3 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ | ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠥᠪᠯᠠᠯ ᠤᠨ 2019 ᠤᠨ | ᠤ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠠᠨ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠡᠴᠢ | ᠵᠤᠤ ᠶᠥᠩ ᠹᠧᠩ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠤᠷᠤᠨ ᠲᠤᠭᠠᠨ ᠤ ᠵᠥᠪᠯᠠᠯ᠂ ᠡᠳ᠋ | ᠤᠨ ᠵᠰᠠᠭ ᠤᠨ ᠲᠤᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | | | | | | | ᠬᠤᠷᠠᠯ ᠲᠡᠭᠡᠷ᠎ᠡ᠂ ᠬᠤᠰᠢᠭᠤ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ︽ᠭᠤᠷᠪᠠ ᠶᠢ ᠲᠤᠭᠳᠠᠭᠠᠬᠤ︾ | ᠲᠤᠭᠳᠠᠭᠠᠯ ︵ᠭᠥᠷᠭᠡᠵᠤ ᠭᠢᠨᠠᠭᠤᠯᠬᠤ ᠡᠭᠡ ᠪᠢᠴᠢᠭ︶ ᠪᠤᠯᠤᠨ ᠪᠠᠶᠢᠭᠤᠯᠤᠮᠵᠢ ᠶᠢ ᠪᠠᠶᠢᠭᠤᠯᠬᠤ ᠬᠤᠯᠪᠤᠭᠳᠠᠯ | ᠪᠥᠭᠦᠢ ᠶᠠᠪᠤᠳᠠᠯ ᠢ ᠶᠠᠷᠢᠯᠴᠠᠬᠤ ᠶᠢᠨ ᠬᠠᠮᠳᠤ ᠵᠡᠷᠴᠢᠮ ᠲᠡᠭᠡᠷ᠎ᠡ ᠪᠠᠨ ᠪᠠᠳᠤᠯᠠᠪᠠ᠃ | ᠬᠤᠷᠠᠯ ᠠᠴᠠ ᠴᠢᠬᠤᠯᠠᠴᠢᠯᠠᠬᠤ ᠳᠤ ᠪᠠᠨ ︽ᠭᠤᠷᠪᠠ ᠶᠢ ᠲᠤᠭᠳᠠᠭᠠᠬᠤ︾ ᠲᠤᠭᠳᠠᠭᠠᠯ ᠪᠤᠯ ᠰᠠᠯᠠᠭ᠎ᠠ | ᠮᠥᠴᠢᠷ ᠤᠨ ᠡᠷᠭᠢᠯᠳᠠ ᠪᠠ ᠬᠠᠤᠯᠢ ᠶᠤᠰᠤᠭᠠᠷ ᠡᠭᠦᠷᠭᠡ ᠪᠠᠨ ᠭᠥᠢᠴᠡᠳᠭᠡᠭᠦ ᠶᠢᠨ ᠬᠠᠤᠯᠢ ᠳᠤ ᠲᠤᠭᠳᠠᠭᠠᠭᠰᠠᠨ | ᠥᠨᠳᠤᠰᠤᠯᠠᠯ ᠪᠠᠶᠢᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠥᠷ᠎ᠠ ᠪᠥᠳᠥᠭᠡᠯ ᠨᠢ ᠭᠤᠤᠯᠳᠠᠭᠤ ᠨᠠᠮ ᠵᠠᠰᠠᠭ | ᠤᠨ ᠪᠠᠶᠢᠭᠤᠯᠤᠮᠵᠢ ᠶᠢᠨ ᠲᠤᠭᠢᠷᠠᠭᠤᠯᠤᠯᠳᠠ ᠪᠠ ᠰᠠᠯᠠᠭ᠎ᠠ ᠮᠥᠴᠢᠷ ᠤᠨ ︽ᠭᠤᠷᠪᠠ ᠶᠢ ᠲᠤᠭᠳᠠᠭᠠᠬᠤ︾ ᠲᠡᠭᠡᠷ᠎ᠡ | ᠢᠯᠠᠷᠠᠨ ᠡᠯ᠎ᠠ ᠰᠠᠯᠠᠭ᠎ᠠ ᠮᠥᠴᠢᠷ ᠤᠨ ︽ᠭᠤᠷᠪᠠ ᠶᠢ ᠲᠤᠭᠳᠠᠭᠠᠬᠤ︾ ᠲᠤᠭᠳᠠᠭᠠᠯ ᠪᠤᠯ ᠪᠠᠶᠢᠭᠤᠯᠤᠮᠵᠢ ᠶᠢᠨ | ᠥᠭᠡᠷᠡᠴᠢᠯᠠᠯᠳᠠ ᠶᠢᠨ ᠭᠤᠤᠯᠳᠠᠯᠭ᠎ᠠ ᠶᠢᠨ ᠭᠤᠭᠴᠤᠭ᠎ᠠ ᠪᠤᠯᠤᠨ᠎ᠠ᠃ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ | ᠬᠤᠷᠠᠯ ᠤᠨ ᠵᠤᠷᠢᠭ ᠰᠠᠨᠠᠭ᠎ᠠ ᠶᠤᠰᠤᠭᠠᠷ ᠰᠢᠭᠤᠳ ᠬᠠᠷᠢᠶ᠎ᠠ ᠡᠯ᠎ᠠ ᠰᠠᠯᠠᠭ᠎ᠠ ᠮᠥᠴᠢᠷ ᠤᠨ ︽ᠭᠤᠷᠪᠠ ᠶᠢ | ᠲᠤᠭᠳᠠᠭᠠᠬᠤ︾ ᠲᠤᠭᠳᠠᠭᠠᠯ ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠤ ᠲᠤᠭᠳᠠᠭᠰᠠᠨ ᠴᠠᠭ ᠤᠨ | ᠲᠤᠳᠤᠷ᠎ᠠ ᠭᠢᠨᠠᠨ ᠬᠠᠷᠭᠤᠭᠤᠯᠬᠤ᠂ ᠲᠠᠷᠤᠮᠠᠯᠯᠠᠨ ᠲᠠᠷᠬᠠᠭᠠᠬᠤ ᠵᠡᠷᠭᠡ ᠶᠢᠨ ᠠᠵᠢᠯ ᠢ ᠴᠠᠭ ᠲᠠᠷᠤᠢ ᠳᠤ ᠨᠢ ᠰᠠᠶᠢᠨ | ᠭᠢᠵᠤ ᠪᠥᠭᠦ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠠᠯᠳᠠ ᠶᠢᠨ ᠠᠵᠢᠯ ᠢ ᠲᠤᠭᠳᠠᠭᠰᠠᠨ ᠴᠠᠭ ᠲᠤ ᠪᠠᠨ | ᠱᠠᠭᠠᠷᠳᠠᠯᠭ᠎ᠠ ᠶᠤᠰᠤᠭᠠᠷ ᠪᠠᠶᠠᠯᠡᠭᠦᠯᠬᠦ ᠶᠢ ᠪᠠᠳᠤᠯᠠᠬᠤ ᠭᠡᠷᠡᠭᠳᠠᠢ ᠭᠡᠵᠡᠢ᠃ | | |