ᠮᠠᠨ ᠤ ᠬᠤᠰᠢᠭᠤᠨ ᠤ ᠵᠤᠬᠢᠶᠠᠯᠴᠢᠳ ᠤᠨ ᠡᠪᠯᠡᠯ ᠤᠨ ᠬᠢᠨ ᠲᠡᠯᠡᠭᠡᠢ ᠶᠢᠨ ᠢᠷᠠᠭᠤ ᠨᠠᠶᠢᠷᠠᠭ ᠤᠨ ᠡᠳᠦᠷᠯᠢᠭ ᠢ ᠣᠳᠬ᠎ᠠ ᠠᠭᠤᠯᠭ᠎ᠠ ᠲᠠᠢ ᠲᠡᠮᠳᠡᠭᠯᠡᠪᠡ
ᠨᠡᠶᠢᠲᠡᠯᠡᠭᠰᠡᠨ ᠴᠠᠭ᠄
2019-03-26
     3 ᠰᠠᠷ᠎ᠠ ᠶᠢᠨ 21 ᠤ ᠡᠳᠦᠷ᠂ ᠲᠡᠯᠡᠭᠡᠢ ᠶᠢᠨ ᠢᠷᠠᠭᠤ ᠨᠠᠶᠢᠷᠠᠭ ᠤᠨ ᠡᠳᠤᠷ ᠢ ᠲᠤᠬᠢᠶᠠᠯᠳᠤᠭᠤᠯᠤᠨ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠵᠤᠬᠢᠶᠠᠯᠴᠢᠳ ᠤᠨ ᠡᠪᠯᠡᠯ ᠤᠨ ᠬᠢᠨ ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ ᠰᠣᠷᠭᠠᠭᠤᠯᠢ ᠳᠤ ᠬᠦᠷᠴᠤ ᠪᠠᠭᠰᠢ ᠰᠤᠷᠤᠭᠴᠢᠳ  ᠲᠠᠢ ᠬᠠᠮᠳᠤ ᠪᠠᠷ ᠰᠢᠯᠥᠭ ᠤᠩᠰᠢᠨ ᠲᠡᠯᠡᠭᠡᠢ ᠶᠢᠨ ᠢᠷᠠᠭᠤ ᠨᠠᠶᠢᠷᠠᠭ ᠤᠨ ᠡᠳᠦᠷᠯᠢᠭ ᠢ ᠤᠳᠬ᠎ᠠ ᠠᠭᠤᠯᠭ᠎ᠠ ᠲᠠᠢ ᠲᠡᠮᠳᠡᠭᠯᠡᠵᠦ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠤᠳᠬ᠎ᠠ ᠤᠷᠠᠯᠢᠭ ᠤᠨ ᠬᠢᠨ  ᠤ ᠬᠤᠯᠪᠤᠭᠠᠨ ᠤ ᠲᠠᠷᠢᠭᠦᠯᠡᠭᠴᠢ ᠤᠶᠤᠨᠪᠢᠯᠢᠭ᠌ ᠵᠢᠴᠢ ᠮᠠᠨ ᠤ ᠬᠤᠰᠢᠭᠤᠨ ᠤ ᠬᠡᠰᠡᠭ ᠵᠤᠬᠢᠶᠠᠯᠴᠢᠳ ᠤᠷᠤᠯᠴᠠᠪᠠ᠃      ᠠᠵᠢᠯᠯᠠᠭ᠎ᠠ ᠲᠡᠭᠡᠷ᠎ᠡ ᠪᠠᠭᠰᠢ ᠰᠤᠷᠤᠭᠴᠢᠳ᠂ ᠵᠤᠬᠢᠶᠠᠯᠴᠢᠳ ᠠᠴᠠ ᠠᠩᠬ᠎ᠠ ᠲᠤᠮᠳᠠᠳᠤ᠂ ᠲᠡᠭᠡᠳᠤ ᠲᠤᠮᠳᠠᠳᠣ᠂ ᠨᠡᠶᠢᠭᠡᠮ ᠤᠨ ᠵᠤᠬᠢᠶᠠᠯᠴᠢᠳ ᠭᠡᠭᠦ ᠭᠤᠷᠪᠠᠨ ᠲᠤᠭᠤᠶᠢᠯᠠᠩ ᠬᠤᠪᠢᠶᠠᠨ ᠰᠢᠯᠥᠭ ᠤᠶᠠᠩᠭᠠᠯᠠᠵᠤ ᠰᠤᠷᠤᠭᠴᠢᠳ ᠠᠴᠠ ᠬᠠᠯᠬ᠎ᠠ᠂ ᠦᠪᠦᠷ ᠮᠤᠩᠭᠤᠯ ᠤᠨ ᠨᠡᠷᠡᠳᠤ ᠢᠷᠠᠭᠤ ᠨᠠᠶᠢᠷᠠᠭᠴᠢᠳ ᠤᠨ ᠰᠢᠯᠥᠭ ᠢ ᠠᠮᠢᠯᠠᠭᠤᠯᠤᠨ ᠤᠩᠰᠢᠵᠤ ᠵᠤᠬᠢᠶᠠᠯᠴᠢᠳ ᠤᠨ ᠲᠤᠭᠤᠶᠢᠯᠠᠩ ᠤᠨ ᠬᠢᠨ ᠦᠪᠡᠷ ᠤᠨ ᠪᠢᠴᠢᠭᠰᠡᠨ ᠪᠦᠳᠤᠭᠡᠯ ᠢᠶᠠᠨ ᠤᠩᠰᠢᠨ ᠰᠤᠨᠢᠷᠬᠠᠭᠤᠯᠵᠤ ᠢᠷᠠᠭᠤ ᠨᠠᠶᠢᠷᠠᠭ ᠤᠨ ᠡᠳᠤᠷ ᠢ  ᠰᠤᠷᠤᠭᠴᠢᠳ ᠲᠠᠢ ᠬᠠᠮᠳᠤ ᠪᠠᠷ ᠦᠩᠭᠡᠷᠡᠭᠡᠭᠰᠡᠨ ᠨᠢ ᠣᠨᠴᠠ ᠶᠢᠨ ᠤᠳᠬ᠎ᠠ ᠠᠭᠤᠯᠭ᠎ᠠ ᠲᠠᠢ ᠪᠤᠯᠪᠠ᠃      ᠠᠵᠢᠯᠯᠠᠭ᠎ᠠ ᠳᠤ᠂ ᠵᠤᠬᠢᠶᠠᠯᠴᠢᠳ ᠤᠨ ᠡᠪᠯᠡᠯ ᠤᠨ ᠬᠢᠨ ᠠᠴᠠ ᠰᠢᠯᠥᠭ ᠤᠩᠰᠢᠭᠰᠠᠨ ᠰᠢᠯᠢᠳᠡᠭ ᠰᠤᠷᠤᠭᠴᠢᠳ ᠢ ᠱᠠᠩᠨᠠᠨ ᠬᠦᠭᠢᠭᠦᠯᠵᠤ ᠲᠡᠳᠡᠨ ᠤ ᠤᠷᠮ᠎ᠠ ᠵᠤᠷᠢᠭ ᠢ ᠬᠦᠪᠴᠢᠯᠡᠭᠰᠡᠨ ᠢᠶᠠᠷ ᠪᠠᠷᠠᠬᠤ ᠦᠭᠡᠢ ᠬᠠᠰᠰᠤᠳᠤ᠂ ᠵᠠᠩᠭᠠᠨᠤᠷᠪᠤ ᠬᠤᠶᠠᠷ ᠠᠬᠠᠮᠠᠳ ᠵᠤᠬᠢᠶᠠᠯᠴᠢ ᠠᠴᠠ ᠦᠪᠡᠷ ᠤᠨ ᠪᠢᠴᠢᠵᠤ ᠭᠡᠪᠯᠡᠭᠦᠯᠦᠭᠰᠡᠨ ᠨᠤᠮ ᠢᠶᠠᠨ ᠪᠥᠭᠦ ᠤᠷᠤᠯᠴᠠᠭᠰᠠᠳ ᠲᠤ ᠪᠡᠯᠡᠭ ᠪᠤᠯᠭᠠᠨ ᠪᠠᠷᠢᠵᠤ ᠰᠤᠷᠤᠭᠴᠢᠳ ᠲᠤ ᠮᠦᠩᠭᠡ ᠶᠢᠨ ᠲᠤᠷᠠᠳᠬᠠᠯ ᠦᠯᠡᠳᠡᠭᠡᠵᠡᠢ᠃      ᠵᠤᠬᠢᠶᠠᠯᠴᠢᠳ ᠤᠨ ᠡᠪᠯᠡᠯ ᠤᠨ ᠬᠢᠨ ᠪᠠᠰᠠ ᠤᠷᠳᠤᠰ ᠬᠤᠳᠠ ᠶᠢᠨ ᠮᠤᠩᠭᠤᠯ ᠦᠨᠳᠤᠰᠤᠳᠡᠨ ᠤ ᠬᠤᠶᠠᠳᠤᠭᠠᠷ ᠲᠤᠮᠳᠠᠳᠤ ᠰᠣᠷᠭᠠᠭᠤᠯᠢ ᠶᠢᠨ ᠮᠦᠽᠸᠢ᠂ ᠬᠢᠴᠢᠶᠠᠯ ᠤᠨ ᠠᠰᠠᠷ᠂ ᠪᠠᠶᠢᠷᠢ ᠶᠢᠨ ᠠᠰᠠᠷ᠂ ᠲᠤᠷ᠎ᠠ ᠪᠠᠬ᠎ᠠ ᠶᠢᠨ ᠬᠢᠴᠢᠶᠡᠯᠯᠡᠭᠡ ᠶᠢᠨ ᠭᠠᠵᠠᠷ ᠢᠶᠠᠷ ᠲᠤᠭᠤᠷᠢᠨ ᠦᠵᠡᠵᠦ ᠰᠤᠷᠤᠭᠴᠢᠳ ᠤᠨ ᠬᠢᠴᠢᠶᠠᠯ ᠰᠤᠷᠤᠯᠭ᠎ᠠ᠂ ᠠᠮᠢᠳᠤᠷᠠᠯ ᠤᠨ ᠤᠷᠴᠢᠨ ᠲᠤᠭᠤᠷᠢᠨ ᠵᠡᠷᠭᠡ ᠶᠢ ᠤᠶᠢᠯᠠᠭᠠᠪᠠ᠃      ᠣᠶᠢᠯᠠᠭᠠᠭᠰᠠᠨ ᠢᠶᠠᠷ᠂ 1999 ᠣᠨ ᠳᠤ ᠤᠯᠠᠨ ᠤᠯᠣᠰ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠦᠵᠢᠯ᠂ ᠰᠢᠨᠵᠢᠯᠡᠭᠦ ᠤᠬᠠᠭᠠᠨ᠂ ᠰᠤᠶᠣᠯ ᠤᠨ ᠵᠤᠬᠢᠶᠠᠨ ᠪᠠᠶᠢᠭᠤᠯᠤᠯᠳᠠ ᠠᠴᠠ ᠲᠡᠯᠡᠭᠡᠢ ᠶᠢᠨ ᠢᠷᠠᠭᠤ ᠨᠠᠶᠢᠷᠠᠭ ᠤᠨ ᠡᠳᠤᠷ ᠢ ᠲᠤᠭᠳᠠᠭᠠᠵᠤ  2000 ᠤᠨ ᠳᠤ ᠬᠠᠮᠤᠭ ᠠᠩᠬ᠎ᠠ ᠫᠡᠷᠢᠰ ᠬᠤᠳᠠᠨ ᠳᠤ ᠶᠠᠪᠤᠭᠳᠠᠨ ᠲᠡᠭᠦᠨ  ᠤ ᠰᠡᠭᠦᠯᠡᠷ ᠦᠪᠦᠷ ᠮᠤᠩᠭᠤᠯ ᠤᠨ ᠡᠯ᠎ᠡ ᠠᠶᠢᠮᠠᠭ ᠬᠤᠰᠢᠭᠤ᠂ ᠰᠤᠷᠭᠠᠭᠤᠯᠢ ᠨᠢᠭᠡᠴᠢ ᠶᠢᠨ ᠭᠢᠨᠢ ᠠᠳᠠᠯᠢ ᠪᠤᠰᠤ ᠠᠵᠢᠯᠯᠠᠭ᠎ᠠ᠂ ᠠᠳᠠᠯᠢ ᠪᠤᠰᠤ ᠠᠭᠤᠯᠭ᠎ᠠ ᠪᠠᠷ ᠡᠨᠡᠭᠦ ᠪᠠᠶᠠᠷ ᠤᠨ ᠡᠳᠤᠷ ᠢ ᠪᠡᠯᠭᠡᠯᠡᠭᠦ ᠪᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号