠤᠭᠤᠳᠬᠤ ᠵᠡᠷᠭᠡ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠵᠤ ᠪᠦᠬᠦ ᠢᠷᠭᠡᠳ ᠢᠶᠠᠷ ᠢᠶᠠᠨ ᠤᠷᠤᠯᠴᠠᠨ ᠪᠦᠬᠦ ᠬᠤᠰᠢᠭᠤ  ᠪᠠᠷ ᠢᠶᠠᠨ ᠬᠤᠯᠪᠤᠭᠠᠯᠠᠨ ᠰᠢᠨ᠎ᠡ ᠶᠢ ᠡᠭᠦᠳᠦᠨ ᠬᠠᠮᠳᠤ ᠪᠠᠷ ᠬᠦᠴᠦᠯᠡᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠬᠦ ᠭᠡᠷᠡᠭᠳᠡᠢ᠃ ᠬᠤᠳᠠ ᠪᠠᠯᠭᠠᠰᠣᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠬᠦᠯᠵᠤ ᠲᠤᠳᠠᠭᠤᠳᠠᠯ ᠢᠶᠠᠨ ᠨᠦᠬᠦᠪᠦᠷᠢᠯᠡᠨ ᠬᠢᠨᠠᠨ ᠰᠢᠯᠭᠠᠬᠤ ᠡᠷᠴᠢᠮ ᠢᠶᠠᠨ ᠴᠢᠩᠭᠠᠳᠬᠠᠨ ᠪᠤᠯᠪᠠᠰᠤᠨ ᠬᠤᠳᠠ ᠶᠢ ᠡᠭᠦᠳᠬᠦ ᠠᠵᠢᠯ ᠢᠶᠠᠨ ᠯᠠᠪᠳᠠᠭᠤᠨ ᠢᠶᠠᠨ ᠰᠠᠶᠢᠳᠤᠷ ᠦᠷᠨᠢᠬᠦᠯᠬᠦ ᠭᠡᠷᠡᠭᠳᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号