ᠮᠠᠨ ᠤ ᠬᠤᠰᠢᠭᠤ ᠣᠷᠳᠤᠰ ᠨᠠᠷᠢᠨ ᠨᠤᠤᠰᠤᠳᠤ ᠬᠤᠨᠢᠨ ᠤ ᠡᠬᠦᠯᠳᠡᠷ ᠢ ᠰᠠᠶᠢᠵᠢᠷᠠᠭᠤᠯᠣᠨ ᠮᠠᠯ ᠠᠵᠦ ᠠᠬᠤᠢ  ᠶᠢᠨ ᠴᠢᠨᠡᠷ ᠰᠠᠶᠢᠳᠠᠢ ᠬᠦᠭᠵᠢᠯᠳᠠ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019-03-26
     ᠣᠶᠢᠷ᠎ᠠ ᠳᠤ ᠮᠠᠨ ᠤ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠳᠣᠪᠴᠢᠶᠠᠨ ᠤ ᠬᠢᠨ ᠨᠡᠶᠢᠳᠡ 290 ᠭᠠᠷᠤᠢ ᠲᠥᠮᠡᠨ ᠲᠥᠬᠦᠷᠢᠭ ᠤᠨ ᠪᠡᠯᠡ ᠵᠠᠷᠤᠴᠠᠭᠤᠯᠤᠨ 153 ᠠᠦ᠋ᠰᠲᠷᠠᠯᠢᠶ᠎ᠠ ᠶᠢᠨ ᠴᠡᠪᠡᠷ ᠡᠬᠦᠯᠳᠡᠷ ᠤᠨ ᠮᠧᠷᠨᠣᠰ ᠬᠤᠴᠠ ᠪᠣᠯᠣᠨ 50 ᠡᠬᠡ ᠮᠠᠯ ᠢ ᠣᠷᠣᠭᠤᠯᠣᠨ ᠠᠪᠴᠢᠷᠠᠵᠣ᠂ ᠣᠷᠳᠣᠰ ᠨᠠᠷᠢᠨ ᠨᠣᠣᠰᠣᠳᠣ ᠬᠤᠨᠢᠨ ᠤ ᠡᠬᠦᠯᠳᠡᠷ ᠢ ᠰᠠᠶᠢᠵᠢᠷᠠᠭᠤᠯᠬᠤ ᠪᠠᠷ ᠲᠠᠮᠵᠢᠨ ᠮᠠᠯᠴᠢᠳ ᠤᠨ ᠣᠷᠣᠯᠭ᠎ᠠ ᠶᠢ ᠨᠡᠮᠡᠭᠳᠡᠬᠦᠯᠵᠦ᠂ ᠮᠠᠯ ᠠᠵᠣ ᠠᠬᠤᠢ ᠶᠢᠨ ᠴᠢᠨᠡᠷ ᠰᠠᠶᠢᠳᠠᠢ ᠬᠦᠭᠵᠢᠯᠳᠡ ᠶᠢ ᠠᠬᠢᠭᠤᠯᠵᠦ ᠪᠠᠶᠢᠨ᠎ᠠ᠃
           ᠳᠣᠰ ᠣᠳᠠᠭᠠᠨ ᠤ ᠠᠦ᠋ᠰᠲᠷᠠᠯᠢᠶ᠎ᠠ ᠠᠴᠠ ᠣᠷᠤᠭᠤᠯᠤᠭᠰᠠᠨ 203 ᠴᠡᠪᠡᠷ ᠡᠬᠦᠯᠳᠡᠷ ᠤᠨ ᠮᠧᠷᠨᠣᠰ ᠬᠤᠨᠢ  ᠶᠢ ᠪᠣᠭᠤᠳᠣ ᠬᠤᠳᠠ ᠶᠢᠨ ᠭᠦ᠋ ᠶᠠᠩ ᠰᠢᠶᠠᠨ ᠳᠤ ᠳᠦᠴᠢᠨ ᠲᠠᠪᠣᠨ ᠡᠳᠣᠷ ᠳᠣᠰᠠᠭᠠᠷᠯᠠᠭᠤᠯᠣᠭᠠᠳ ᠭᠠᠯᠠᠭᠤᠳᠣ ᠪᠠᠯᠭᠠᠰᠣᠨ ᠳᠤ ᠪᠠᠶᠢᠭ᠎ᠠ‌ᠣᠷᠳᠣᠰ ᠨᠠᠷᠢᠨ ᠨᠣᠣᠰᠣᠳᠣ ᠬᠤᠨᠢᠨ ᠤ ᠠᠬᠠᠷ ᠨᠣᠣᠰᠣ ᠶᠢ ᠬᠠᠳᠠᠭᠠᠯᠠᠨ ᠵᠣᠬᠡᠬᠡᠪᠣᠷᠢᠯᠡᠬᠦ ᠰᠣᠯᠢᠯᠴᠠᠭᠠᠨ ᠤ ᠳᠦᠪ ᠲᠤ ᠠᠪᠴᠢᠷᠠᠵᠣ ᠡᠬᠦᠯᠳᠡᠷ ᠰᠠᠶᠢᠵᠢᠷᠠᠭᠤᠯᠬᠤ ᠦᠷᠲᠡᠭᠡᠨ ᠤ ᠠᠵᠢᠯᠳᠡᠳ ᠤᠨ ᠠᠷᠠᠴᠢᠯᠠᠭ᠎ᠠ ᠲᠤᠳᠤᠮᠳᠤᠯᠭ᠎ᠠ ᠪᠠᠷ ᠳᠠᠰᠬᠠᠨ ᠮᠠᠯᠵᠢᠵᠣ ᠪᠠᠶᠢᠨ᠎ᠠ᠃        ᠡᠳᠡᠬᠡᠷ ᠠᠦ᠋ᠰᠲᠷᠠᠯᠢᠶ᠎ᠠ ᠶᠢᠨ ᠴᠡᠪᠡᠷ ᠡᠬᠦᠯᠳᠡᠷ ᠤᠨ ᠮᠧᠷᠨᠣᠰ ᠬᠤᠨᠢ ᠶᠢ ᠣᠷᠳᠣᠰ ᠨᠠᠷᠢᠨ ᠨᠣᠣᠰᠣᠳᠣ  ᠬᠤᠴᠠ ᠶᠢᠨ ᠳᠠᠵᠢᠬᠡᠪᠣᠷᠢ ᠶᠢᠨ ᠰᠠᠭᠤᠷᠢᠨ ᠭᠠᠵᠡᠷ ᠲᠤ ᠨᠢᠬᠡᠳᠣᠯᠳᠡᠢ ᠠᠷᠠᠴᠢᠯᠡᠨ ᠮᠠᠯᠵᠢᠵᠣ ᠬᠡᠬᠡᠯᠳᠦᠬᠦᠯᠬᠡ ᠶᠢᠨ ᠬᠤᠭᠤᠴᠠᠭᠠᠨ ᠳᠤ ᠣᠷᠳᠣᠰ ᠨᠠᠷᠢᠨ ᠨᠣᠣᠰᠣᠳᠣ ᠬᠤᠨᠢ ᠮᠠᠯᠵᠢᠵᠣ ᠪᠠᠶᠢᠭ᠎ᠠ ᠲᠡᠵᠢᠬᠡᠪᠣᠷᠢ ᠶᠢᠨ ᠳᠣᠮᠣ ᠡᠷᠣᠭᠡ ᠲᠠᠢ ᠬᠡᠷ᠎ᠡ ᠳᠣᠭᠳᠠᠨ ᠳᠠᠭᠠᠭᠠᠴᠢᠯᠠᠭᠤᠯᠵᠣ᠂ ᠬᠡᠬᠡᠯᠳᠦᠬᠦᠯᠬᠡ ᠶᠢᠨ ᠠᠵᠢᠯ ᠳᠠᠭᠤᠰᠪᠠᠯ ᠨᠢᠬᠡᠳᠣᠯᠳᠡᠢ ᠬᠤᠷᠢᠶᠠᠨ ᠠᠪᠴᠣ ᠨᠢᠬᠡᠳᠣᠯᠳᠡᠢ ᠠᠷᠠᠴᠢᠯᠡᠨ ᠮᠠᠯᠵᠢᠬᠤ ᠪᠣᠯᠣᠨ᠎ᠠ᠃  
          ᠠᠦ᠋ᠰᠲᠷᠠᠯᠢᠶ᠎ᠠ ᠶᠢᠨ ᠴᠡᠪᠡᠷ ᠡᠬᠦᠯᠳᠡᠷ ᠤᠨ ᠮᠧᠷᠨᠣᠰ ᠬᠤᠨᠢ ᠪᠤᠯ ᠨᠠᠷᠢᠨ ᠨᠤᠤᠰᠤᠳᠤ ᠬᠤᠨᠢᠨ ᠤ ᠬᠠᠮᠤᠭ  ᠤᠨ ᠰᠢᠯᠢᠳᠡᠭ ᠡᠬᠦᠯᠳᠡᠷ ᠪᠠᠶᠢᠵᠦ᠂ ᠨᠤᠤᠰᠤ ᠪᠠ‌ᠮᠢᠬᠠᠨ ᠤ ᠭᠠᠷᠤᠯᠳᠠ ᠪᠠᠷ ᠰᠠᠶᠢᠨ ᠡᠬᠦᠯᠳᠡᠷ ᠤᠨ ᠮᠠᠯ ᠪᠤᠯᠤᠨ᠎ᠠ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠣᠷᠳᠣᠰ ᠨᠠᠷᠢᠨ ᠨᠣᠣᠰᠤᠲᠤ ᠬᠤᠨᠢᠨ ᠤ ᠰᠠᠭᠤᠷᠢᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠵᠦ ᠡᠭᠦᠯᠳᠡᠷ ᠤᠨ ᠮᠠᠯ ᠢ ᠨᠡᠶᠢᠲᠡᠮ ᠪᠠᠶᠢᠴᠠᠭᠠᠬᠤ᠂ ᠦᠷᠡᠵᠢᠯ ᠤᠨ ᠮᠠᠯ ᠤᠨ ᠴᠢᠨᠠᠷ ᠢ ᠳᠡᠭᠡᠭᠰᠢᠯᠡᠬᠦᠯᠬᠦ᠂ ᠢᠬᠢᠷ᠎ᠠ ᠳᠦᠯ ᠪᠣᠶᠢᠵᠢᠭᠤᠯᠬᠤ ᠮᠡᠷᠭᠡᠵᠢᠯ ᠢᠶᠠᠨ ᠳᠡᠬᠡᠭᠰᠢᠯᠡᠬᠦᠯᠬᠦ ᠵᠡᠷᠭᠡ ᠲᠠᠯ᠎ᠠ ᠶᠢᠨ ᠠᠵᠢᠯ ᠶᠢ ᠴᠢᠩᠭᠠᠳᠬᠠᠵᠦ᠂ 2012 ᠣᠨ ᠡᠴᠨ‌ᠨᠠᠰᠢ ᠣᠷᠢᠳ ᠬᠤᠵᠢᠳ ᠭᠤᠷᠪᠡ ᠣᠳᠠᠭ᠎ᠠ ᠠᠦ᠋ᠰᠲᠷᠠᠯᠢᠶ᠎ᠠ ᠶᠢᠨ ᠴᠡᠪᠡᠷ ᠡᠬᠦᠯᠳᠡᠷ ᠤᠨ ᠮᠧᠷᠨᠣᠰ ᠬᠤᠴᠠ ᠶᠢ ᠨᠡᠶᠢᠳᠡ 220 ᠭᠠᠷᠤᠢ ᠣᠷᠤᠭᠤᠯᠤᠨ ᠠᠪᠴᠢᠷᠠᠵᠦ ᠂ ᠣᠷᠳᠣᠰ ᠤᠨ ᠨᠠᠷᠢᠨ ᠨᠣᠣᠰᠣᠳᠣ ᠬᠤᠨᠢᠨ ᠤ ᠡᠬᠦᠯᠳᠡᠷ ᠢ ᠰᠠᠶᠢᠵᠢᠷᠠᠭᠤᠯᠣᠨ ᠮᠠᠯᠴᠢᠨ ᠳᠦᠮᠡᠨ ᠤ ᠣᠷᠣᠯᠭ᠎ᠠ ᠶᠢ ᠨᠡᠮᠡᠭᠳᠡᠭᠦᠯᠵᠣ ᠮᠠᠯ ᠠᠵᠣ ᠠᠬᠤᠢ ᠶᠢᠨ ᠴᠢᠨᠡᠷ ᠰᠠᠶᠢᠳᠠᠢ ᠬᠦᠭᠵᠢᠯᠳᠡ ᠳᠤ ᠰᠠᠭᠤᠷᠢ ᠳᠠᠯᠪᠢᠭᠰᠡᠨ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号