ᠮᠠᠨ ᠤ ᠬᠤᠰᠢᠭᠤᠨ ᠤ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠰᠤᠶᠤᠭ᠎ᠠ ᠪᠤᠶᠢᠵᠢᠭᠤᠯᠤᠯᠳᠠ ᠶᠢᠨ ᠠᠵᠢᠯ ᠣᠷᠤᠭᠰᠢᠳᠠᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2019-03-22
     ᠵᠢᠯ ᠤᠨ ᠠᠵᠢᠯ ᠬᠠᠪᠤᠷ ᠲᠠᠭᠠᠨ ᠬᠡᠳᠡᠭᠴᠢᠯᠠᠨ᠂ ᠬᠠᠪᠤᠷ ᠡᠬᠢᠯᠡᠮᠡᠭᠴᠨ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠭᠠᠵᠠᠷ ᠣᠷᠣᠨ ᠤ ᠪᠠᠨ ᠣᠨᠴᠠᠯᠢᠭ ᠲᠤ ᠪᠠᠨ ᠵᠣᠬᠢᠴᠠᠭᠰᠠᠨ ᠠᠵᠣ ᠠᠬᠤᠢ ᠶᠢᠨ ᠳᠠᠷᠢᠮᠠᠯ ᠲᠠᠷᠢᠬᠤ ᠪᠠᠷ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠡᠯ᠎ᠡ ᠵᠦᠢᠯ ᠤᠨ ᠰᠣᠶᠤᠭ᠎ᠠ ᠪᠣᠶᠢᠵᠢᠭᠤᠯᠬᠤ ᠠᠵᠢᠯ ᠳᠠᠭᠠᠨ ᠶᠠᠭᠠᠷᠠᠯᠳᠤᠵᠤ ᠪᠠᠶᠢᠨ᠎ᠠ᠃      ᠲᠤᠭ ᠪᠠᠯᠭᠠᠰᠤᠨ ᠳᠤ ᠪᠠᠶᠢᠭ᠎ᠠ ᠵᠢᠦᠢ ᠯᠢ ᠲᠠᠷᠢᠶᠠᠯᠠᠩ ᠤᠨ ᠶᠡᠷᠤᠩᠬᠡᠶᠢᠯᠡᠭᠰᠡᠨ ᠴᠣᠭᠴᠠ ᠶᠢᠨ ᠳᠣᠯᠠᠭᠠᠨ ᠬᠦᠯᠡᠮᠵᠢ ᠳᠤ ᠦᠷ᠎ᠡ ᠰᠠᠭᠤᠯᠭᠠᠬᠤ᠂ ᠰᠣᠶᠤᠭ᠎ᠠ ᠪᠣᠶᠢᠵᠢᠭᠤᠯᠬᠤ ᠵᠡᠷᠭᠡ ᠠᠵᠢᠯ ᠡᠷᠴᠢᠮᠳᠡᠢ ᠶᠠᠪᠣᠭᠳᠠᠵᠣ ᠣᠶᠢᠷ᠎ᠠ ᠬᠠᠪᠢ ᠶᠢᠨ ᠮᠠᠯᠴᠢᠨ ᠳᠠᠷᠢᠶᠠᠴᠢᠨ ᠠᠳᠡᠬᠢ ᠰᠢᠨ᠎ᠠ ᠳᠦᠷᠣᠯ ᠤᠨ ᠨᠣᠭᠤᠭ᠎ᠠ ᠵᠢᠮᠢᠰ ᠤᠨ ᠲᠠᠷᠢᠵᠦ ᠣᠷᠭᠤᠭᠤᠯᠬᠤ ᠮᠡᠷᠬᠡᠵᠢᠯ ᠢ ᠰᠣᠷᠣᠯᠴᠠᠨ ᠡᠵᠡᠮᠰᠢᠬᠡᠳ ᠶᠠᠭᠠᠷᠠᠯᠳᠣᠨ᠎ᠠ᠃ ᠳᠠᠷᠢᠶᠠᠴᠢᠨ ᠯᠢᠣ ᠳ᠋ᠦᠡᠭ ᠴᠢᠩ ᠦᠨᠣᠳᠣᠷ ᠠᠳᠡ ᠢᠷᠡᠨ ᠰᠣᠶᠤᠭ᠎ᠠ ᠪᠣᠶᠢᠵᠢᠭᠤᠯᠬᠤ ᠮᠡᠷᠭᠡᠵᠢᠯ ᠢ ᠰᠣᠷᠴᠣ ᠦᠪᠡᠷᠳᠡᠭᠡᠨ ᠪᠣᠶᠢᠵᠢᠭᠤᠯᠬᠤ ᠪᠠᠷ ᠪᠠᠯᠠᠳᠭᠡᠵᠣ ᠪᠠᠶᠢᠯ᠎ᠠ᠃ ᠲᠡᠷᠡ᠄ ︽ᠨᠢᠳᠣᠨᠣᠨ ᠪᠢ ᠠᠳᠡ ᠠᠴᠠ ᠰᠣᠶᠤᠭ᠎ᠠ ᠠᠪᠴᠣ ᠳᠠᠷᠢᠭᠰᠠᠨ ᠶᠣᠮ᠂ ᠰᠣᠶᠣᠭᠠᠨ ᠤ ᠴᠢᠨᠡᠷ ᠨᠢ ᠳᠣᠶᠢᠯ ᠤᠨ ᠰᠠᠶᠢᠨ ᠪᠠᠶᠢᠨ᠎ᠠ᠂ ᠡᠨ᠋ᠨ ᠵᠢᠯ ᠪᠢ ᠠᠳᠡ ᠠᠴᠠ ᠰᠣᠶᠣᠭᠠᠯᠠᠭᠤᠯᠬᠤ ᠮᠡᠷᠭᠡᠵᠢᠯ ᠢ ᠰᠣᠷᠴᠣ ᠦᠪᠡᠷᠳᠡᠭᠡᠨ ᠰᠣᠶᠤᠭ᠎ᠠ ᠪᠣᠶᠢᠵᠢᠭᠤᠯᠬᠤ ᠰᠠᠨᠠᠭᠠᠳᠡᠢ︾ ᠭᠡᠵᠤ ᠶᠠᠷᠢᠵᠤ ᠪᠠᠶᠢᠯ᠎ᠠ᠃      ᠲᠤᠭ ᠪᠠᠯᠭᠠᠰᠤᠨ ᠤ ᠵᠢᠣᠢ ᠯᠢ ᠲᠠᠷᠢᠶᠠᠯᠠᠩ ᠤᠨ ᠶᠡᠷᠤᠩᠬᠡᠶᠢᠯᠡᠭᠰᠡᠨ ᠴᠣᠭᠴᠠ ᠶᠢ 2017 ᠣᠨ ᠳᠤ ᠪᠦᠲᠦᠭᠡᠨ ᠪᠠᠶᠢᠭᠤᠯᠵᠣ ᠠᠮᠢ ᠠᠬᠤᠢ᠂ ᠡᠷᠬᠢᠯᠳᠡᠳᠣ ᠠᠵᠣ ᠠᠬᠤᠢ ᠶᠢ ᠳᠣᠪᠣᠶᠢᠯᠭᠠᠭᠰᠠᠨ ᠣᠳᠤᠬᠢᠴᠢᠯᠠᠭᠰᠠᠨ᠂ ᠣᠶᠤᠨᠴᠢᠯᠠᠭᠰᠠᠨ ᠳᠦᠬᠦᠷᠣᠮᠵᠢᠳᠣ ᠳᠠᠷᠢᠶᠠᠯᠡᠩ ᠤᠨ ᠳᠦᠷᠣᠯ ᠵᠣᠶᠢᠯ ᠪᠤᠯᠬᠤ ᠪᠦᠭᠡᠳ ᠳᠣᠬᠠᠢ ᠭᠠᠵᠠᠷ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠳᠣᠴᠠ ᠶᠢᠨ ᠦᠬᠡᠷᠡᠴᠢᠯᠡᠯᠳᠡ ᠶᠢ ᠠᠬᠢᠭᠤᠯᠬᠤ ᠢᠨᠵᠧᠨᠧᠷᠢᠩ ᠪᠠᠶᠢᠵᠦ ᠡᠨᠡᠬᠦ ᠲᠥᠷᠥᠯ ᠵᠦᠢᠯ ᠨᠢ ᠵᠢᠯ ᠳᠤ 1060 ᠮᠣ᠋ ᠶᠢᠨ ᠠᠯᠮᠤᠷᠠᠳ᠂ ᠭᠦᠢᠯᠡᠰᠦ᠂ ᠬᠠᠶᠢᠲᠠᠩ ᠵᠡᠷᠭᠡ ᠵᠢᠮᠢᠰ ᠪᠣᠯᠣᠨ 400 ᠭᠠᠷᠤᠢ ᠮᠤ᠋ ᠶᠢᠨ ᠭᠤᠸᠠ᠂ ᠢᠳᠡᠰᠢᠨ ᠨᠣᠭᠤᠭ᠎ᠠ ᠲᠠᠷᠢᠵᠤ ᠲᠠᠪᠤᠳᠤᠭᠠᠷ ᠰᠠᠷ᠎ᠠ ᠠᠴᠠ ᠡᠬᠢᠯᠡᠨ ᠵᠠᠬ᠎ᠠ ᠲᠡᠯᠭᠡᠭᠦᠷ ᠲᠤ ᠭᠠᠷᠳᠠᠭ ᠪᠠᠶᠢᠨ᠎ᠠ᠃      ᠲᠤᠭ ᠪᠠᠯᠭᠠᠰᠤᠨ ᠤ ᠵᠢᠣᠢ ᠯᠢ ᠲᠠᠷᠢᠶᠠᠯᠠᠩ ᠤᠨ ᠶᠡᠷᠤᠩᠬᠡᠶᠢᠯᠡᠭᠰᠡᠨ ᠴᠣᠭᠴᠠ ᠶᠢᠨ ᠬᠠᠷᠢᠭᠤᠴᠠᠯᠭᠠᠲᠠᠨ ᠪᠠᠲᠤᠴᠢᠯᠠᠭᠤ᠄ ︽ᠨᠢᠳᠣᠨᠣᠨ ᠪᠢᠳᠡ ᠡᠯ᠎ᠡ ᠵᠣᠶᠢᠯ ᠨᠣᠭᠤᠭ᠎ᠠ ᠵᠢᠮᠢᠰ ᠵᠡᠷᠭᠡ ᠶᠢ ᠳᠡᠷᠢᠵᠣ ᠠᠮᠵᠢᠯᠳᠡ ᠣᠯᠣᠭᠰᠠᠨ᠂ ᠡᠨ᠋ᠨ ᠵᠢᠯ ᠠᠴᠠ ᠮᠡᠨ ᠤ ᠳᠡᠷᠢᠶᠠᠯᠡᠩ ᠤᠨ ᠪᠦᠳᠣᠭᠡᠭᠳᠡᠬᠦᠨ ᠤ ᠬᠦᠷᠢᠶᠠᠯᠡᠩ ᠨᠠᠩ ᠠᠷᠪᠢᠨ ᠳᠦᠷᠣᠯ ᠵᠣᠶᠢᠯ ᠢ ᠵᠠᠬ᠎ᠠ ᠳᠡᠯᠭᠡᠬᠦᠷ ᠲᠤ ᠭᠠᠷᠭᠠᠬᠤ ᠪᠠᠷ ᠲᠥᠯᠦᠪᠯᠡᠨ ᠰᠣᠶᠤᠭ᠎ᠠ ᠪᠣᠶᠢᠵᠢᠭᠤᠯᠣᠨ ᠨᠢᠬᠡ ᠪᠦᠯᠣᠭ᠌ ᠢ ᠨᠢ ᠦᠪᠡᠷᠳᠡᠭᠡᠨ ᠳᠡᠷᠢᠵᠣ ᠨᠢᠬᠡ ᠪᠦᠯᠣᠭ᠌ ᠢ ᠬᠤᠳᠠᠯᠳᠣᠬᠤ ᠪᠠᠷ ᠲᠦᠯᠦᠪᠯᠡᠵᠤ ᠪᠠᠶᠢᠨ᠎ᠠ︾ ᠭᠡᠪᠡ᠃      ᠰᠢᠷᠬᠤᠰᠤᠨ ᠪᠠᠯᠭᠠᠰᠤᠨ ᠤ ᠮᠠᠯ ᠲᠠᠷᠢᠶᠠᠯᠠᠩ  ᠤᠨ ᠨᠡᠬᠡᠬᠡᠯᠳᠡ ᠶᠢᠨ ᠬᠢᠵᠠᠭᠠᠷᠲᠤ ᠺᠤᠮᠫᠠᠨᠢ ᠶᠢᠨ ᠳᠠᠭᠠᠭᠠᠴᠢᠯᠡᠵᠣ ᠪᠠᠶᠢᠭ᠎ᠠ ᠲᠤᠭᠠᠷ ᠤᠨ ᠲᠤᠬᠤᠢ ᠲᠤᠰᠬᠤᠨ ᠤ 1000 ᠮᠣ᠋ ᠶᠢᠨ ᠢᠳᠡᠰᠢᠨ ᠨᠣᠭᠤᠭᠠᠨ ᠤ ᠳᠦᠬᠦᠷᠣᠮᠵᠢᠳᠣ ᠳᠠᠷᠢᠶᠠᠯᠠᠩ ᠤᠨ ᠰᠠᠭᠤᠷᠢᠨ ᠭᠠᠵᠠᠷ ᠲᠤ ᠲᠠᠷᠢᠶᠠᠴᠢᠳ ᠱᠠᠨᠳᠦ᠋ᠩ ᠠᠴᠠ ᠤᠷᠢᠵᠤ ᠠᠪᠴᠢᠷᠠᠭᠰᠠᠨ ᠪᠠᠭᠰᠢ ᠶᠢᠨ ᠵᠢᠯᠤᠭᠤᠳᠤᠯᠭ᠎ᠠ ᠲᠤᠤᠷ᠎ᠠ ᠦᠷ᠎ᠡ ᠰᠤᠩᠭᠤᠨ ᠰᠤᠶᠤᠭ᠎ᠠ ᠪᠤᠶᠢᠵᠢᠭᠤᠯᠤᠭᠠᠳ ᠶᠠᠭᠠᠷᠠᠯᠳᠤᠵᠤ ᠲᠡᠮᠡᠢ ᠣᠳᠠᠯ ᠦᠭᠡᠢ ᠰᠤᠶᠤᠭ᠎ᠠ ᠪᠠᠨ ᠨᠤᠭᠤᠭᠠᠨ ᠤ ᠬᠦᠯᠡᠮᠵᠢ ᠳᠤ ᠰᠢᠯᠵᠢᠬᠦᠯᠦᠨ ᠵᠢᠷᠭᠤᠳᠤᠭᠠᠷ ᠰᠠᠷ᠎ᠠ ᠶᠢᠨ ᠲᠤᠮᠳᠠᠴᠢ ᠪᠠᠷ ᠵᠠᠬ᠎ᠠ  ᠳᠤ ᠭᠠᠷᠭᠠᠬᠤ ᠪᠠᠷ ᠲᠥᠯᠦᠪᠯᠡᠵᠦ ᠪᠠᠶᠢᠨ᠎ᠠ᠃      ᠣᠶᠢᠯᠠᠭᠠᠭᠰᠠᠨ ᠢᠶᠠᠷ᠂ ᠰᠢᠷᠬᠤᠰᠤᠨ ᠪᠠᠯᠭᠠᠰᠤᠨ ᠤ ᠳᠣᠭᠠᠷ ᠤᠨ ᠳᠣᠬᠤᠢ᠂ ᠸᠠᠩ ᠶᠣᠣ ᠸᠠᠨ ᠵᠡᠷᠭᠡ ᠲᠤᠰᠬᠤᠨ ᠤ ᠰᠤᠶᠤᠭ᠎ᠠ ᠪᠤᠶᠢᠵᠢᠭᠤᠯᠬᠤ ᠠᠵᠢᠯ ᠴᠤ ᠡᠷᠴᠢᠮ ᠲᠠᠢ ᠶᠠᠪᠣᠭᠳᠠᠵᠣ ᠡᠨᠡ ᠵᠢᠯ 500 ᠲᠦᠮᠡᠨ ᠴᠢᠬᠢ ᠨᠤᠭᠤᠭ᠎ᠠ ᠪᠤᠶᠢᠵᠢᠭᠤᠯᠵᠤ᠂ 1300 ᠮᠤ᠋ ᠶᠢᠨ ᠲᠦᠬᠦᠬᠡᠷᠦᠮᠵᠢᠲᠤ ᠲᠠᠷᠢᠶᠠᠯᠠᠩ᠂ 5000 ᠮᠤ᠋ ᠶᠢᠨ ᠨᠤᠭᠤᠭ᠎ᠠ ᠲᠠᠷᠢᠬᠤ ᠪᠠᠷ ᠲᠦᠯᠦᠪᠯᠡᠵᠦ ᠨᠠᠪᠴᠢ ᠨᠤᠭᠤᠭᠠᠨ ᠤ ᠠᠵᠤ ᠦᠢᠯᠡᠰ ᠤᠨ ᠤᠷᠤᠯᠭ᠎ᠠ ᠶᠢ 4000 ᠲᠦᠮᠡᠨ ᠲᠦᠬᠦᠷᠢᠭ  ᠲᠤ ᠬᠦᠷᠭᠡᠬᠦ ᠪᠠᠷ ᠲᠦᠯᠦᠪᠯᠡᠵᠦ ᠪᠠᠶᠢᠨ᠎ᠠ᠃ ᠡᠨᠡ ᠵᠢᠯ ᠮᠠᠨ ᠤ ᠬᠤᠰᠢᠭᠤᠨ ᠤ ᠰᠢᠷᠬᠤᠰᠣᠨ ᠪᠠᠯᠭᠠᠰᠣ᠂ ᠭᠠᠯᠠᠭᠤᠳᠣ ᠪᠠᠯᠭᠠᠰᠣ᠂ ᠳᠤᠭ ᠪᠠᠯᠭᠠᠰᠣ᠂ ᠰᠦᠯᠳᠡ ᠰᠣᠮᠣ ᠵᠡᠷᠭᠡ ᠰᠣᠮᠣ ᠪᠠᠯᠭᠠᠰᠣ ᠶᠢᠨ ᠲᠦᠬᠦᠬᠡᠷᠤᠮᠵᠢᠳᠤ ᠲᠠᠷᠢᠶᠠᠯᠠᠩ ᠤᠨ ᠨᠡᠶᠢᠳᠡ ᠲᠠᠯᠠᠪᠠᠢ ᠨᠢ 2000 ᠭᠠᠷᠣᠢ ᠮᠣ᠋ ᠳᠤ ᠬᠦᠷᠴᠦ᠂  ᠣᠳᠤᠬᠠᠨ ᠳᠤ ᠲᠦᠬᠦᠬᠡᠷᠤᠮᠵᠢᠳᠤ ᠲᠠᠷᠢᠶᠠᠯᠠᠩ ᠳᠤ ᠬᠡᠷᠡᠭᠰᠡᠬᠦ ᠰᠤᠶᠤᠭ᠎ᠠ ᠶᠢᠨ ᠪᠤᠶᠢᠵᠢᠭᠤᠯᠤᠯᠳᠠ ᠶᠢᠨ ᠠᠵᠢᠯ ᠢᠯᠭᠤᠮ ᠣᠷᠤᠭᠰᠢᠳᠠᠢ ᠶᠠᠪᠤᠭᠳᠠᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号