3 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠣᠣ ᠹᠸᠢ ᠯᠤ᠋ ᠦᠦᠰᠢᠨᠵᠤᠤ ᠪᠠᠯᠭᠠᠰᠤᠨ ᠳᠤ ᠬᠦᠷᠴᠦ ᠵᠢᠵᠢᠭ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠤᠬᠠᠭᠤᠯᠬᠤ ᠭᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠲᠡᠳ᠋ ᠲᠠᠷᠤᠭ᠎ᠠ ᠵᠸᠦ | ᠱᠤᠸᠠᠢ᠂ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ᠂ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ | ᠵᠠᠮ ᠬᠠᠷᠢᠯᠴᠠᠭᠠᠨ ᠤ ᠳᠣᠪᠴᠢᠶ᠎ᠠ᠂ ᠤᠷᠤᠨ ᠰᠠᠭᠤᠴᠠ ᠪᠤᠯᠤᠨ ᠬᠤᠲᠠ ᠬᠦᠳᠡᠭᠡ ᠶᠢᠨ ᠲᠦᠯᠦᠪᠵᠢᠭᠦᠯᠦᠭᠡ ᠶᠢᠨ | ᠳᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠵᠢᠴᠢ ᠦᠦᠰᠢᠨᠵᠤᠤ ᠪᠠᠯᠭᠠᠰᠤᠨ ᠤ | ᠭᠤᠤᠯ ᠬᠠᠷᠢᠭᠤᠴᠠᠯᠭᠠᠲᠠᠨ ᠪᠠᠷᠠᠳᠠᠪᠡ᠃ | | | | | | | ᠵᠣᠣ ᠹᠸᠢ ᠯᠤ᠋ ᠨᠠᠷ ᠤᠷᠢᠳ ᠬᠤᠵᠢᠳ ᠦᠦᠰᠢᠨᠵᠤᠤ ᠪᠠᠯᠭᠠᠰᠤᠨ ᠤ ᠬᠠᠭᠤᠴᠢᠨ ᠬᠤᠲᠠ ᠶᠢᠨ ᠲᠤᠭᠤᠷᠢᠭ | ᠤᠨ ᠠᠶᠦᠯᠲᠠᠢ ᠭᠡᠷ ᠪᠠᠶᠢᠰᠢᠩ ᠢ ᠨᠤᠷᠠᠭᠠᠨ ᠵᠠᠰᠠᠵᠤ ᠪᠠᠶᠢᠭ᠎ᠠ ᠪᠠᠶᠢᠳᠠᠯ᠂ ᠤᠰᠤ ᠪᠤᠯᠤᠨ ᠪᠤᠬᠢᠷᠳᠤᠯ ᠢ | ᠭᠠᠲᠠᠭᠰᠢᠯᠠᠭᠤᠯᠵᠤ ᠪᠠᠶᠢᠭ᠎ᠠ ᠪᠠᠶᠢᠳᠠᠯ ᠵᠢᠴᠢ ᠭᠤᠤᠯᠳᠠᠯᠭ᠎ᠠ ᠲᠠᠢ ᠵᠠᠮ ᠭᠡᠰᠡᠭ ᠤᠨ ᠡᠪᠳᠡᠷᠡᠭᠰᠡᠨ ᠪᠠᠶᠢᠳᠠᠯ ᠢ | ᠤᠶᠢᠯᠠᠭᠠᠬᠤ ᠶᠢᠨ ᠬᠠᠮᠲᠦ ᠰᠢᠨ᠎ᠡ ᠬᠤᠲᠠ ᠶᠢᠨ ᠲᠣᠭᠤᠷᠢᠭ ᠤᠨ ᠡᠯ᠎ᠡ ᠨᠡᠭᠦᠯᠭᠡᠨ ᠰᠢᠯᠵᠢᠭᠦᠯᠬᠦ ᠰᠠᠭᠤᠭᠠᠯᠢ | ᠲᠣᠭᠤᠷᠢᠭ ᠤᠨ ᠨᠡᠭᠦᠳᠡᠯ ᠠᠷᠠᠳ ᠢ ᠳᠦᠪᠬᠢᠨᠡᠭᠦᠯᠦᠭᠰᠠᠨ ᠪᠠᠶᠢᠳᠠᠯ ᠢ ᠤᠶᠢᠯᠠᠭᠠᠪᠠ᠃ | ᠵᠣᠣ ᠹᠸᠢ ᠯᠤ᠋ ᠵᠢᠭᠠᠬᠤ ᠳᠤ ᠪᠠᠨ᠂ ᠬᠠᠭᠤᠴᠢᠨ ᠬᠤᠲᠠ ᠶᠢᠨ ᠲᠣᠭᠤᠷᠢᠭ ᠤᠨ ᠠᠶᠦᠯᠲᠠᠢ ᠬᠠᠭᠤᠴᠢᠨ ᠭᠡᠷ | ᠪᠠᠶᠢᠰᠢᠩ ᠢ ᠨᠤᠷᠠᠭᠠᠨ ᠨᠡᠭᠦᠯᠭᠡᠬᠦ ᠠᠵᠢᠯ ᠢ ᠲᠦᠷᠭᠡᠨ ᠪᠡᠶᠡᠯᠡᠭᠦᠯᠵᠤ ᠨᠡᠭᠦᠯᠭᠡᠨ ᠰᠢᠯᠵᠢᠭᠦᠯᠵᠤ ᠣᠷᠣᠨᠵᠢᠭᠤᠯᠬᠤ ᠠᠵᠢᠯ | ᠢ ᠰᠠᠶᠢᠲᠤᠷ ᠬᠢᠵᠤ ᠰᠠᠭᠤᠭᠠᠯᠢ ᠠᠷᠠᠳ ᠤᠨ ᠠᠮᠢ ᠨᠠᠰᠦ ᠡᠳ᠋ ᠬᠦᠷᠦᠩᠭᠡ ᠶᠢᠨ ᠠᠮᠤᠷ ᠳᠦᠪᠰᠢᠨ ᠢ ᠪᠠᠲᠤᠯᠠᠬᠤ | ᠬᠡᠷᠡᠭᠲᠡᠢ᠃ ᠡᠯ᠎ᠡ ᠰᠢᠯᠵᠢᠭᠦᠯᠦᠨ ᠣᠷᠣᠨᠵᠢᠭᠤᠯᠬᠤ ᠰᠠᠭᠤᠭᠠᠯᠢ ᠠᠷᠠᠳ ᠤᠨ ᠲᠣᠭᠤᠷᠢᠭ ᠤᠨ ᠬᠠᠲᠠᠭᠤᠷᠠᠭᠤᠯᠤᠯᠲᠠ᠂ | ᠨᠤᠭᠤᠭᠠᠷᠠᠭᠤᠯᠤᠯᠲᠠ᠂ ᠭᠤᠶᠤᠵᠢᠭᠤᠯᠤᠯᠲᠠ ᠶᠢᠨ ᠠᠵᠢᠯ ᠢ ᠰᠠᠶᠢᠨ ᠬᠢᠵᠤ ᠭᠤᠷᠪᠠᠳᠤᠭᠠᠷ ᠠᠵᠤ ᠦᠢᠯᠡᠰ ᠤᠨ | ᠲᠦᠷᠭᠡᠨ ᠬᠦᠭᠵᠢᠯᠲᠡ ᠶᠢ ᠠᠬᠢᠭᠤᠯᠤᠨ ᠲᠦᠬᠦᠷᠴᠢᠯᠡᠭᠰᠡᠨ ᠦᠢᠯᠡᠴᠢᠯᠡᠭᠡ ᠶᠢ ᠲᠠᠷᠤᠢ ᠲᠦᠷᠭᠡᠨ ᠤᠷᠢᠨ ᠣᠷᠣᠭᠤᠯᠵᠤ | ᠨᠡᠭᠦᠳᠡᠯ ᠠᠷᠠᠳ ᠲᠤ ᠵᠤᠯ ᠵᠢᠷᠭᠠᠯᠲᠦ ᠲᠦᠷᠦᠭᠲᠡᠯ ᠢ ᠤᠯᠭᠤᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠬᠢᠨ ᠡᠯ᠎ᠡ ᠭᠤᠤᠯᠳᠠᠯᠭ᠎ᠠ ᠲᠠᠢ ᠵᠠᠮ ᠤᠨ ᠡᠪᠳᠡᠷᠡᠭᠰᠡᠨ ᠭᠡᠰᠡᠭ ᠢ ᠳᠠᠷᠤᠢ ᠲᠦᠷᠭᠡᠨ ᠵᠠᠰᠠᠵᠤ ᠡᠯ᠎ᠡ ᠭᠤᠤᠯᠳᠠᠯᠭ᠎ᠠ | ᠲᠠᠢ ᠵᠠᠮ ᠤᠨ ᠲᠡᠷᠭᠡ ᠨᠡᠪᠳᠡᠷᠡᠬᠦ ᠠᠮᠤᠷ ᠳᠦᠪᠰᠢᠨ ᠢ ᠪᠠᠲᠤᠯᠠᠬᠤ ᠬᠡᠷᠡᠭᠲᠡᠢ ᠭᠡᠵᠡᠢ᠃ | ᠵᠣᠣ ᠹᠸᠢ ᠯᠤ᠋ ᠴᠢᠬᠤᠯᠠᠴᠢᠯᠠᠬᠤ ᠳᠤ ᠪᠠᠨ᠂ ᠦᠦᠰᠢᠨᠵᠤᠤ ᠪᠠᠯᠭᠠᠰᠤᠨ ᠤ ᠬᠠᠭᠤᠴᠢᠨ ᠬᠤᠲᠠ ᠶᠢᠨ ᠲᠤᠭᠤᠷᠢᠭ ᠤᠨ | ᠪᠠᠶᠢᠷᠢᠰᠢᠯ ᠲᠤᠤᠷ᠎ᠠ ᠮᠦᠷᠲᠡᠭᠡᠨ ᠭᠠᠵᠠᠷ ᠲᠤᠤᠷᠠᠬᠢ ᠤᠰᠤᠨ ᠳᠥᠪᠰᠢᠨ ᠨᠡᠯᠢᠶᠡᠳ ᠦᠨᠳᠦᠷ ᠪᠠᠶᠢᠵᠤ ᠪᠤᠷᠤᠭᠠᠨ ᠤ | ᠤᠯᠠᠷᠢᠯ ᠬᠦᠷᠴᠦ ᠢᠷᠡᠬᠦ ᠪᠦᠷᠢ ᠪᠠᠯᠭᠠᠰᠤᠨ ᠲᠤᠭᠤᠷᠢᠭ ᠤᠰᠤᠳᠠᠬᠤ ᠠᠶᠦᠯ ᠭᠠᠷᠳᠠᠭ᠂ ᠡᠶᠢᠨᠬᠦ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠬᠢᠨ ᠲᠠᠷᠤᠢ ᠲᠦᠷᠭᠡᠨ ᠬᠠᠭᠤᠴᠢᠨ ᠲᠤᠭᠤᠷᠢᠭ ᠤᠨ ᠪᠤᠷᠤᠭᠠᠨ ᠤᠰᠤ ᠶᠢ ᠰᠢᠢᠳᠪᠦᠷᠢᠯᠡᠬᠦ | ᠠᠵᠢᠯ ᠢ ᠰᠠᠶᠢᠲᠤᠷ ᠬᠢᠵᠤ ᠰᠠᠭᠤᠭᠠᠯᠢ ᠠᠷᠠᠳ ᠤᠨ ᠠᠮᠤᠷ ᠳᠦᠪᠰᠢᠨ ᠢ ᠪᠠᠲᠤᠯᠠᠬᠤ ᠬᠡᠷᠡᠭᠲᠡᠢ᠃ ᠪᠤᠵᠠᠷ ᠤᠰᠤ | ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠬᠤ ᠤᠷᠤᠨ ᠪᠠᠶᠢᠷᠢ ᠪᠤᠯᠤᠨ ᠪᠠᠶᠢᠭᠤᠯᠤᠯᠲᠠ ᠶᠢᠨ ᠲᠦᠰᠦᠪ ᠢ ᠳᠠᠷᠤᠢ | ᠲᠦᠷᠭᠡᠨ ᠲᠤᠭᠲᠠᠭᠠᠬᠤ ᠶᠢᠨ ᠬᠠᠮᠲᠦ ᠨᠤᠳ᠋ᠯᠠᠠᠵᠤ ᠡᠷᠲᠡᠭᠡᠨ ᠪᠠᠶᠢᠭᠤᠯᠵᠤ ᠬᠡᠷᠡᠭᠯᠡᠯᠲᠡ ᠳᠤ ᠤᠷᠤᠭᠤᠯᠬᠤ ᠪᠠᠷ | ᠴᠢᠷᠮᠠᠶᠢᠬᠤ ᠬᠡᠷᠡᠭᠲᠡᠢ ᠬᠡᠪᠡ᠃ |