| | | | | ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 3 ᠳ᠋ᠤᠭᠠᠷ ᠰᠠᠷ᠎ᠠ ᠶᠢᠨ 25 ᠤ ᠡᠳᠦᠷ | ᠤᠨ ᠮᠡᠳᠡᠭᠡ᠄ ᠤᠯᠤᠰ ᠤᠨ ᠲᠡᠷᠢᠭᠦᠯᠡᠭᠴᠢ ᠰᠢ ᠶᠢᠨ ᠫᠢᠩ 24 ᠤ ᠣᠷᠣᠢ ᠨᠢᠰ ᠲᠤ ᠹᠷᠠᠨᠼᠢ ᠶᠢᠨ ᠶᠡᠷᠦᠩᠬᠡᠶᠢᠯᠡᠭᠴᠢ | ᠮᠠᠺᠷᠤᠨ ᠲᠠᠢ ᠠᠭᠤᠯᠵᠠᠭᠰᠠᠨ ᠪᠠᠶᠢᠨ᠎ᠠ᠃ ᠰᠢ ᠶᠢᠨ ᠫᠢᠩ ᠤᠨ ᠬᠠᠲᠤᠨ ᠫᠧᠩ ᠯᠢ ᠶᠤᠸᠠᠨ ᠮᠠᠺᠷᠤᠨ ᠤ ᠬᠠᠲᠤᠨ | ᠪᠷᠢᠭᠧᠲ ᠠᠭᠤᠯᠵᠠᠯᠲᠠ ᠳᠤ ᠣᠷᠣᠯᠴᠠᠭᠰᠠᠨ ᠪᠠᠶᠢᠨ᠎ᠠ᠃ | ᠳᠤᠮᠳᠠᠳᠤ ᠹᠷᠠᠨᠼᠢ ᠬᠤᠶᠠᠷ ᠤᠯᠤᠰ ᠤᠨ ᠨᠥᠬᠦᠷᠰᠡᠭ ᠶᠠᠪᠤᠯᠴᠠᠭ᠎ᠠ ᠶᠢᠨ ᠲᠡᠦᠬᠡ ᠶᠢ ᠰᠢ ᠶᠢᠨ ᠫᠢᠩ ᠪᠠᠶᠠᠷᠲᠠᠢ | ᠡᠷᠭᠢᠴᠡᠭᠦᠯᠦᠭᠰᠡᠨ ᠪᠠᠶᠢᠨ᠎ᠠ᠃ ᠲᠡᠷᠡ ᠵᠢᠭᠠᠬᠤ ᠳᠠᠭᠠᠨ᠄ ᠹᠷᠠᠨᠼᠢ ᠪᠣᠯ ᠰᠢᠨ᠎ᠡ ᠳᠤᠮᠳᠠᠳᠤ ᠤᠯᠤᠰ ᠲᠠᠢ ᠠᠯᠪᠠᠨ | ᠶᠣᠰᠣᠨ ᠤ ᠬᠠᠷᠢᠯᠴᠠᠭ᠎ᠠ ᠪᠠᠶᠢᠭᠤᠯᠤᠭᠰᠠᠨ ᠥᠷᠥᠨᠡᠳᠠᠬᠢᠨ ᠤ ᠠᠩᠬᠠᠨ ᠤ ᠤᠯᠤᠰ ᠪᠣᠯᠬᠤ ᠪᠥᠭᠡᠳ ᠳᠤᠮᠳᠠᠳᠤ ᠤᠯᠤᠰ | ᠲᠠᠢ ᠪᠠᠶᠢᠯᠳᠤᠬᠤ ᠪᠣᠳᠣᠯᠭ᠎ᠠ ᠶᠢᠨ ᠲᠦᠩᠰᠢ ᠶᠢᠨ ᠬᠠᠷᠢᠯᠴᠠᠭ᠎ᠠ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ | ᠶᠠᠷᠢᠯᠴᠠᠭ᠎ᠠ ᠥᠷᠨᠢᠭᠦᠯᠦᠭᠰᠡᠨ ᠮᠥᠨ ᠴᠦ ᠳᠤᠮᠳᠠᠳᠤ ᠤᠯᠤᠰ ᠲᠠᠢ ᠢᠷᠭᠡᠨ ᠤ ᠬᠡᠷᠡᠭᠯᠡᠭᠡᠨ ᠤ ᠴᠥᠮ᠎ᠡ ᠶᠢᠨ | ᠡᠨᠧᠷᠭᠢ ᠶᠢᠨ ᠬᠠᠮᠲᠤ ᠶᠢᠨ ᠠᠵᠢᠯᠯᠠᠭ᠎ᠠ ᠶᠢ ᠠᠩᠬ᠎ᠠ ᠥᠷᠨᠢᠭᠦᠯᠦᠭᠰᠡᠨ ᠠᠩᠬᠠᠨ ᠤ ᠤᠯᠤᠰ ᠶᠤᠮ᠃ ᠡᠨᠡ ᠵᠢᠯ ᠪᠣᠯ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ 70 ᠵᠢᠯ ᠤᠨ ᠣᠢ ᠮᠥᠨ ᠴᠦ ᠳᠤᠮᠳᠠᠳᠤ ᠹᠷᠠᠨᠼᠢ ᠬᠤᠶᠠᠷ | ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤ 55 ᠵᠢᠯ ᠤᠨ ᠣᠢ ᠶᠤᠮ᠂ ᠪᠢ ᠡᠶᠢᠮᠦ ᠣᠨᠴᠠᠭᠠᠢ | ᠵᠢᠯ ᠳᠤ ᠹᠷᠠᠨᠼᠢ ᠳᠤ ᠠᠶᠢᠯᠴᠢᠯᠠᠵᠤ ᠪᠠᠶᠢᠭ᠎ᠠ ᠨᠢ ᠮᠠᠰᠢ ᠣᠨᠴᠠᠭᠠᠢ ᠠᠴᠢ ᠬᠤᠯᠪᠣᠭᠳᠠᠯ ᠲᠠᠢ ᠶᠤᠮ ᠭᠡᠵᠡᠢ᠃ | ᠰᠢ ᠶᠢᠨ ᠫᠢᠩ ᠴᠢᠬᠤᠯᠠᠴᠢᠯᠠᠬᠤ ᠳᠠᠭᠠᠨ᠄ ᠣᠳᠣᠬᠠᠨ ᠤ ᠣᠯᠠᠨ ᠤᠯᠤᠰ ᠤᠨ ᠪᠠᠶᠢᠳᠠᠯ ᠪᠠ ᠬᠤᠶᠠᠷ | ᠤᠯᠤᠰ ᠤᠨ ᠬᠠᠷᠢᠯᠴᠠᠭᠠᠨ ᠳᠤ ᠪᠦᠷ ᠶᠡᠬᠡᠬᠡᠨ ᠬᠤᠪᠢᠷᠠᠯᠲᠠ ᠭᠠᠷᠤᠭᠰᠠᠨ ᠪᠣᠯᠪᠠᠴᠤ ᠡᠨᠡ ᠬᠡᠳᠦᠨ ᠲᠠᠯ᠎ᠠ ᠪᠠᠷ ᠶᠡᠷᠦ ᠨᠢ | ᠬᠤᠪᠢᠷᠠᠯᠲᠠ ᠭᠠᠷᠤᠭ᠎ᠠ ᠦᠭᠡᠢ᠃ ᠲᠤᠬᠠᠶᠢᠯᠠᠪᠠᠯ ᠨᠢᠭᠡ ᠳᠤ᠂ ᠹᠷᠠᠨᠼᠢ ᠲᠠᠢ ᠪᠠᠶᠢᠬᠤ ᠬᠠᠷᠢᠯᠴᠠᠭ᠎ᠠ ᠪᠠᠨ | ᠴᠢᠬᠤᠯᠠᠴᠢᠯᠠᠨ ᠦᠵᠡᠬᠦ ᠲᠠᠯ᠎ᠠ ᠪᠠᠷ ᠳᠤᠮᠳᠠᠳᠤ ᠤᠯᠤᠰ ᠬᠤᠪᠢᠷᠠᠭ᠎ᠠ ᠦᠭᠡᠢ᠂ ᠳᠤᠮᠳᠠᠳᠤ ᠤᠯᠤᠰ ᠹᠷᠠᠨᠼᠢ ᠶᠢ | ᠤᠷᠢᠳᠤ ᠪᠠᠷ ᠬᠠᠮᠲᠤᠷᠠᠨ ᠠᠵᠢᠯᠯᠠᠬᠤ ᠲᠦᠩᠰᠢ ᠪᠠᠷ ᠦᠵᠡᠭᠰᠡᠭᠡᠷ ᠪᠥᠭᠡᠳ ᠬᠤᠶᠠᠷ ᠤᠯᠤᠰ ᠤᠨ ᠠᠷᠠᠳ ᠲᠦᠮᠡᠨ | ᠣᠨᠴᠠᠭᠠᠢ ᠨᠥᠬᠦᠷᠰᠡᠭ ᠰᠡᠳᠬᠢᠯᠭᠡ ᠲᠠᠢ ᠪᠣᠯᠣᠭᠰᠠᠨ ᠪᠠᠶᠢᠨ᠎ᠠ᠃ ᠡᠨᠡ ᠪᠣᠯ ᠮᠠᠰᠢ ᠡᠷᠬᠢᠮ ᠨᠠᠨᠳᠢᠨ ᠥᠪ ᠬᠥᠷᠥᠩᠭᠡ | ᠶᠤᠮ᠂ ᠪᠢᠳᠠ ᠡᠭᠦᠨ ᠢ ᠥᠪᠯᠡᠨ ᠵᠠᠯᠭᠠᠮᠵᠢᠯᠠᠵᠤ᠂ ᠰᠠᠶᠢᠨ ᠪᠠᠳᠠᠷᠠᠭᠤᠯᠵᠤ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠶᠢ | ᠦᠷᠭᠦᠯᠵᠢᠯᠡᠨ ᠴᠠᠭ ᠦᠶ᠎ᠡ ᠶᠢᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠪᠠᠶᠢᠯᠭᠠᠬᠤ ᠬᠡᠷᠡᠭᠲᠡᠢ᠃ ᠬᠤᠶᠠᠷ ᠲᠤ | ᠨᠠᠶᠢᠷᠠᠮᠳᠠᠯ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣᠨ ᠳᠤ ᠬᠠᠨᠳᠤᠬᠤ ᠳᠤᠮᠳᠠᠳᠤ ᠹᠷᠠᠨᠼᠢ ᠶᠢᠨ | ᠬᠠᠮᠲᠤ ᠶᠢᠨ ᠬᠥᠭᠡᠭᠡᠴᠡᠯᠳᠦᠯ ᠢᠮᠠᠭᠲᠠ ᠬᠤᠪᠢᠷᠠᠭ᠎ᠠ ᠦᠭᠡᠢ᠃ ᠳᠤᠮᠳᠠᠳᠤ ᠹᠷᠠᠨᠼᠢ ᠪᠣᠯ ᠠᠯᠤᠰ ᠤᠨ ᠬᠠᠷᠠᠴᠠ ᠲᠠᠢ | ᠮᠥᠷᠲᠡᠭᠡᠨ ᠪᠡᠶ᠎ᠡ ᠪᠠᠨ ᠳᠠᠭᠠᠭᠠᠭᠰᠠᠨ ᠵᠣᠷᠢᠭ ᠰᠠᠨᠠᠭ᠎ᠠ ᠲᠠᠢ ᠦᠨᠳᠦᠰᠦᠲᠡᠨ ᠶᠤᠮ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠣᠯᠠᠨ | ᠤᠯᠤᠰ ᠤᠨ ᠬᠠᠷᠢᠯᠴᠠᠭᠠᠨ ᠤ ᠦᠨᠳᠦᠰᠦᠨ ᠳᠦᠷᠢᠮ ᠢ ᠬᠠᠮᠠᠭᠠᠯᠠᠨ᠂ ᠣᠯᠠᠨ ᠤᠯᠤᠰ ᠤᠨ ᠬᠡᠷᠡᠭ ᠶᠠᠪᠤᠳᠠᠯ ᠳᠤ ᠣᠯᠠᠨ | ᠲᠠᠯᠠᠲᠤ ᠦᠵᠡᠯ ᠢ ᠵᠢᠷᠤᠮᠯᠠᠨ᠂ ᠠᠷᠠᠯᠵᠢᠶ᠎ᠠ ᠪᠠᠨ ᠬᠠᠮᠠᠭᠠᠯᠠᠬᠤ ᠦᠵᠡᠯ᠂ ᠭᠠᠭᠴᠠ ᠲᠠᠯ᠎ᠠ ᠶᠢᠨ ᠦᠵᠡᠯ ᠢ | ᠡᠰᠡᠷᠭᠦᠴᠡᠭᠰᠡᠭᠡᠷ ᠢᠷᠠᠵᠠᠢ᠃ ᠪᠠᠰᠠ ᠨᠡᠭᠡᠭᠡᠯᠲᠡ ᠲᠠᠢ ᠳᠡᠯᠡᠬᠡᠢ ᠶᠢᠨ ᠠᠵᠤ ᠠᠬᠤᠢ ᠶᠢ ᠪᠠᠶᠢᠭᠤᠯᠵᠤ᠂ ᠬᠥᠮᠥᠨ | ᠲᠥᠷᠥᠯᠬᠢᠲᠡᠨ ᠳᠤ ᠬᠠᠮᠲᠤ ᠪᠠᠷ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠬᠠᠮᠲᠤᠷᠠᠨ ᠠᠷᠭᠠᠴᠠᠭᠠᠬᠤ ᠪᠠᠷ ᠴᠢᠷᠮᠠᠶᠢᠵᠤ | ᠪᠠᠶᠢᠨ᠎ᠠ᠃ ᠮᠢᠨᠤ ᠣᠯᠠᠨ ᠤᠳᠠᠭ᠎ᠠ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠵᠣᠷᠢᠯᠲᠠ ᠨᠢ ᠶᠡᠷᠦᠩᠬᠡᠶᠢᠯᠡᠭᠴᠢ ᠠᠪᠤᠭᠠᠢ ᠲᠠᠨ ᠤ ᠳᠤᠷᠠᠳᠤᠭᠰᠠᠨ ︽ᠥᠷᠥ ᠶᠢᠨ ᠭᠠᠭᠴᠠ | ᠪᠥᠮᠪᠥᠷᠴᠡᠭ︾ ᠤᠨ ᠦᠵᠡᠯᠲᠡ ᠲᠠᠢ ᠠᠳᠠᠯᠢ ᠪᠤᠶᠤ ᠠᠳᠠᠯᠢᠪᠲᠤᠷ ᠲᠠᠯ᠎ᠠ ᠣᠯᠠᠨ ᠪᠠᠶᠢᠨ᠎ᠠ᠂ ᠳᠤᠮᠳᠠᠳᠤ ᠹᠷᠠᠨᠼᠢ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠤ ᠣᠯᠠᠨ ᠤᠳᠠᠭ᠎ᠠ ᠠᠮᠵᠢᠯᠲᠠ ᠲᠠᠢ | ᠬᠠᠮᠲᠤᠷᠠᠨ ᠠᠵᠢᠯᠯᠠᠵᠤ᠂ ᠳᠡᠯᠡᠬᠡᠢ ᠨᠡᠶᠢᠲᠡ ᠳᠤ ᠢᠳᠡᠪᠬᠢᠲᠡᠢ ᠤᠳᠤᠷᠢᠳᠤᠨ ᠳᠠᠭᠠᠭᠤᠯᠬᠤ ᠦᠢᠯᠡᠳᠦᠯ | ᠪᠠᠳᠠᠷᠠᠭᠤᠯᠤᠭᠰᠠᠨ ᠶᠤᠮ᠃ | ᠭᠤᠷᠪᠠ ᠳᠤ᠂ ᠲᠤᠮᠳᠠᠳᠤ ᠹᠷᠠᠨᠼᠢ ᠶᠢᠨ ᠬᠠᠮᠳᠤ ᠶᠢᠨ ᠠᠵᠢᠯᠯᠠᠭᠠᠨ ᠤ ᠬᠠᠷᠢᠯᠴᠠᠨ ᠠᠰᠢᠭ ᠬᠦᠷᠳᠡᠭᠡᠵᠦ | ᠬᠠᠮᠳᠤ ᠪᠠᠷ ᠠᠮᠵᠢᠯᠳᠠ ᠳᠤ ᠬᠦᠷᠬᠦ ᠰᠢᠨᠵᠢ ᠴᠢᠨᠠᠷ ᠶᠡᠷᠦ ᠠᠴᠠ ᠬᠤᠪᠢᠷᠠᠭ᠎ᠠ ᠦᠬᠡᠢ ᠶᠤᠮ᠃ ᠲᠤᠮᠳᠠᠳᠤ ᠹᠷᠠᠨᠼᠢ ᠶᠢᠨ | ᠬᠠᠮᠳᠤ ᠶᠢᠨ ᠠᠵᠢᠯᠯᠠᠭᠠᠨ ᠤ ᠲᠡᠤᠭᠡ ᠠᠴᠠ ᠦᠵᠡᠪᠡᠯ᠂ ᠬᠤᠶᠠᠷ ᠲᠠᠯ᠎ᠠ ᠪᠠᠷ ᠢᠶᠠᠨ ᠡᠪᠯᠡᠷᠡᠰᠢ ᠦᠬᠡᠢ ᠦᠷᠢᠰᠦᠯᠳᠤᠨ | ᠲᠡᠮᠡᠴᠡᠬᠦ ᠬᠠᠷᠢᠯᠴᠠᠭ᠎ᠠ ᠲᠠᠢ ᠪᠢᠰᠢ ᠶᠤᠮ᠂ ᠬᠤᠶᠢᠰᠢᠳᠠ ᠶᠢᠨ ᠨᠡᠯᠢᠶᠡᠳ ᠤᠷᠳᠤ ᠬᠤᠭᠤᠴᠠᠭᠠᠨ ᠳᠤ᠂ ᠬᠤᠶᠠᠷ | ᠤᠯᠤᠰ ᠤᠨ ᠠᠵᠦ ᠠᠬᠤᠢ ᠮᠦᠨ ᠯᠡ ᠨᠡᠯᠢᠶᠡᠳ ᠴᠢᠩᠭ᠎ᠠ ᠬᠠᠷᠢᠯᠴᠠᠨ ᠨᠥᠬᠦᠪᠤᠷᠢᠯᠡᠬᠦ ᠲᠠᠪᠠᠭᠤᠯᠢᠭ ᠲᠠᠢ ᠪᠠᠶᠢᠨ᠎ᠠ᠃ | ᠲᠤᠮᠳᠠᠳᠤ ᠤᠯᠤᠰ ᠤᠨ ᠲᠤᠭᠳᠠᠪᠣᠷᠢᠲᠠᠢ ᠬᠦᠭᠵᠢᠯᠳᠡ ᠪᠠ ᠨᠡᠭᠡᠭᠡᠯᠳᠡ ᠬᠢᠬᠦ ᠪᠠᠨ ᠦᠷᠭᠡᠳᠭᠡᠬᠦ ᠨᠢ ᠬᠤᠶᠠᠷ | ᠤᠯᠤᠰ ᠲᠤ ᠬᠠᠮᠳᠤ ᠶᠢᠨ ᠠᠵᠢᠯᠯᠠᠭᠠᠨ ᠤ ᠠᠯᠢ ᠤᠯᠠᠨ ᠰᠢᠨ᠎ᠡ ᠠᠵᠠ ᠲᠤᠬᠢᠶᠠᠯ ᠠᠪᠴᠢᠷᠠᠵᠦ᠂ ᠬᠠᠮᠳᠤ ᠶᠢᠨ | ᠠᠵᠢᠯᠯᠠᠭᠠᠨ ᠤ ᠨᠡᠩ ᠶᠡᠭᠡ ᠤᠷᠤᠨ ᠵᠠᠢ ᠬᠠᠩᠭᠠᠬᠤ ᠪᠤᠯᠤᠨ᠎ᠠ ᠭᠡᠵᠠᠢ᠃ | ᠰᠢ ᠶᠢᠨ ᠫᠢᠩ ᠵᠢᠭᠠᠬᠤ ᠳᠠᠭᠠᠨ᠂ ᠲᠤᠮᠳᠠᠳᠤ ᠹᠷᠠᠨᠼᠢ ᠶᠢᠨ ᠬᠠᠷᠢᠯᠴᠠᠭ᠎ᠠ ᠡᠷᠡᠬᠦᠯ ᠲᠤᠭᠳᠠᠭᠤᠨ ᠪᠠᠶᠢᠬᠤ ᠨᠢ | ᠬᠡᠨ ᠠᠯᠢᠨ ᠤ ᠪᠠᠨ ᠠᠯᠤᠰ ᠭᠡᠳᠤ ᠶᠢᠨ ᠬᠦᠭᠵᠢᠯᠳᠡ ᠳᠤ ᠴᠢᠬᠤᠯᠠ ᠠᠴᠢ ᠬᠤᠯᠪᠤᠭᠳᠠᠯ ᠲᠠᠢ ᠪᠦᠭᠡᠳ ᠲᠡᠯᠡᠬᠡᠢ | ᠨᠡᠶᠢᠳᠡ ᠳᠤ ᠴᠦ ᠴᠢᠬᠤᠯᠠ ᠨᠥᠯᠦᠭᠡ ᠦᠵᠡᠬᠦᠯᠬᠦ ᠪᠤᠯᠤᠨ᠎ᠠ᠃ ᠬᠤᠶᠠᠷ ᠲᠠᠯ᠎ᠠ ᠪᠠᠷ ᠢᠶᠠᠨ ᠬᠠᠮᠳᠤ ᠶᠢᠨ | ᠠᠵᠢᠯᠯᠠᠭᠠᠨ ᠤ ᠰᠢᠨ᠎ᠡ ᠴᠠᠷ ᠬᠦᠷᠢᠶ᠎ᠡ ᠶᠢ ᠲᠠᠰᠤᠷᠠᠯᠳᠠ ᠦᠬᠡᠢ ᠬᠠᠶᠢᠵᠦ᠂ ᠬᠠᠮᠳᠤ ᠶᠢᠨ ᠠᠵᠢᠯᠯᠠᠭᠠᠨ ᠤ ᠰᠢᠨ᠎ᠡ | ᠨᠡᠮᠡᠭᠳᠡᠯ ᠤᠨ ᠴᠡᠭ ᠢ ᠪᠤᠢ ᠪᠤᠯᠭᠠᠵᠦ᠂ ᠨᠢᠭᠡᠨᠳᠡ ᠬᠡᠯᠡᠯᠴᠡᠵᠦ ᠲᠤᠬᠢᠷᠠᠯᠴᠠᠭᠰᠠᠨ ︽ᠨᠢᠭᠡ ᠪᠦᠰᠡ ᠨᠢᠭᠡ ᠵᠠᠮ︾ ᠤᠨ | ᠪᠠᠶᠢᠭᠤᠯᠤᠯᠳᠠ ᠶᠢ ᠬᠠᠮᠳᠤ ᠪᠠᠷ ᠪᠠᠶᠢᠭᠤᠯᠬᠤ ᠪᠠ ᠭᠤᠷᠪᠠᠳᠠᠭᠴᠢ ᠤᠯᠤᠰ ᠤᠨ ᠵᠠᠬ᠎ᠠ ᠲᠡᠯᠭᠡᠬᠦᠷ ᠢ ᠬᠠᠮᠳᠤ ᠪᠠᠷ | ᠨᠡᠭᠡᠭᠡᠬᠦ ᠬᠠᠮᠳᠤ ᠶᠢᠨ ᠠᠵᠢᠯᠯᠠᠭᠠᠨ ᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠦ᠂ ᠪᠤᠳᠠᠳᠤ ᠦᠷ᠎ᠡ ᠠᠰᠢᠭ | ᠲᠠᠢ ᠪᠤᠯᠭᠠᠪᠠᠯ ᠵᠤᠬᠢᠨ᠎ᠠ᠃ ᠲᠤᠮᠳᠠᠳᠤ ᠤᠯᠤᠰ ᠹᠷᠠᠨᠼᠢ ᠶᠢᠨ ᠲᠠᠯ᠎ᠠ ᠲᠠᠢ ᠬᠠᠮᠳᠤᠪᠠᠷ ᠤᠯᠠᠨ ᠤᠯᠤᠰ ᠤᠨ | ᠬᠤᠯᠪᠤᠭᠠᠳᠤ ᠪᠠᠶᠢᠭᠤᠯᠭ᠎ᠠ ᠶᠢᠨ ᠬᠡᠷᠡᠭ ᠶᠠᠪᠤᠳᠠᠯ᠂ ᠲᠡᠯᠡᠬᠡᠢ ᠶᠢᠨ ᠠᠷᠠᠯᠵᠢᠶᠠᠨ ᠤ ᠪᠠᠶᠢᠭᠤᠯᠭ᠎ᠠ ᠶᠢᠨ ᠦᠭᠡᠷᠡᠴᠢᠯᠡᠯᠳᠡ᠂ | ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠭᠠᠬᠤ ᠵᠡᠷᠭᠡ ᠴᠢᠬᠤᠯᠠ ᠶᠡᠭᠡ ᠠᠰᠠᠭᠤᠳᠠᠯ ᠲᠡᠭᠡᠷᠡᠬᠢ ᠪᠠᠶᠢᠯᠳᠤᠬᠤ | ᠪᠤᠳᠤᠯᠭ᠎ᠠ ᠶᠢᠨ ᠤᠶᠢᠯᠠᠭᠠᠯᠴᠠᠭ᠎ᠠ ᠪᠠ ᠵᠤᠬᠢᠴᠠᠭᠤᠯᠭ᠎ᠠ ᠪᠠᠨ ᠴᠢᠩᠭᠠᠳᠬᠠᠬᠤ ᠲᠤᠷᠠᠲᠠᠢ ᠪᠠᠶᠢᠨ᠎ᠠ᠃ ᠡᠸᠦ᠋ᠷᠤᠫᠠ | ᠲᠢᠪ ᠤᠨ ᠨᠢᠭᠡ ᠴᠤᠭᠴᠠᠴᠢᠯᠠᠬᠤ ᠠᠬᠢᠴᠠ ᠶᠢ ᠲᠤᠮᠳᠠᠳᠤ ᠶᠢᠨ ᠲᠠᠯ᠎ᠠ ᠢᠮᠠᠭᠳᠠ ᠲᠡᠮᠵᠢᠭᠰᠡᠭᠡᠷ ᠢᠷᠡᠭᠰᠡᠨ ᠶᠤᠮ᠂ | ᠲᠤᠮᠳᠠᠳᠤ ᠤᠯᠤᠰ ᠪᠤᠯᠤᠨ ᠡᠸᠦ᠋ᠷᠤᠫᠠ ᠲᠢᠪ ᠤᠨ ᠬᠠᠷᠢᠯᠴᠠᠭᠠᠨ ᠤ ᠲᠠᠯ᠎ᠠ ᠪᠠᠷ ᠨᠠᠩ ᠢᠳᠡᠪᠬᠢᠲᠠᠢ ᠵᠢᠯᠤᠭᠤᠳᠤᠨ | ᠠᠬᠢᠭᠤᠯᠬᠤ ᠦᠢᠯᠡᠳᠤᠯ ᠢᠶᠠᠨ ᠪᠠᠳᠠᠷᠠᠭᠤᠯᠬᠤ ᠶᠢ ᠹᠷᠠᠨᠼᠢ ᠶᠢᠨ ᠲᠠᠯ᠎ᠠ ᠳᠤ ᠬᠦᠰᠡᠵᠦ ᠪᠠᠶᠢᠨ᠎ᠠ ᠭᠡᠵᠠᠢ᠃ | ᠮᠠᠺᠷᠤᠨ ᠢᠯᠡᠷᠬᠡᠶᠢᠯᠡᠬᠦ ᠳᠡᠭᠡᠨ᠂ ᠨᠢᠳᠤᠨᠤᠨ ᠮᠢᠨᠤ ᠲᠤᠮᠳᠠᠳᠤ ᠤᠯᠤᠰ ᠲᠤ ᠬᠢᠭᠰᠡᠨ ᠠᠶᠢᠯᠴᠢᠯᠠᠯᠳᠠ ᠮᠠᠰᠢ | ᠠᠮᠵᠢᠯᠳᠠ ᠳᠤ ᠬᠦᠷᠦᠭᠰᠡᠨ ᠮᠦᠷᠳᠡᠭᠡᠨ ᠪᠠᠶᠠᠷ ᠪᠠᠶᠠᠰᠤᠯ ᠲᠠᠢ ᠪᠤᠯᠤᠭᠰᠠᠨ ᠶᠤᠮ᠃ ᠵᠢᠯ ᠭᠠᠷᠤᠢ ᠶᠢᠨ ᠲᠤᠷᠰᠢ | ᠹᠷᠠᠨᠼᠢ ᠲᠤᠮᠳᠠᠳᠤ ᠬᠤᠶᠠᠷ ᠲᠠᠯ᠎ᠠ ᠲᠡᠷᠢᠬᠦᠯᠡᠭᠴᠢ ᠰᠢ ᠶᠢᠨ ᠫᠢᠩ ᠪᠢᠳᠡ ᠬᠤᠶᠠᠭᠤᠯᠠ ᠶᠢᠨ ᠲᠤᠬᠢᠷᠠᠯᠴᠠᠭᠰᠠᠨ | ᠴᠢᠬᠤᠯᠠ ᠬᠠᠮᠳᠤ ᠶᠢᠨ ᠲᠠᠨᠢᠯᠳᠠ ᠶᠢ ᠲᠠᠰᠤᠷᠠᠯᠳᠠ ᠦᠬᠡᠢ ᠨᠠᠶᠢᠳᠠᠪᠤᠷᠢᠵᠢᠭᠤᠯᠵᠦ᠂ ᠠᠵᠦ ᠠᠬᠤᠢ ᠠᠷᠠᠯᠵᠢᠶ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠶᠤᠯ ᠵᠡᠷᠭᠡ ᠴᠠᠷ ᠬᠦᠷᠢᠶᠡᠨ ᠤ ᠰᠤᠯᠢᠯᠴᠠᠭ᠎ᠠ ᠬᠠᠮᠳᠤ ᠶᠢᠨ | ᠠᠵᠢᠯᠯᠠᠭ᠎ᠠ ᠶᠢ ᠬᠦᠴᠦᠲᠠᠢ ᠠᠬᠢᠭᠤᠯᠵᠠᠢ᠃ ᠹᠷᠠᠨᠼᠢ ᠶᠢᠨ ᠬᠢᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ | ᠶᠢ ᠠᠩᠬᠠᠷᠤᠨ ᠬᠦᠨᠳᠦᠳᠭᠡᠵᠦ ᠪᠠᠶᠢᠨ᠎ᠠ᠃ ᠹᠷᠠᠨᠼᠢ ᠶᠢᠨ ᠬᠢᠨ ᠲᠤᠮᠳᠠᠳᠤ ᠶᠢᠨ ᠲᠠᠯ᠎ᠠ ᠶᠢ ᠪᠠᠶᠢᠯᠳᠤᠬᠤ ᠪᠤᠳᠤᠯᠭ᠎ᠠ | ᠶᠢᠨ ᠬᠠᠮᠳᠤᠷᠠᠨ ᠠᠵᠢᠯᠯᠠᠬᠤ ᠴᠢᠬᠤᠯᠠ ᠲᠦᠩᠰᠢ ᠪᠠᠷ ᠦᠵᠡᠵᠦ᠂ ᠠᠭᠤᠷ ᠠᠮᠢᠰᠬᠤᠯ ᠤᠨ ᠬᠤᠪᠢᠷᠠᠯᠳᠠ ᠶᠢ | ᠠᠷᠭᠠᠴᠠᠭᠠᠬᠤ ᠵᠡᠷᠭᠡ ᠤᠯᠠᠨ ᠤᠯᠤᠰ ᠤᠨ ᠬᠡᠷᠡᠭ ᠶᠠᠪᠤᠳᠠᠯ ᠲᠤᠮᠳᠠ ᠪᠠᠳᠠᠷᠠᠭᠤᠯᠤᠭᠰᠠᠨ ᠲᠤᠮᠳᠠᠳᠤ ᠤᠯᠤᠰ ᠤᠨ | ᠴᠢᠬᠤᠯᠠ ᠦᠢᠯᠡᠳᠤᠯ ᠪᠠ ᠭᠠᠪᠢᠶ᠎ᠠ ᠵᠢᠳᠬᠦᠯ ᠢ ᠮᠠᠭᠳᠠᠨ ᠰᠠᠶᠢᠰᠢᠶᠠᠵᠦ ᠪᠠᠶᠢᠨ᠎ᠠ᠃ ᠲᠤᠮᠳᠠᠳᠤ ᠤᠯᠤᠰ ᠲᠠᠢ ᠪᠠᠶᠢᠬᠤ | ᠪᠠᠶᠢᠯᠳᠤᠬᠤ ᠪᠤᠳᠤᠯᠭ᠎ᠠ ᠶᠢᠨ ᠤᠶᠢᠯᠠᠭᠠᠯᠴᠠᠭ᠎ᠠ ᠪᠠ ᠵᠤᠬᠢᠴᠠᠭᠤᠯᠭ᠎ᠠ ᠪᠠᠨ ᠴᠢᠨᠠᠭᠰᠢᠳᠠ ᠨᠢᠭᠳᠠᠷᠠᠭᠤᠯᠵᠦ᠂ ᠹᠷᠠᠨᠼᠢ | ᠲᠤᠮᠳᠠᠳᠤ ᠶᠢᠨ ᠪᠥᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠲᠦᠩᠰᠢ ᠶᠢᠨ ᠬᠠᠷᠢᠯᠴᠠᠭᠠᠨ ᠤ ᠵᠢᠯᠤᠭᠤᠳᠤᠨ | ᠲᠠᠭᠠᠭᠤᠯᠬᠤ ᠦᠢᠯᠡᠳᠤᠯ ᠢ ᠪᠠᠳᠠᠷᠠᠭᠤᠯᠵᠦ᠂ ᠤᠯᠠᠨ ᠲᠠᠯᠠᠳᠤ ᠦᠵᠡᠯ ᠢ ᠬᠠᠮᠳᠤᠪᠠᠷ ᠬᠠᠮᠠᠭᠠᠯᠠᠵᠦ᠂ ᠲᠡᠯᠡᠬᠡᠢ ᠶᠢᠨ ᠡᠪ | ᠨᠠᠶᠢᠷᠠᠮᠳᠠᠯ ᠪᠠ ᠴᠡᠴᠡᠭᠯᠡᠯ ᠬᠦᠭᠵᠢᠯ ᠢ ᠠᠬᠢᠭᠤᠯᠬᠤ ᠲᠤᠷᠠᠲᠠᠢ ᠪᠠᠶᠢᠨ᠎ᠠ ᠭᠡᠵᠠᠢ᠃ ᠰᠢ ᠶᠢᠨ ᠫᠢᠩ ᠮᠤᠨᠠᠺᠦ ᠳᠤ ᠬᠢᠭᠰᠡᠨ | ᠲᠦᠷᠦ ᠶᠢᠨ ᠠᠶᠢᠯᠴᠢᠯᠠᠯᠳᠠ ᠪᠠᠨ ᠲᠠᠭᠤᠰᠬᠠᠭᠠᠳ ᠮᠠᠰᠢᠨ ᠲᠡᠷᠭᠡ ᠪᠠᠷ ᠨᠢᠰ ᠬᠤᠳᠠ ᠳᠤ ᠬᠦᠷᠴᠦ᠂ ᠹᠷᠠᠨᠼᠢ ᠳᠤ | ᠬᠢᠬᠦ ᠲᠦᠷᠦ ᠶᠢᠨ ᠠᠶᠢᠯᠴᠢᠯᠠᠯᠳᠠ ᠪᠠᠨ ᠡᠬᠢᠯᠡᠬᠦᠯᠦᠭᠰᠡᠨ ᠶᠤᠮ᠃ | | |