3 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠨᠤᠯ ᠰᠣᠷᠣᠯᠴᠠᠬᠤ ᠭᠤᠤᠯ | ᠲᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ ᠤ ᠲᠥᠪ ᠲᠤ | ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ | ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠢ ᠵᠢᠴᠢ ᠰᠢᠶᠠᠨ ᠤ ᠲᠡᠰ | ᠤᠨ ᠪᠥᠭᠦ ᠤᠳᠤᠷᠢᠳᠤᠯᠭ᠎ᠠ ᠪᠤᠯᠤᠨ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠥᠵᠢ᠂ ᠰᠤᠮᠤ | ᠪᠠᠯᠭᠠᠰᠤᠨ ᠲᠠᠷᠤᠭ᠎ᠠ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | | | ᠬᠤᠷᠠᠯ ᠲᠡᠭᠡᠷ᠎ᠡ᠂ ᠰᠢ ᠶᠢᠨ ᠫᠢᠩ ᠶᠠᠷᠤᠩᠭᠡᠢ ᠱᠥᠵᠢ ᠶᠢᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ | ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠶᠢᠨ ᠬᠢᠴᠢᠶᠠᠯ ᠡᠭᠢᠯᠠᠭᠦ ᠶᠤᠰᠤᠯᠠᠯ ᠲᠡᠭᠡᠷᠡᠭᠢ ᠴᠢᠬᠤᠯᠠ ᠶᠠᠷᠢᠶᠠᠨ | ᠤ ᠵᠤᠷᠢᠭ ᠰᠠᠨᠠᠭ᠎ᠠ᠂ ᠵᠤᠤ ᠯᠧ ᠵᠢᠢ ᠶᠢᠨ ᠪᠥᠭᠦ ᠤᠯᠤᠰ ᠤᠨ ᠲᠤᠭᠤᠷᠢᠨ ᠪᠠᠶᠢᠴᠠᠭᠠᠯᠳᠠ ᠶᠢᠨ ᠠᠵᠢᠯ ᠤᠨ ᠬᠤᠷᠠᠯ | ᠵᠢᠴᠢ ᠠᠷᠪᠠ ᠶᠢᠰᠤᠳᠤᠭᠡᠷ ᠬᠤᠭᠤᠴᠠᠭᠠᠨ ᠤ ᠲᠥᠪ ᠤᠨ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠳᠠ | ᠶᠢᠨ ᠲᠠᠶᠢᠴᠢᠯᠠᠨ ᠪᠠᠶᠢᠷᠢᠯᠠᠭᠤᠯᠤᠯᠳᠠ ᠶᠢᠨ ᠬᠤᠷᠠᠯ ᠲᠡᠭᠡᠷᠡᠭᠢ ᠶᠠᠷᠢᠶᠠᠨ ᠤ ᠵᠤᠷᠢᠭ ᠰᠠᠨᠠᠭ᠎ᠠ᠂ ︽ᠨᠠᠮ ᠵᠠᠰᠠᠭ ᠤᠨ | ᠤᠳᠤᠷᠢᠳᠬᠤ ᠺᠠᠳ᠋ᠷᠴᠤᠳ ᠢ ᠰᠤᠩᠭᠤᠨ ᠲᠤᠮᠢᠯᠠᠬᠤ ᠭᠡᠷᠡᠭᠯᠠᠭᠦ ᠠᠵᠢᠯ ᠤᠨ ᠲᠥᠷᠢᠮ︾᠂ ︽ᠨᠠᠮ ᠤᠨ ᠬᠤᠷᠢᠶ᠎ᠠ ︵ | ᠨᠠᠮ ᠤᠨ ᠲᠤᠭᠤᠶᠢᠯᠠᠩ︶ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠰᠤᠷᠤᠯᠴᠠᠬᠤ ᠶᠠᠰᠤ ᠴᠢᠨᠠᠷ ᠢ | ᠭᠢᠨᠠᠨ ᠰᠢᠯᠭᠠᠬᠤ ᠠᠷᠭ᠎ᠠ︾ ᠵᠡᠷᠭᠡ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃ | | | | | | | ᠬᠤᠷᠠᠯ ᠠᠴᠠ ᠱᠠᠭᠠᠷᠳᠠᠬᠤ ᠳᠤ ᠪᠠᠨ᠂ ᠡᠯ᠎ᠠ ᠭᠠᠵᠠᠷ ᠣᠷᠣᠨ ᠡᠯ᠎ᠠ ᠰᠠᠯᠠᠭ᠎ᠠ ᠮᠥᠴᠢᠷ ᠥᠳᠳᠡᠷ ᠲᠥᠷᠭᠡᠨ | ᠭᠥᠳᠡᠯᠤᠯᠴᠠᠨ ᠬᠤᠷᠠᠯ ᠠᠴᠠ ᠤᠯᠠᠮᠵᠢᠯᠠᠭᠰᠠᠨ ᠶᠠᠷᠢᠶᠠᠨ ᠤ ᠵᠤᠷᠢᠭ ᠰᠨᠠᠭ᠎ᠠ᠂ ᠲᠥᠷᠢᠮ ᠲᠤᠭᠳᠠᠭᠠᠯ᠂ ᠠᠷᠭ᠎ᠠ | ᠱᠠᠭᠠᠷᠳᠠᠯᠭ᠎ᠠ ᠶᠢ ᠪᠥᠭᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠲᠤᠭᠤᠰᠢᠯᠠᠭᠤᠯᠵᠦ ᠤᠨᠴᠠᠭᠠᠶᠢᠯᠠᠨ ᠰᠢ ᠶᠢᠨ ᠫᠢᠩ | ᠶᠠᠷᠤᠩᠭᠡᠢ ᠱᠥᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠲᠠᠷᠢᠭᠢ ᠲᠤᠯᠤᠭᠠᠢ ᠪᠠᠨ ᠵᠡᠪᠰᠡᠭᠯᠡᠨ ᠠᠵᠢᠯ | ᠢᠶᠠᠨ ᠵᠢᠯᠤᠭᠤᠳᠤᠭᠤᠯᠵᠦ ᠪᠥᠭᠦ ᠬᠤᠰᠢᠭᠤᠨ ᠤ ᠡᠯ᠎ᠠ ᠲᠥᠷᠥᠯ ᠤᠨ ᠠᠵᠢᠯ ᠢᠶᠠᠨ ᠤᠷᠤᠭᠰᠢᠳᠠᠢ ᠥᠷᠨᠢᠬᠦᠯᠬᠦ | ᠭᠡᠷᠡᠭᠳᠠᠢ ᠭᠡᠵᠡᠢ᠃ | | | | | | | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠠᠶᠤᠯᠭᠦᠢ ᠥᠢᠯᠡᠳᠪᠤᠷᠢᠯᠠᠯ ᠤᠨ ᠠᠵᠢᠯ ᠢ ᠪᠥᠭᠦ ᠲᠠᠯ᠎ᠠ ᠪᠠᠷ | ᠴᠢᠩᠭ᠎ᠠ ᠠᠳᠬᠤᠵᠤ ᠠᠶᠤᠯᠭᠦᠢ ᠥᠢᠯᠡᠳᠪᠤᠷᠢᠯᠠᠯ ᠤᠨ ᠶᠡᠭᠡ ᠪᠠᠶᠢᠴᠠᠭᠠᠯᠳᠠ ᠶᠢ ᠥᠷᠭᠦᠯᠵᠢᠯᠠᠨ ᠥᠷᠨᠢᠭᠦᠯᠤᠨ ᠮᠠᠨ ᠤ | ᠬᠤᠰᠢᠭᠤᠨ ᠳᠤ ᠠᠮᠤᠷ ᠲᠥᠪᠰᠢᠨ ᠤ ᠭᠡᠨᠡᠳᠠᠯ ᠡᠭᠦᠰᠭᠦ ᠥᠭᠡᠢ ᠪᠠᠶᠢᠬᠤ ᠶᠢ ᠪᠠᠳᠤᠯᠠᠬᠤ ᠭᠡᠷᠡᠭᠳᠠᠢ᠃ ᠡᠯ᠎ᠠ ᠭᠠᠵᠠᠷ | ᠤᠷᠤᠨ ᠡᠯ᠎ᠠ ᠰᠠᠯᠠᠭ᠎ᠠ ᠮᠥᠴᠢᠷ ᠲᠤᠭᠤᠷᠢᠨ ᠪᠠᠶᠢᠴᠠᠭᠠᠯᠳᠠ ᠶᠢ ᠤᠭᠳᠤᠬᠤ ᠪᠠᠯᠡᠳᠭᠡᠯ ᠠᠵᠢᠯ ᠢ ᠲᠡᠭᠡᠳᠤ ᠭᠡᠮᠵᠢᠶ᠎ᠠ | ᠪᠠᠷ ᠴᠢᠬᠤᠯᠠᠴᠢᠯᠠᠨ ᠥᠵᠠᠵᠤ ᠲᠤᠰ ᠲᠤᠰ ᠤᠨ ᠡᠭᠦᠷᠭᠡ ᠲᠤᠰᠢᠶᠠᠯ ᠢᠶᠠᠨ ᠭᠥᠢᠴᠡᠳᠭᠡᠨ ᠲᠤᠭᠤᠷᠢᠨ ᠪᠠᠶᠢᠴᠠᠭᠠᠯᠳᠠ | ᠶᠢᠨ ᠠᠵᠢᠯ ᠤᠨ ᠱᠠᠭᠠᠷᠳᠠᠯᠭ᠎ᠠ ᠶᠤᠰᠤᠭᠠᠷ ᠬᠤᠯᠪᠤᠭᠳᠠᠯ ᠪᠥᠭᠦᠢ ᠮᠠᠲ᠋ᠧᠷᠢᠶᠠᠯ ᠢ ᠡᠷᠳᠠ ᠠᠴᠠ ᠪᠡᠯᠡᠳᠭᠡᠵᠦ ᠡᠯ᠎ᠠ | ᠲᠥᠷᠤᠯ ᠤᠨ ᠲᠤᠭᠤᠷᠢᠨ ᠪᠠᠶᠢᠴᠠᠭᠠᠯᠳᠠ ᠶᠢ ᠤᠭᠳᠤᠬᠤ ᠪᠠᠯᠡᠳᠭᠡᠯ ᠠᠵᠢᠯ ᠢ ᠰᠠᠶᠢᠨ ᠭᠢᠭᠦ ᠭᠡᠷᠡᠭᠳᠠᠢ᠃ | ᠭᠤᠤᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯᠳᠠ ᠶᠢ ᠰᠠᠶᠢᠨ ᠭᠢᠭᠦ ᠭᠡᠷᠡᠭᠳᠠᠢ᠃ ᠬᠤᠰᠢᠭᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠠᠯᠪᠠᠨ ᠭᠡᠷ ᠪᠥᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠬᠤᠶᠠᠷ | ᠬᠤᠷᠠᠯ ᠲᠡᠭᠡᠷ᠎ᠡ ᠲᠤᠭᠳᠠᠭᠠᠭᠰᠠᠨ ᠡᠯ᠎ᠠ ᠲᠥᠷᠤᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠬᠤᠪᠢᠶᠠᠷᠢᠯᠠᠯᠲᠠ | ᠭᠢᠵᠤ ᠬᠠᠷᠢᠭᠤᠴᠠᠯᠭ᠎ᠠ ᠶᠢᠨ ᠤᠳᠤᠷᠢᠳᠤᠯᠭ᠎ᠠ᠂ ᠲᠤᠯᠤᠭᠠᠶᠢᠯᠠᠬᠤ ᠰᠠᠯᠠᠭ᠎ᠠ ᠮᠥᠴᠢᠷ᠂ ᠬᠠᠷᠢᠭᠤᠴᠯᠠᠭ᠎ᠠ ᠶᠢᠨ | ᠪᠠᠶᠢᠭᠤᠯᠭ᠎ᠠ ᠨᠢᠭᠡᠴᠢ ᠶᠢ ᠲᠤᠳᠤᠷᠬᠠᠶᠢᠯᠠᠨ ᠬᠤᠪᠢᠶᠠᠷᠢᠯᠠᠯᠲᠠ ᠨᠠᠶᠢᠳᠠᠪᠤᠷᠢᠵᠢᠭᠤᠯᠤᠯᠳᠠ ᠶᠢ ᠤᠷᠤᠨᠵᠢᠭᠤᠯᠵᠤ ᠪᠥᠭᠦ | ᠬᠤᠰᠢᠭᠤ ᠪᠠᠷ ᠢᠶᠠᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠠᠢ᠃ ᠭᠤᠤᠯᠳᠠᠯᠭ᠎ᠠ ᠲᠠᠢ ᠲᠥᠷᠥᠯ | ᠵᠥᠢᠯ ᠤᠨ ᠪᠥᠳᠤᠭᠡᠨ ᠪᠠᠶᠢᠭᠤᠯᠤᠯᠳᠠ ᠶᠢ ᠴᠢᠩᠭ᠎ᠠ ᠠᠳᠬᠤᠬᠤ ᠭᠡᠷᠡᠭᠳᠠᠢ᠃ ᠰᠢᠶᠠᠨ ᠤ ᠲᠠᠰ ᠤᠨ ᠤᠳᠤᠷᠢᠳᠤᠯᠭ᠎ᠠ | ᠲᠠᠭᠠᠭᠠᠴᠢᠯᠠᠨ ᠬᠠᠷᠢᠯᠴᠠᠬᠤ ᠲᠥᠷᠢᠮ ᠢ ᠨᠠᠶᠢᠳᠠᠪᠤᠷᠢᠵᠢᠭᠤᠯᠤᠨ ᠭᠤᠤᠯᠳᠠᠯᠭ᠎ᠠ ᠲᠠᠢ ᠲᠥᠷᠤᠯ ᠵᠥᠢᠯ ᠤᠨ ᠥᠨᠳᠤᠰᠤᠨ | ᠪᠠᠶᠢᠳᠠᠯ ᠢ ᠪᠥᠭᠦ ᠲᠠᠯ᠎ᠠ ᠪᠠᠷ ᠤᠶᠢᠯᠠᠭᠠᠵᠦ ᠠᠵᠤ ᠠᠬᠤᠶᠢᠯᠠᠯ ᠢ ᠲᠠᠮᠵᠢᠨ ᠪᠤᠳᠠᠳᠤ ᠭᠥᠴᠢᠷᠳᠠᠯ ᠪᠠ ᠠᠰᠠᠭᠤᠳᠠᠯ ᠢ | ᠵᠤᠭᠢᠴᠠᠭᠤᠯᠵᠦ ᠰᠶᠢᠳᠪᠤᠷᠢᠯᠠᠨ ᠭᠤᠤᠯᠳᠠᠯᠭ᠎ᠠ ᠲᠠᠢ ᠲᠥᠷᠥᠯ ᠵᠥᠢᠯ ᠤᠨ ᠲᠤᠭᠳᠠᠭᠰᠠᠨ ᠴᠠᠭ ᠲᠤ ᠪᠠᠨ ᠪᠠᠷᠢᠯᠭ᠎ᠠ | ᠪᠠᠨ ᠡᠭᠢᠯᠠᠭᠦᠯᠭᠦ ᠶᠢ ᠠᠭᠢᠭᠤᠯᠬᠤ ᠭᠡᠷᠡᠭᠳᠠᠢ᠃ ᠭᠤᠤᠯᠳᠠᠯᠭ᠎ᠠ ᠲᠠᠢ ᠲᠥᠷᠤᠯ ᠵᠥᠢᠯ ᠤᠨ ᠭᠥᠮᠤᠷᠭᠡ ᠶᠢᠨ ᠪᠥᠳᠥᠭᠡᠨ | ᠪᠠᠶᠢᠭᠤᠯᠤᠯᠳᠠ ᠶᠢ ᠲᠡᠭᠦᠯᠳᠡᠷᠵᠢᠭᠦᠯᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠭᠥᠴᠤᠯᠠᠴᠠ ᠪᠠᠨ | ᠨᠡᠮᠡᠭᠳᠡᠭᠦᠯᠵᠦ ᠨᠡᠩ ᠤᠯᠠᠨ ᠲᠤᠮᠤ ᠲᠥᠷᠥᠯ ᠵᠥᠢᠯ᠂ ᠰᠠᠶᠢᠨ ᠲᠥᠷᠤᠯ ᠵᠥᠢᠯ ᠢ ᠤᠷᠤᠭᠤᠯᠤᠨ ᠮᠠᠨ ᠤ ᠬᠤᠰᠢᠭᠤᠨ | ᠳᠤ ᠭᠡᠷᠡᠭᠵᠢᠭᠦᠯᠭᠦ ᠶᠢ ᠠᠭᠢᠭᠤᠯᠬᠤ ᠭᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ | ᠯᠠᠪᠳᠠᠭᠤᠨ ᠪᠠᠳᠤᠳᠠᠢ ᠠᠭᠢᠭᠤᠯᠬᠤ ᠭᠡᠷᠡᠭᠳᠠᠢ᠃ ᠠᠵᠤ ᠥᠢᠯᠡᠰ ᠤᠨ ᠭᠥᠭᠵᠢᠯᠳᠠ ᠶᠢ ᠴᠢᠩᠭᠠᠳᠬᠠᠨ ᠲᠥᠷᠤ ᠶᠢᠨ | ᠪᠤᠳᠤᠯᠭ᠎ᠠ ᠱᠠᠭᠠᠷᠳᠠᠯᠭ᠎ᠠ ᠶᠢ ᠲᠤᠳᠤᠷᠬᠠᠶᠢᠯᠠᠵᠦ ᠭᠡᠷᠡᠭᠵᠢᠭᠦᠯᠭᠦ ᠲᠥᠷᠤᠯ ᠵᠥᠢᠯ ᠢ ᠤᠨᠤᠪᠴᠢᠳᠠᠢ ᠰᠤᠩᠭᠤᠵᠦ | ᠲᠤᠭᠳᠠᠭᠠᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠭᠡᠷᠡᠭᠳᠠᠢ᠃ ᠠᠶᠤᠯᠳᠠᠢ ᠭᠡᠷ ᠪᠠᠶᠢᠰᠢᠩ ᠢ | ᠥᠭᠡᠷᠡᠴᠢᠯᠠᠨ ᠵᠠᠰᠠᠵᠦ ᠭᠥᠴᠢᠷᠳᠠᠯᠳᠠᠢ ᠡᠷᠤᠭᠡ ᠶᠢ ᠲᠠᠳᠭᠦᠨ ᠲᠠᠮᠵᠢᠭᠦ ᠠᠵᠢᠯ ᠢ ᠰᠠᠶᠢᠨ ᠭᠢᠵᠤ ᠲᠤᠬᠠᠢ ᠶᠢᠨ ᠭᠠᠵᠠᠷ | ᠲᠤᠨᠢ ᠲᠤᠭᠢᠷᠠᠭᠤᠯᠤᠨ᠂ ᠡᠷᠤᠭᠡ ᠳᠤ ᠨᠢ ᠲᠤᠭᠢᠷᠠᠭᠤᠯᠤᠨ ᠵᠤᠭᠢᠰᠳᠠᠢ ᠲᠥᠷᠤ ᠶᠢᠨ ᠪᠤᠳᠤᠯᠭ᠎ᠠ ᠭᠡᠷᠡᠭᠵᠢᠭᠦᠯᠵᠤ | ᠲᠠᠳᠠᠨ ᠤ ᠤᠷᠤᠯᠭ᠎ᠠ ᠪᠠᠨ ᠨᠡᠮᠡᠭᠳᠡᠭᠦᠯᠤᠨ ᠪᠠᠶᠠᠵᠢᠨ ᠴᠢᠨᠡᠭᠡᠯᠢᠭᠵᠢᠭᠦ ᠶᠢ ᠲᠠᠮᠵᠢᠭᠦ ᠭᠡᠷᠡᠭᠳᠠᠢ᠃ ᠤᠶᠢᠵᠢᠭᠤᠯᠤᠯᠳᠠ | ᠶᠢᠨ ᠪᠡᠯᠡᠳᠭᠡᠯ ᠠᠵᠢᠯ ᠢ ᠰᠠᠶᠢᠨ ᠭᠢᠭᠦ ᠭᠡᠷᠡᠭᠳᠠᠢ᠃ ᠰᠢ ᠶᠢᠨ ᠫᠢᠩ ᠶᠠᠷᠤᠩᠭᠡᠢ ᠱᠥᠵᠢ ᠶᠢᠨ ᠠᠮᠢ ᠠᠬᠤᠢ ᠶᠢ | ᠲᠠᠷᠢᠭᠦᠨ ᠳᠤ ᠲᠠᠯᠪᠢᠬᠤ ᠪᠠ ᠪᠤᠭᠢᠷᠳᠤᠯ ᠥᠭᠡᠢ ᠭᠥᠭᠵᠢᠯᠳᠠ ᠶᠢᠨ ᠱᠠᠭᠠᠷᠳᠠᠯᠭ᠎ᠠ ᠶᠢ ᠭᠥᠨᠵᠡᠭᠡᠢ ᠲᠤᠭᠤᠰᠢᠯᠠᠭᠤᠯᠤᠨ | ᠬᠤᠰᠢᠭᠤ ᠤᠢ ᠰᠢᠭᠤᠢ ᠨᠤᠳᠤᠭ ᠪᠠᠯᠴᠢᠭᠡᠷ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠶᠢᠵᠢᠭᠤᠯᠤᠯᠳᠠ ᠶᠢᠨ | ᠡᠮᠤᠨ᠎ᠠ ᠬᠤᠭᠤᠴᠠᠭᠠᠨ ᠤ ᠡᠯ᠎ᠠ ᠲᠥᠷᠥᠯ ᠤᠨ ᠪᠡᠯᠡᠳᠭᠡᠯ ᠠᠵᠢᠯ ᠢ ᠰᠠᠶᠢᠨ ᠭᠢᠵᠤ ᠤᠶᠢᠵᠢᠭᠤᠯᠤᠯᠳᠠ ᠶᠢᠨ ᠠᠵᠢᠯ ᠢ | ᠡᠮᠭᠢ ᠴᠡᠭᠴᠡᠲᠡᠢ ᠥᠷᠨᠢᠬᠦᠯᠬᠦ ᠭᠡᠷᠡᠭᠳᠠᠢ ᠭᠡᠵᠡᠢ᠃ | | | | | | | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠡᠨᠡ ᠵᠢᠯ ᠤᠨ ᠡᠭᠦᠷᠭᠡ ᠬᠠᠷᠠᠯᠳᠠ ᠨᠢᠭᠡᠨᠳᠠ ᠲᠤᠳᠤᠷᠬᠠᠢ ᠪᠤᠯᠵᠦ | ᠪᠥᠭᠦᠳᠡᠭᠡᠷ ᠢᠶᠠᠨ ᠡᠷᠳᠠ ᠠᠴᠠ ᠭᠥᠳᠡᠯᠤᠯᠴᠠᠨ ᠲᠤᠰ ᠭᠠᠵᠠᠷ ᠤᠷᠤᠨ ᠲᠤᠰ ᠰᠠᠯᠠᠭ᠎ᠠ ᠮᠥᠴᠢᠷ ᠤᠨ ᠡᠯ᠎ᠠ ᠲᠥᠷᠤᠯ | ᠤᠨ ᠠᠵᠢᠯ ᠤᠨ ᠬᠠᠷᠢᠭᠤᠴᠠᠯᠭᠠᠳᠤ ᠰᠠᠳᠭᠢᠯᠭᠡ ᠪᠠ ᠪᠠᠴᠢᠮ ᠲᠤᠯᠭᠠᠮ᠎ᠠ ᠰᠠᠳᠭᠢᠯᠭᠡ ᠪᠠᠨ ᠥᠨᠠᠠᠭᠦ ᠨᠡᠮᠡᠭᠳᠡᠭᠦᠯᠵᠦ | ᠡᠯ᠎ᠠ ᠱᠠᠳᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠥᠵᠠᠯ ᠰᠠᠨᠠᠭ᠎ᠠ ᠤᠶᠢᠯᠠ ᠠᠵᠢᠯᠯᠠᠭ᠎ᠠ ᠪᠠᠨ ᠲᠡᠭᠡᠳᠤ | ᠱᠠᠳᠤᠨ ᠤ ᠰᠶᠢᠳᠪᠤᠷᠢᠳᠤ ᠪᠠᠶᠢᠷᠢᠯᠠᠭᠤᠯᠤᠯᠳᠠ ᠲᠡᠭᠡᠷ᠎ᠡ ᠨᠢᠭᠡᠳᠭᠡᠨ ᠭᠥᠴᠤᠨ ᠴᠢᠳᠠᠯ ᠢᠶᠠᠨ ᠬᠤᠷᠠᠯ ᠠᠴᠠ | ᠲᠤᠭᠳᠠᠭᠠᠭᠰᠠᠨ ᠡᠯ᠎ᠠ ᠲᠥᠷᠥᠯ ᠤᠨ ᠬᠠᠷᠠᠯᠳᠠ ᠡᠭᠦᠷᠭᠡ ᠶᠢ ᠪᠠᠶᠠᠯᠠᠭᠦᠯᠭᠦ ᠲᠡᠭᠡᠷ᠎ᠡ ᠨᠢᠭᠡᠳᠭᠡᠵᠦ ᠪᠥᠭᠦ ᠵᠢᠯ ᠤᠨ | ᠬᠠᠷᠠᠯᠳᠠ ᠡᠭᠦᠷᠭᠡ ᠶᠢ ᠠᠮᠵᠢᠯᠳᠠ ᠲᠠᠢ ᠪᠠᠶᠠᠯᠠᠭᠦᠯᠭᠦ ᠳᠤ ᠪᠠᠳᠤ ᠪᠠᠭᠢ ᠰᠠᠭᠤᠷᠢ ᠲᠠᠯᠪᠢᠬᠤ ᠭᠡᠷᠡᠭᠳᠠᠢ ᠭᠡᠵᠡᠢ᠃ | | |