ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ 2018 ᠤᠨ ᠤ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠪᠤᠯᠤᠨ ᠠᠷᠠᠳᠴᠢᠯᠠᠯ ᠢᠶᠠᠷ ᠥᠨᠠᠯᠠᠨ ᠵᠥᠪᠳᠡᠯᠴᠠᠭᠦ ᠨᠠᠮ ᠤᠨ ᠭᠡᠰᠢᠭᠦᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-03-22
     3 ᠰᠠᠷ᠎ᠠ ᠶᠢᠨ 21 ᠤ ᠡᠳᠦᠷ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ 2018 ᠤᠨ ᠤ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠪᠤᠯᠤᠨ ᠠᠷᠠᠳᠴᠢᠯᠠᠯ ᠢᠶᠠᠷ ᠥᠨᠠᠯᠠᠨ ᠵᠥᠪᠳᠡᠯᠴᠠᠭᠦ ᠨᠠᠮ ᠤᠨ ᠭᠡᠰᠢᠭᠦᠨ ᠤ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠦ᠋ᠩ᠂ ᠬᠤᠰᠢᠭᠤ ᠲᠡᠳ᠋ ᠲᠠᠷᠤᠭ᠎ᠠ ᠪᠠᠶᠠᠠᠴᠢᠮᠡᠭ᠂ ᠯᠢ ᠬᠤᠩ ᠯᠢᠶᠠᠩ ᠪᠤᠯᠤᠨ ᠪᠤᠰᠤᠳ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠪᠥᠷᠢᠯᠳᠤᠭᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠤᠷᠤᠯᠴᠠᠪᠠ᠃
     ᠬᠤᠷᠠᠯ ᠲᠡᠭᠡᠷ᠎ᠡ᠂ ᠰᠢ ᠶᠢᠨ ᠫᠢᠩ ᠶᠠᠷᠤᠩᠭᠡᠢ ᠱᠥᠵᠢ ᠶᠢᠨ ᠲᠥᠪ ᠤᠨ ᠤᠯᠤᠰ ᠲᠥᠷᠤ ᠶᠢᠨ ᠲᠤᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠪᠠ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠶᠢᠨ ᠭᠢᠴᠢᠶᠠᠯ ᠡᠭᠢᠯᠠᠭᠦ ᠶᠤᠰᠤᠯᠠᠯ ᠲᠡᠭᠡᠷᠡᠭᠢ ᠴᠢᠬᠤᠯᠠ ᠶᠠᠷᠢᠶᠠᠨ  ᠤ ᠵᠤᠷᠢᠭ ᠰᠨᠠᠭ᠎ᠠ ᠶᠢ ᠬᠠᠮᠳᠤ ᠪᠠᠷ ᠰᠤᠷᠤᠯᠴᠠᠪᠠ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠤᠨ ᠬᠠᠷᠢᠭᠤᠴᠠᠯᠭᠠᠳᠠᠨ ᠠᠴᠠ ᠵᠠᠰᠠᠭ ᠤᠨ ᠤᠷᠳᠤᠨ ᠤ ᠠᠯᠪᠠᠨ ᠭᠡᠷ ᠤᠨ ᠨᠠᠮ ᠤᠨ ᠡᠭᠦᠷ ᠢ ᠲᠥᠯᠥᠭᠡᠯᠠᠨ 2018 ᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠨᠠᠮ   ᠤᠨ ᠡᠭᠦᠷ ᠤᠨ ᠠᠵᠢᠯ ᠤᠨ ᠲᠤᠬᠠᠢ ᠲᠤᠰᠢᠶᠠᠯ  ᠤᠨ ᠠᠵᠢᠯ ᠢᠶᠠᠨ ᠬᠠᠷᠢᠭᠤ ᠮᠡᠳᠡᠭᠦᠯᠵᠤ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠤᠨ ᠰᠢᠭᠦᠮᠵᠢᠯᠠᠯ ᠪᠠ ᠥᠪᠠᠷ ᠤᠨ ᠰᠢᠭᠦᠮᠵᠢᠯᠠᠯ ᠢ ᠥᠷᠨᠢᠭᠦᠯᠥᠭᠰᠠᠨ ᠪᠠᠶᠢᠳᠠᠯ ᠢ  ᠨᠠᠶᠢᠳᠠᠯᠠᠵᠤ ᠨᠠᠮ ᠤᠨ ᠭᠡᠰᠢᠭᠦᠳ ᠢ ᠵᠤᠭᠢᠶᠠᠨ ᠪᠠᠶᠢᠭᠤᠯᠤᠨ ᠠᠷᠠᠳᠴᠢᠯᠠᠯ ᠢᠶᠠᠷ ᠥᠨᠠᠯᠠᠨ ᠵᠥᠪᠳᠡᠯᠴᠠᠭᠦ ᠠᠵᠢᠯ ᠢ ᠥᠷᠨᠢᠭᠦᠯᠪᠡ᠃      ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠰᠢ ᠶᠢᠨ ᠫᠢᠩ ᠶᠠᠷᠤᠩᠭᠡᠢ ᠱᠥᠵᠢ ᠶᠢᠨ ᠴᠢᠬᠤᠯᠠ ᠶᠠᠷᠢᠶ᠎ᠠ ᠨᠢ ᠵᠠᠭᠤᠴᠢᠯᠠᠭᠤᠷ ᠤᠨ ᠠᠭᠤᠰᠤᠯᠴᠠᠭᠰᠠᠨ ᠭᠥᠭᠵᠢᠯᠳᠠ ᠶᠢ ᠲᠥᠷᠭᠡᠳᠭᠡᠨ ᠵᠠᠯᠠᠭᠤ ᠺᠠᠳ᠋ᠷᠴᠤᠳ ᠤᠨ ᠤᠨᠤᠯ ᠤᠨ ᠰᠤᠷᠤᠯᠴᠠᠯᠭ᠎ᠠ ᠶᠢ ᠪᠥᠭᠦ ᠲᠠᠯ᠎ᠠ ᠪᠠᠷ ᠴᠢᠩᠭᠠᠳᠬᠠᠨ᠂ ᠶᠠᠷᠤᠩᠭᠡᠶᠢᠯᠡᠭᠰᠠᠨ ᠭᠡᠪ ᠴᠢᠨᠠᠷ ᠢ ᠲᠡᠭᠡᠰᠢᠯᠡᠭᠦᠯᠵᠤ ᠠᠵᠤ ᠠᠬᠤᠢ ᠶᠢᠨ ᠴᠢᠨᠠᠷ ᠰᠠᠶᠢᠳᠠᠢ ᠭᠥᠭᠵᠢᠯᠳᠠ ᠳᠤ ᠨᠠᠩ ᠰᠠᠶᠢᠨ ᠥᠢᠯᠡᠴᠢᠯᠠᠭᠦ ᠳᠤ ᠲᠤᠳᠤᠷᠬᠠᠢ ᠱᠠᠭᠠᠷᠳᠠᠯᠭ᠎ᠠ  ᠲᠤᠷᠠᠳᠤᠭᠰᠠᠨ ᠪᠠᠶᠢᠨ᠎ᠠ᠂ ᠬᠤᠷᠠᠯ ᠳᠤ ᠤᠷᠤᠯᠴᠠᠭᠰᠠᠳ ᠵᠠᠪᠠᠯ ᠨᠠᠷᠢᠨ ᠭᠢᠨᠠᠮᠠᠭᠠᠢ ᠰᠤᠷᠤᠯᠴᠠᠨ ᠤᠶᠢᠯᠠᠭᠠᠵᠤ   ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠭᠡᠷᠡᠭᠳᠠᠢ ᠬᠡᠪᠡ᠃      ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠪᠤᠯᠤᠨ ᠠᠷᠠᠳᠴᠢᠯᠠᠯ ᠢᠶᠠᠷ ᠥᠨᠠᠯᠠᠨ ᠵᠥᠪᠳᠠᠯᠴᠠᠭᠦ ᠶᠢᠨ ᠬᠠᠮᠤᠭ ᠡᠴᠤᠰ ᠤᠨ ᠥᠷ᠎ᠠ ᠪᠥᠳᠥᠮᠵᠢ ᠨᠢ ᠠᠰᠠᠭᠤᠳᠠᠯ ᠤᠨ ᠴᠡᠭᠴᠡᠯᠠᠨ ᠰᠠᠶᠢᠵᠢᠷᠠᠭᠤᠯᠬᠤ ᠲᠡᠭᠡᠷ᠎ᠡ ᠢᠯᠠᠷᠠᠨ᠎ᠠ᠂ ᠠᠯᠪᠠᠨ ᠭᠡᠷ ᠤᠨ ᠨᠠᠮ ᠤᠨ ᠭᠡᠰᠢᠭᠦᠨ ᠨᠢᠭᠡᠪᠤᠷᠢ ᠰᠠᠨᠠᠭᠠᠴᠢᠯᠠᠭ᠎ᠠ  ᠠᠴᠠ ᠪᠠᠨ ᠬᠠᠷᠢᠭᠤᠴᠠᠯᠭ᠎ᠠ ᠪᠠᠨ ᠡᠭᠦᠷᠭᠡᠯᠠᠨ ᠴᠡᠭᠴᠡᠯᠠᠨ ᠰᠠᠶᠢᠵᠢᠷᠠᠭᠤᠯᠤᠯᠳᠠ ᠶᠢ ᠴᠢᠩᠭ᠎ᠠ ᠠᠳᠬᠤᠵᠤ ᠥᠷ᠎ᠠ ᠪᠥᠳᠥᠮᠵᠢ ᠭᠠᠷᠭᠠᠨ ᠠᠵᠢᠯ ᠤᠨ ᠶᠠᠰᠤ ᠴᠢᠨᠠᠷ ᠪᠤᠯᠤᠨ ᠭᠢᠷᠢ ᠲᠥᠪᠰᠢᠨ ᠢ ᠲᠠᠰᠤᠷᠠᠯᠲᠠ ᠥᠭᠡᠢ ᠲᠡᠭᠡᠭᠰᠢᠯᠠᠭᠦᠯᠭᠦ ᠭᠡᠷᠡᠭᠳᠠᠢ ᠭᠡᠪᠡ᠃      ᠵᠠᠰᠠᠭ ᠤᠨ ᠤᠷᠳᠤᠨ ᠤ ᠠᠯᠪᠠᠨ ᠭᠡᠷ ᠤᠨ ᠠᠵᠢᠯ ᠤᠨ ᠲᠤᠬᠠᠢ ᠵᠤᠤ ᠹᠸᠢ ᠯᠤ᠋ ᠱᠠᠭᠠᠷᠳᠠᠬᠤ ᠳᠤ ᠪᠠᠨ᠂ ᠲᠤᠭ ᠲᠡᠮᠳᠡᠭ ᠲᠤᠳᠤᠷᠬᠠᠢ ᠪᠠᠷ ᠤᠯᠤᠰ ᠲᠥᠷᠥ ᠶᠢ ᠡᠷᠭᠢᠮᠯᠠᠨ ᠥᠵᠠᠯ ᠤᠬᠠᠮᠰᠠᠷ ᠤᠨ ᠭᠡᠯᠪᠠᠷᠢ ᠶᠢᠨ ᠲᠠᠯ᠎ᠠ ᠪᠠᠷ ᠬᠢ ᠠᠵᠢᠯ ᠢ ᠴᠢᠩᠭ᠎ᠠ ᠠᠳᠬᠤᠵᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠡᠭᠦᠷ ᠤᠨ ᠠᠵᠢᠯ ᠤᠨ ᠲᠥᠷᠢᠮ ︵ᠲᠤᠷᠰᠢᠨ ᠭᠡᠷᠡᠭᠵᠢᠭᠦᠯᠭᠦ︶︾  ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠭᠥᠳᠡᠭᠡ ᠲᠤᠰᠬᠤᠨ ᠥᠨᠳᠤᠰᠤᠨ ᠱᠠᠳᠤᠨ ᠤ ᠵᠤᠭᠢᠶᠠᠨ ᠪᠠᠶᠢᠭᠤᠯᠤᠯᠳᠠ ᠶᠢᠨ ᠠᠵᠢᠯ ᠤᠨ ᠲᠥᠷᠢᠮ︾ ᠤᠨ ᠱᠠᠭᠠᠷᠳᠠᠯᠭ᠎ᠠ ᠶᠢ ᠭᠥᠨᠵᠡᠭᠡᠢ ᠲᠤᠭᠤᠰᠢᠯᠠᠭᠤᠯᠵᠤ ᠠᠯᠪᠠᠨ ᠭᠡᠷ ᠤᠨ ᠡᠯ᠎ᠠ ᠲᠥᠷᠤᠯ ᠤᠨ ᠠᠵᠢᠯ ᠤᠨ ᠡᠭᠦᠷᠭᠡ ᠶᠢ ᠰᠠᠶᠢᠨ ᠪᠠᠶᠠᠯᠠᠭᠦᠯᠵᠤ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠨ ᠶᠡᠭᠡ ᠪᠠᠶᠢᠳᠠᠯ ᠳᠤ ᠥᠢᠯᠡᠴᠢᠯᠠᠵᠤ ᠠᠷᠢᠭᠤᠨ ᠴᠢᠭᠡᠴᠢ ᠪᠠᠷ ᠥᠪᠠᠷ ᠢ ᠪᠠᠨ ᠱᠠᠭᠠᠷᠳᠠᠬᠤ ᠶᠢ ᠥᠨᠠᠠᠭᠦ ᠴᠢᠩᠭᠠᠳᠬᠠᠬᠤ ᠭᠡᠷᠡᠭᠳᠠᠢ᠃ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠨᠡᠩ ᠤᠷᠭᠢᠯᠤᠮ᠎ᠠ ᠬᠠᠯᠭᠤᠨ ᠰᠠᠳᠭᠢᠯᠭᠡ ᠨᠡᠩ ᠪᠤᠳᠠᠳᠠᠢ ᠠᠵᠢᠯ ᠤᠨ ᠰᠤᠷᠳᠠᠯ ᠢᠶᠠᠷ ᠨᠡᠩ ᠯᠠᠪᠳᠠᠭᠤᠨ ᠪᠠᠳᠤᠳᠠᠢ ᠠᠵᠢᠯᠯᠠᠵᠤ ᠪᠥᠯᠭᠦᠮᠳᠠᠨ ᠨᠢᠭᠳᠠᠷᠠᠯᠴᠠᠨ ᠴᠢᠷᠮᠠᠶᠢᠨ ᠤᠷᠤᠭᠰᠢᠯᠠᠵᠤ ᠪᠥᠭᠦ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠨᠡᠩ ᠶᠡᠭᠡ ᠬᠤᠪᠢ ᠨᠠᠮᠠᠷᠢ ᠪᠠᠨ ᠡᠷᠭᠦᠵᠤ ᠰᠢᠯᠢᠳᠡᠭ ᠭᠢᠷᠢ ᠪᠥᠳᠥᠮᠵᠢ ᠪᠠᠷ ᠢᠶᠠᠨ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ  ᠶᠢ ᠪᠠᠯᠭᠡᠯᠡᠭᠦ ᠭᠡᠷᠡᠭᠳᠠᠢ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号