3 ᠰᠠᠷ᠎ᠠ ᠶᠢᠨ 20 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ | ᠹᠸᠢ ᠯᠤ᠋ ᠬᠤᠲᠠ ᠬᠦᠳᠡᠭᠡ ᠶᠢᠨ ᠲᠦᠯᠦᠪᠵᠢᠭᠦᠯᠭᠡ ᠪᠣᠯᠣᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠲᠡᠰ ᠤᠨ | ᠳᠠᠷᠤᠭ᠎ᠠ ᠹᠧᠩ ᡁᠢ ᠮᠢᠩ᠂ ᠬᠤᠰᠢᠭᠤ ᠲᠡᠳ᠋ ᠲᠠᠷᠤᠭ᠎ᠠ ᠵᠸᠦ ᠱᠤᠸᠠᠢ ᠵᠢᠴᠢ ᠬᠤᠰᠢᠭᠤ ᠵᠠᠰᠠᠭ ᠤᠨ ᠤᠷᠳᠤᠨ᠂ | ᠤᠬᠠᠭᠤᠯᠬᠤ ᠭᠡᠯᠲᠡᠰ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠣᠪᠴᠢᠶ᠎ᠠ᠂ ᠬᠠᠤᠯᠢ ᠬᠡᠷᠡᠭᠵᠢᠭᠦᠯᠬᠦ ᠳᠤᠪᠴᠢᠶ᠎ᠠ᠂ ᠣᠷᠣᠨ | ᠰᠠᠭᠤᠴᠠ ᠶᠢᠨ ᠬᠠᠮᠢᠶᠠᠷᠤᠯᠲᠠ ᠶᠢᠨ ᠲᠥᠪ᠂ ᠴᠡᠴᠡᠷᠯᠢᠭᠵᠢᠭᠦᠯᠦᠯᠲᠡ ᠶᠢᠨ ᠳᠤᠪᠴᠢᠶ᠎ᠠ᠂ ᠬᠤᠲᠠ ᠶᠢᠨ ᠪᠡᠯᠡ | ᠤᠷᠣᠭᠤᠯᠤᠯᠲᠠ ᠶᠢᠨ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷᠠᠳᠠᠨ | ᠪᠠᠶᠢᠴᠠᠭᠠᠪᠠ᠃ | | | | | | | ᠵᠣᠣ ᠹᠸᠢ ᠯᠤ᠋ ᠨᠠᠷ ᠶᠤᠸᠠᠢ ᠰᠢᠨ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠬᠤᠶᠢᠲᠤ ᠲᠠᠯ᠎ᠠ ᠶᠢᠨ | ᠭᠠᠷᠴᠦ ᠤᠷᠤᠬᠤ ᠡᠭᠦᠲᠡ ᠶᠢᠨ ᠵᠠᠰᠠᠯᠲᠠ᠂ ᠪᠠᠷᠠᠭᠤᠨ ᠡᠭᠦᠳᠡᠨ ᠳᠠᠬᠢ ᠠᠰᠢᠭᠯᠠᠭᠳᠠᠭ᠎ᠠ ᠦᠭᠡᠢ ᠭᠠᠵᠠᠷ᠂ ᠰᠢᠨ᠎ᠡ ᠪᠠᠷ | ᠪᠠᠶᠢᠭᠤᠯᠵᠤ ᠪᠠᠶᠢᠭ᠎ᠠ ᠢ ᠯᠢᠨ ᠡᠮᠦᠨ᠎ᠡ ᠵᠠᠮ ᠤᠨ ᠢᠨᠵᠧᠨᠧᠷᠢᠩ᠂ ᠢ ᠯᠢᠨ ᠶᠤᠸᠠᠨ ᠰᠠᠭᠤᠭᠠᠯᠢ ᠠᠷᠠᠳ ᠤᠨ | ᠲᠣᠭᠤᠷᠢᠭ ᠤᠨ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ᠂ ᠭᠠᠯᠠᠭᠤᠲᠦ ᠪᠠᠯᠭᠠᠰᠤᠨ ᠤ ᠶᠡᠷᠦᠩᠬᠡᠶᠢᠯᠡᠭᠰᠡᠨ ᠪᠤᠳᠠᠰ ᠤᠨ | ᠭᠦᠢᠯᠭᠡᠭᠡᠨ ᠤ ᠬᠦᠷᠢᠶᠡᠯᠡᠩ ᠪᠤᠯᠤᠨ ᠭᠠᠯᠲᠦ ᠲᠡᠷᠭᠡᠨ ᠦᠷᠲᠡᠭᠡᠨ ᠤ ᠠᠭᠤᠯᠵᠠᠷ ᠱᠤᠭᠤᠮ ᠤᠨ ᠢᠨᠵᠧᠨᠧᠷᠢᠩ᠂ | ᠨᠤᠲᠤᠭ ᠤᠨ ᠭᠠᠷᠤᠯᠲᠠ ᠢᠳᠡᠭᠡᠨ ᠤ ᠬᠦᠷᠢᠶᠡᠯᠡᠩ ᠤᠨ ᠤᠶᠢᠷ᠎ᠠ ᠬᠠᠪᠢ ᠶᠢᠨ ᠤᠷᠴᠢᠨ ᠲᠣᠭᠤᠷᠢᠨ ᠤ ᠴᠡᠭᠴᠡᠯᠡᠯᠲᠡ᠂ | ᠪᠠᠷᠠᠭᠤᠨ ᠲᠤᠭᠤᠷᠢᠭᠤᠯ ᠵᠠᠮ ᠤᠨ ᠬᠤᠭᠤᠯᠠᠢ ᠲᠤᠤᠷ ᠤᠨ ᠪᠠᠶᠢᠭᠤᠯᠤᠯᠲᠠ᠂ ᠰᠠᠨ ᠡᠾᠧ ᠰᠠᠭᠤᠭᠠᠯᠢ ᠠᠷᠠᠳ ᠤᠨ | ᠳᠤᠭᠤᠷᠢᠭ ᠤᠨ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ᠂ ᠤᠤᠯ ᠤᠨ ᠰᠤᠷᠭᠠᠨ ᠬᠦᠮᠦᠵᠢᠯ ᠤᠨ ᠳᠣᠪᠴᠢᠶᠠᠨ ᠤ | ᠤᠶᠢᠷ᠎ᠠ ᠬᠠᠪᠢ ᠶᠢᠨ ᠤᠷᠴᠢᠨ ᠲᠣᠭᠤᠷᠢᠨ ᠤ ᠴᠡᠭᠴᠡᠯᠡᠯᠲᠡ᠂ ᠬᠤᠰᠢᠭᠤ ᠰᠤᠶᠤᠯ ᠤᠨ ᠠᠵᠢᠯᠯᠠᠭᠠᠨ ᠤ ᠲᠥᠪ᠂ | ᠳᠠᠪᠴᠠᠭ ᠵᠠᠮ ᠳᠠᠬᠢ ᠤᠤᠯ ᠤᠨ ᠪᠦᠷᠢᠨ ᠪᠠᠷᠠᠭᠠᠲᠦ ᠳᠡᠯᠭᠡᠭᠦᠷ᠂ ᠭᠠᠯᠠᠭᠤᠲᠦ ᠪᠠᠯᠭᠠᠰᠤᠨ ᠤ ᠬᠠᠭᠤᠴᠢᠨ ᠭᠡᠷ | ᠪᠠᠶᠢᠰᠢᠩ ᠢ ᠰᠢᠨᠡᠳᠬᠡᠨ ᠵᠠᠰᠠᠬᠤ ᠭᠡᠰᠡᠭ᠂ ᠭᠠᠯᠠᠭᠤᠲᠦ ᠰᠤᠷᠭᠠᠭᠤᠯᠢ ᠶᠢᠨ ᠡᠮᠦᠨ᠎ᠡ ᠭᠡᠰᠡᠭ ᠪᠤᠯᠤᠨ ᠵᠡᠭᠦᠨ ᠭᠡᠰᠡᠭ | ᠤᠨ ᠲᠠᠲᠠᠪᠤᠷᠢᠯᠠᠵᠤ ᠨᠤᠷᠠᠭᠠᠬᠤ ᠭᠡᠰᠡᠭ᠂ ᠶᠦᠩ ᠲᠠᠢ ᠪᠦᠯᠦᠭᠯᠡᠯ ᠤᠨ ᠠᠯᠪᠠᠨ ᠭᠡᠷ ᠤᠨ ᠠᠰᠠᠷ ᠤᠨ ᠪᠠᠷᠠᠭᠤᠨ | ᠭᠡᠰᠡᠭ ᠤᠨ ᠵᠠᠮ ᠤᠨ ᠪᠠᠶᠢᠭᠤᠯᠤᠯᠲᠠ ᠶᠢᠨ ᠭᠠᠵᠠᠷ ᠢᠶᠠᠷ ᠪᠠᠶᠢᠴᠠᠭᠠᠨ ᠦᠵᠡᠵᠤ᠂ ᠭᠤᠤᠯᠳᠠᠯᠭ᠎ᠠ ᠲᠠᠢ ᠲᠦᠷᠦᠯ ᠵᠦᠢᠯ | ᠤᠨ ᠪᠠᠶᠢᠭᠤᠯᠤᠯᠲᠠ᠂ ᠵᠡᠭᠡᠯᠢ ᠭᠤᠲᠤᠮᠵᠢ ᠶᠢᠨ ᠰᠢᠨᠡᠳᠬᠡᠨ ᠦᠭᠡᠷᠡᠴᠢᠯᠡᠯᠲᠡ᠂ ᠨᠤᠭᠤᠭᠠᠷᠠᠭᠤᠯᠤᠯᠲᠠ᠂ ᠦᠵᠡᠮᠵᠢ | ᠶᠢᠨ ᠪᠠᠶᠢᠷᠢᠯᠠᠭᠤᠯᠤᠯᠲᠠ᠂ ᠬᠤᠲᠠ ᠪᠠᠯᠭᠠᠰᠤᠨ ᠤ ᠪᠠᠶᠢᠭᠤᠯᠤᠯᠲᠠ ᠬᠠᠮᠢᠶᠠᠷᠤᠯᠲᠠ ᠵᠡᠷᠭᠡ ᠪᠠᠶᠢᠳᠠᠯ ᠳᠤ | ᠪᠠᠶᠢᠷᠢᠰᠢᠭᠤᠯᠤᠯᠲᠠ ᠲᠣᠬᠢᠷᠠᠭᠤᠯᠤᠯᠲᠠ ᠬᠢᠪᠡ᠃ ᠪᠠᠶᠢᠴᠠᠭᠠᠨ ᠰᠤᠳᠤᠯᠤᠯᠲᠠ ᠳᠤᠮᠲᠠ ᠵᠤᠤ ᠹᠸᠢ ᠯᠤ᠋ ᠶᠡᠷᠦᠩᠬᠡᠢ | ᠲᠦᠯᠦᠪᠵᠢᠭᠦᠯᠭᠡ ᠪᠤᠯᠤᠨ ᠬᠠᠮᠢᠶ᠎ᠠ ᠪᠦᠬᠦᠢ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠬᠢᠭᠤᠯᠤᠯᠲᠠ ᠶᠢᠨ | ᠪᠠᠶᠢᠳᠠᠯ ᠵᠡᠷᠭᠡ ᠶᠢ ᠨᠠᠷᠢᠨ ᠤᠶᠢᠯᠠᠭᠠᠭᠰᠠᠨ ᠤ ᠳᠠᠷᠠᠭ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢ | ᠦᠨᠳᠦᠷ ᠡᠬᠢᠯᠡᠯᠲᠡ ᠶᠢᠨ ᠴᠡᠭ ᠳᠡᠭᠡᠷ᠎ᠡ ᠠᠴᠠ ᠲᠦᠯᠦᠪᠵᠢᠭᠦᠯᠵᠤ ᠦᠨᠳᠦᠷ ᠪᠠᠷᠢᠮᠵᠢᠶ᠎ᠠ ᠲᠠᠢ ᠪᠠᠷ ᠪᠠᠯᠭᠠᠰᠤᠨ | ᠲᠤᠭᠤᠷᠢᠭ ᠤᠨ ᠪᠤᠳᠠᠳᠦ ᠪᠠᠶᠢᠳᠠᠯ ᠪᠤᠯᠤᠨ ᠲᠥᠯᠦᠪᠵᠢᠭᠦᠯᠭᠡ ᠯᠤᠭ᠎ᠠ ᠵᠤᠬᠢᠴᠠᠭᠰᠠᠨ ᠭᠤᠤᠯᠳᠠᠯᠭ᠎ᠠ ᠲᠠᠢ ᠲᠦᠷᠦᠯ | ᠵᠦᠢᠯ ᠢ ᠪᠠᠶᠢᠭᠤᠯᠵᠤ ᠳᠠᠶᠢᠴᠢᠯᠠᠨ ᠳᠠᠭᠠᠭᠤᠯᠬᠤ ᠪᠤᠯᠤᠨ ᠲᠤᠯᠭᠠᠭᠤᠷᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ | ᠭᠠᠯᠠᠭᠤᠲᠦ ᠪᠠᠯᠭᠠᠰᠤᠨ ᠤ ᠪᠠᠯᠭᠠᠰᠤᠨ ᠳᠤᠭᠤᠷᠢᠭ ᠤᠨ ᠴᠢᠨᠠᠷ ᠲᠡᠰ ᠪᠤᠯᠤᠨ ᠬᠢᠷᠢ ᠳᠦᠪᠰᠢᠨ ᠢ ᠤᠯᠠᠮ ᠨᠢᠭᠡ | ᠠᠯᠬᠤᠮ ᠲᠡᠭᠡᠭᠰᠢᠯᠡᠭᠦᠯᠬᠦ ᠭᠡᠷᠡᠭᠲᠡᠢ ᠭᠡᠵᠤ ᠱᠠᠭᠠᠷᠲᠠᠪᠠ᠃ | | | | | | | ᠵᠣᠣ ᠹᠸᠢ ᠯᠤ᠋ ᠴᠢᠬᠤᠯᠠᠴᠢᠯᠠᠬᠤ ᠳᠤ ᠪᠠᠨ ᠬᠤᠲᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠨᠢ | ᠠᠷᠠᠳ ᠣᠯᠠᠨ ᠤ ᠠᠰᠢᠭ ᠳᠤᠰᠠ ᠲᠠᠢ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠤᠷᠴᠢᠨ ᠲᠣᠭᠤᠷᠢᠨ ᠪᠤᠯᠤᠨ | ᠨᠦᠬᠦᠴᠡᠯ ᠢ ᠰᠠᠶᠢᠵᠢᠷᠠᠭᠤᠯᠬᠤ ᠠᠷᠠᠳ ᠤᠨ ᠰᠡᠳᠬᠢᠯ ᠤᠨ ᠢᠨᠵᠧᠨᠧᠷᠢᠩ ᠪᠤᠯᠬᠤ ᠶᠤᠮ᠃ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠤ ᠪᠦᠬᠦ ᠬᠤᠰᠢᠭᠤᠨ ᠤ ᠶᠡᠷᠦᠩᠬᠡᠢ ᠲᠦᠯᠦᠪᠵᠢᠭᠦᠯᠭᠡ ᠶᠤᠰᠤᠭᠠᠷ ᠡᠭᠦᠷᠭᠡ ᠪᠠᠨ | ᠲᠤᠳᠤᠷᠬᠠᠶᠢᠯᠠᠵᠤ ᠠᠵᠢᠯ ᠢᠶᠠᠨ ᠨᠠᠷᠢᠯᠢᠭᠵᠢᠭᠤᠯᠤᠨ ᠨᠢᠭᠡᠳᠦᠯᠲᠡᠢ ᠲᠦᠯᠦᠪᠵᠢᠭᠦᠯᠦᠨ ᠪᠤᠳᠤᠯᠬᠢᠯᠠᠵᠤ ᠠᠬᠢᠭᠤᠯᠤᠯᠲᠠ | ᠪᠤᠯᠤᠨ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠨ ᠨᠡᠮᠡᠭᠲᠡᠭᠦᠯᠦᠨ ᠠᠷᠠᠳ ᠲᠦᠮᠡᠨ ᠳᠤ ᠦᠨᠡᠨᠬᠦ ᠠᠰᠢᠭ | ᠬᠦᠷᠲᠡᠭᠡᠬᠦ ᠬᠡᠷᠡᠭᠲᠡᠢ ᠬᠡᠪᠡ᠃ | ᠵᠣᠣ ᠹᠸᠢ ᠯᠤ᠋ ᠨᠠᠷ ᠪᠠᠰᠠ ᠸᠠᠨ ᠯᠢ ᠰᠠᠭᠤᠭᠠᠯᠢ ᠠᠷᠠᠳ ᠤᠨ ᠲᠤᠭᠤᠷᠢᠭ ᠤᠨ ᠪᠠᠷᠠᠭᠤᠨ ᠲᠠᠯ᠎ᠠ ᠶᠢᠨ | ᠪᠠᠷᠢᠯᠭ᠎ᠠ ᠶᠢᠨ ᠬᠠᠯᠬᠠᠪᠴᠢ᠂ ᠠᠷᠠᠳ ᠤᠨ ᠵᠠᠮ ᠤᠨ ᠵᠡᠭᠡᠯᠡᠢ ᠤᠷᠤᠭᠤ ᠬᠠᠨᠳᠤᠭᠰᠠᠨ ᠬᠡᠰᠡᠭ᠂ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠦᠪ ᠤᠨ ᠪᠠᠷᠠᠭᠤᠨ ᠭᠡᠰᠡᠭ ᠤᠨ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢᠨ ᠲᠦᠷᠦᠯ | ᠵᠦᠢᠯ᠂ ᠦᠨᠳᠦᠷ ᠵᠡᠷᠭᠡ ᠶᠢᠨ ᠳᠤᠮᠲᠠᠲᠤ ᠰᠤᠷᠭᠠᠭᠤᠯᠢ ᠶᠢᠨ ᠵᠡᠭᠦᠨ ᠭᠡᠰᠡᠭ ᠤᠨ ᠰᠠᠭᠤᠭᠠᠯᠢ ᠠᠷᠠᠳ ᠤᠨ ᠭᠤᠳᠤᠮᠵᠢ | ᠶᠢᠨ ᠵᠠᠮ ᠤᠨ ᠦᠭᠡᠷᠡᠴᠢᠯᠡᠯᠲᠡ᠂ ᠤᠤᠯ ᠤᠨ ᠪᠦᠸᠧ ᠷᠧᠨ ᠡᠮᠨᠡᠯᠭᠡ ᠶᠢᠨ ᠬᠤᠷᠢᠶ᠎ᠠ᠂ ᠪᠠᠶᠠᠨ ᠵᠠᠮ ᠤᠨ ᠨᠡᠭᠦᠳᠡᠯ | ᠬᠤᠯᠪᠤᠭᠠᠨ ᠤ ᠲᠢᠩᠬᠢᠮ ᠤᠨ ᠡᠰᠡᠷᠬᠦ ᠲᠠᠯ᠎ᠠ ᠶᠢᠨ ᠲᠡᠷᠭᠡ ᠵᠣᠭᠰᠣᠭᠠᠬᠤ ᠭᠠᠵᠠᠷ ᠤᠨ ᠦᠭᠡᠷᠡᠴᠢᠯᠡᠨ ᠵᠠᠰᠠᠬᠤ ᠲᠦᠷᠦᠯ | ᠵᠦᠢᠯ᠂ ᠤᠢ ᠶᠢᠨ ᠰᠡᠬᠦᠳᠡᠷᠲᠤ ᠵᠠᠮ ᠤᠨ ᠵᠠᠰᠠᠨ ᠦᠭᠡᠷᠡᠴᠢᠯᠡᠯᠲᠡ ᠶᠢᠨ ᠲᠦᠷᠦᠯ ᠵᠦᠢᠯ ᠵᠡᠷᠭᠡ ᠬᠤᠲᠠ ᠪᠠᠯᠭᠠᠰᠤᠨ | ᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠴᠠᠭᠠᠨ ᠦᠵᠡᠪᠡ᠃ | ᠲᠡᠷᠡ ᠱᠠᠭᠠᠷᠳᠠᠬᠤ ᠳᠤ ᠪᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠡᠯ᠎ᠡ ᠪᠠᠷᠢᠯᠭ᠎ᠠ ᠶᠢᠨ ᠠᠵᠤ ᠠᠬᠤᠶᠢᠯᠠᠯ | ᠤᠨ ᠬᠢᠨ ᠬᠤᠲᠠ ᠪᠠᠯᠭᠠᠰᠤ ᠶᠢᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠢ | ᠬᠦᠢᠴᠡᠳ ᠲᠠᠨᠢᠵᠤ ᠮᠠᠨ ᠤ ᠬᠤᠰᠢᠭᠤᠨ ᠤ ᠬᠤᠲᠠ ᠪᠠᠯᠭᠠᠰᠤ ᠶᠢᠨ ᠪᠦᠲᠦᠴᠡ ᠯᠤᠭ᠎ᠠ ᠤᠶᠠᠯᠳᠤᠭᠤᠯᠤᠨ ᠶᠡᠭᠡ | ᠪᠠᠶᠢᠳᠠᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠤ ᠡᠭᠦᠷᠭᠡ ᠬᠠᠷᠢᠭᠤᠴᠠᠯᠭ᠎ᠠ ᠪᠠᠨ | ᠪᠡᠶᠡᠯᠡᠭᠦᠯᠦᠨ ᠬᠠᠷᠢᠯᠴᠠᠨ ᠬᠠᠮᠲᠤᠷᠠᠯᠴᠠᠵᠤ ᠮᠠᠨ ᠤ ᠬᠤᠰᠢᠭᠤᠨ ᠤ 2019 ᠣᠨ ᠤ ᠬᠤᠲᠠ ᠪᠠᠯᠭᠠᠰᠤ ᠶᠢᠨ | ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ | ᠪᠤᠯᠤᠨ ᠬᠠᠮᠢᠶᠠᠷᠤᠯᠲᠠ ᠶᠢ ᠠᠬᠢᠭᠤᠯᠵᠤ ᠬᠤᠲᠠ ᠶᠢᠨ ᠴᠢᠨᠠᠷ ᠲᠡᠰ ᠶᠢᠨ ᠲᠡᠭᠡᠭᠰᠢᠯᠡᠭᠦᠯᠦᠨ ᠠᠷᠠᠳ ᠤᠯᠠᠨ ᠳᠤ ᠨᠢᠭᠡᠨ | ᠲᠠᠭᠠᠯᠠᠮᠵᠢᠲᠠᠢ ᠠᠮᠢᠳᠤᠷᠠᠯ ᠤᠨ ᠤᠷᠴᠢᠨ ᠢ ᠬᠠᠩᠭᠠᠬᠤ ᠬᠡᠷᠡᠭᠲᠡᠢ᠃ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢᠨ | ᠵᠡᠷᠭᠡᠪᠡᠷ ᠴᠢᠨᠠᠷ ᠴᠢᠨᠰᠠᠭ᠎ᠠ ᠶᠢ ᠪᠠᠲᠤᠯᠠᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠵᠤ ᠲᠤᠭᠲᠠᠭᠰᠠᠨ | ᠬᠤᠭᠤᠴᠠᠭᠠᠨ ᠳᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠬᠡᠷᠡᠭᠲᠡᠢ ᠬᠡᠪᠡ᠃ |