ᠰᠢ ᠶᠢᠨ ᠫᠢᠩ ᠮᠤᠨᠠᠺᠦ ᠶᠢᠨ ᠴᠢᠨ ᠸᠠᠩ ᠠᠯᠪᠸᠢ ᠬᠤᠶᠠᠳᠤᠭᠠᠷ ᠲᠠᠢ ᠭᠡᠯᠡᠯᠴᠡᠭᠡ ᠬᠢᠪᠡ
ᠨᠡᠶᠢᠲᠡᠯᠡᠭᠰᠡᠨ ᠴᠠᠭ᠄
2019-03-26
     ᠤᠯᠤᠰ ᠤᠨ ᠲᠡᠷᠢᠬᠦᠯᠡᠭᠴᠢ ᠰᠢ ᠶᠢᠨ ᠫᠢᠩ 24 ᠤ ᠡᠳᠦᠷ ᠮᠤᠨᠠᠺᠦ ᠶᠢᠨ ᠴᠢᠨ ᠸᠠᠩ ᠠᠯᠪᠸᠢ ᠬᠤᠶᠠᠳᠤᠭᠠᠷ ᠲᠠᠢ ᠭᠡᠯᠡᠯᠴᠡᠭᠡ ᠬᠢᠪᠡ᠃      ᠰᠢ ᠶᠢᠨ ᠫᠢᠩ᠂ ᠴᠢᠨ ᠸᠠᠩ ᠨᠤᠶᠠᠨᠳᠠᠨ ᠤ ᠤᠷᠢᠯᠭ᠎ᠠ ᠪᠠᠷ ᠮᠤᠨᠠᠺᠦ ᠬᠦᠩᠳᠦ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠵᠤ ᠪᠠᠶᠢᠬᠤ ᠳᠠᠭᠠᠨ ᠮᠠᠰᠢ ᠪᠠᠶᠠᠷᠳᠠᠢ ᠪᠠᠶᠢᠨ᠎ᠠ᠃ ᠡᠨᠡ ᠪᠤᠯ ᠳᠤᠮᠳᠠᠳᠤ ᠤᠯᠤᠰ ᠤᠨ ᠤᠯᠤᠰ ᠤᠨ ᠲᠡᠷᠢᠬᠦᠯᠡᠭᠴᠢ ᠶᠢᠨ ᠮᠤᠨᠠᠺᠦ ᠳᠠᠬᠢ ᠠᠩᠬᠠᠳᠠᠬᠴᠢ ᠠᠶᠢᠯᠴᠢᠯᠠᠯᠳᠠ ᠮᠦᠨ᠃ ᠮᠠᠨ ᠤ ᠬᠤᠶᠠᠷ ᠤᠯᠤᠰ ᠤᠨ ᠠᠳᠠᠯᠢᠪᠳᠤᠷ ᠪᠦᠬᠦᠢ ᠦᠨᠳᠦᠰᠦᠳᠡᠨ ᠤ ᠵᠠᠩ ᠠᠷᠠᠨᠰᠢᠨ ᠪᠠ ᠬᠠᠮᠳᠦ ᠶᠢᠨ ᠤᠶᠤᠨ ᠰᠠᠨᠠᠭᠠᠨ ᠤ ᠬᠦᠭᠡᠭᠡᠴᠡᠯᠳᠦᠯ ᠨᠢ ᠪᠢᠳᠠᠨ ᠢ ᠬᠠᠷᠢᠯᠴᠠᠨ ᠤᠶᠢᠯᠠᠭᠠᠭᠤᠯᠵᠦ ᠬᠠᠷᠢᠯᠴᠠᠨ ᠬᠠᠨᠢᠰᠤᠭᠤᠯᠵᠠᠢ᠃ ᠳᠤᠮᠳᠠᠳᠤ ᠮᠤᠨᠠᠺᠦ ᠬᠠᠷᠢᠯᠴᠠᠭ᠎ᠠ ᠪᠠᠶᠢᠭᠤᠯᠤᠭᠰᠠᠨ 20 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠢᠮᠠᠬᠳᠠ ᠦᠨᠡᠨᠴᠢ ᠨᠦᠬᠦᠷᠰᠡᠭ᠂ ᠡᠷᠭᠡ ᠲᠡᠭᠰᠢ ᠪᠠᠷ ᠬᠠᠨᠳᠤᠯᠴᠠᠬᠰᠠᠭᠠᠷ ᠢᠷᠡᠵᠠᠢ᠃ ᠤᠳᠤᠬᠠᠨ ᠳᠤ᠂ ᠳᠤᠮᠳᠠᠳᠤ ᠮᠤᠨᠠᠺᠦ ᠬᠤᠶᠠᠷ ᠲᠠᠯ᠎ᠠ ᠶᠢᠨ ᠬᠠᠷᠢᠯᠴᠠᠭ᠎ᠠ ᠲᠤᠭᠳᠠᠭᠤᠨ ᠢᠶᠠᠷ ᠬᠦᠭᠵᠢᠵᠦ᠂ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠵᠦ᠂ ᠢᠯᠠᠩᠭᠤᠶ᠎ᠠ ᠤᠷᠴᠢᠨ ᠲᠤᠭᠤᠷᠢᠨ ᠤ ᠬᠠᠮᠠᠭᠠᠯᠠᠯᠳᠠ᠂ ᠴᠠᠬᠢᠯᠭᠠᠨ ᠬᠤᠯᠪᠤᠭ᠎ᠠ᠂ ᠰᠢᠯᠵᠢᠭᠡ ᠲᠦᠯᠦᠯᠳᠡ ᠵᠡᠷᠭᠡ ᠰᠢᠨ᠎ᠠ ᠬᠦᠷᠢᠶ᠎ᠠ ᠳᠤᠮᠳᠠᠳᠤ ᠡᠸᠦ᠋ᠷᠦᠫᠠ ᠶᠢᠨ ᠬᠠᠮᠳᠤᠷᠠᠯᠴᠠᠭᠠᠨ ᠤ ᠡᠮᠦᠨ᠎ᠠ ᠡᠩᠨᠡᠭᠡ ᠳᠤ ᠬᠤᠰᠢᠭᠤᠷᠠᠵᠦ ᠪᠤᠢ᠃ ᠳᠤᠮᠳᠠᠳᠤ ᠮᠤᠨᠠᠺᠦ ᠶᠢᠨ ᠬᠠᠷᠢᠯᠴᠠᠭ᠎ᠠ ᠨᠢ ᠶᠡᠭᠡ ᠪᠠᠭ᠎ᠠ ᠠᠳᠠᠯᠢ ᠪᠤᠰᠤ᠂ ᠲᠡᠦᠭᠡ ᠰᠤᠶᠤᠯ ᠠᠳᠠᠯᠢ ᠪᠤᠰᠤ᠂ ᠨᠡᠶᠢᠭᠡᠮ ᠤᠨ ᠪᠠᠶᠢᠭᠤᠯᠤᠯ ᠠᠳᠠᠯᠢ ᠪᠤᠰᠤ ᠤᠯᠤᠰ ᠤᠳ ᠤᠨ ᠨᠦᠬᠦᠷᠰᠡᠭ ᠶᠠᠪᠤᠯᠴᠠᠭᠠᠨ ᠤ ᠦᠯᠢᠭᠡᠷ ᠵᠢᠱᠢᠶ᠎ᠠ ᠪᠤᠯᠵᠠᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠪᠢ ᠴᠢᠨ ᠸᠠᠩ ᠨᠤᠶᠠᠨᠳᠠᠨ ᠲᠠᠢ ᠬᠠᠭᠠᠰ ᠵᠢᠯ ᠤᠨ ᠳᠤᠳᠤᠷ᠎ᠠ ᠬᠠᠷᠢᠯᠴᠠᠨ ᠠᠶᠢᠯᠴᠢᠯᠠᠬᠤ ᠶᠢ ᠪᠡᠶᠡᠯᠡᠬᠦᠯᠪᠡ᠂ ᠡᠨᠡ ᠨᠢ ᠳᠤᠮᠳᠠᠳᠤ ᠮᠤᠨᠠᠺᠦ ᠶᠢᠨ ᠬᠠᠷᠢᠯᠴᠠᠭᠠᠨ ᠤ ᠳᠡᠭᠡᠳᠦ ᠲᠦᠪᠰᠢᠨ ᠢ ᠬᠠᠷᠠᠭᠤᠯᠵᠦ ᠪᠤᠢ᠃ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠬᠠᠷᠢᠯᠴᠠᠭᠠᠨ ᠤ ᠵᠦᠪ ᠴᠢᠭᠯᠡᠯ ᠢ ᠪᠠᠳᠤ ᠡᠵᠡᠮᠳᠡᠵᠦ᠂ ᠤᠯᠠᠮᠵᠢᠯᠠᠯᠳᠦ ᠨᠦᠬᠦᠷᠯᠡᠯ ᠪᠠ ᠤᠯᠤᠰ ᠲᠦᠷᠦ ᠶᠢᠨ ᠢᠳᠡᠭᠡᠯᠴᠡᠭᠡ ᠪᠠᠨ ᠳᠠᠰᠤᠷᠠᠯᠳᠠ ᠦᠭᠡᠢ ᠪᠠᠬᠢᠵᠢᠬᠦᠯᠵᠦ᠂ ᠤᠯᠠᠨ ᠤᠯᠤᠰ ᠤᠨ ᠬᠤᠯᠪᠤᠭᠠᠳᠦ ᠪᠠᠶᠢᠭᠤᠯᠭ᠎ᠠ ᠪᠠ ᠤᠯᠠᠨ ᠤᠯᠤᠰ ᠤᠨ ᠭᠡᠷᠡᠭ ᠶᠠᠪᠤᠳᠠᠯ ᠳᠤᠮᠳᠠᠬᠢ ᠤᠯᠤᠯᠴᠠᠭ᠎ᠠ ᠵᠤᠬᠢᠴᠠᠭᠤᠯᠭ᠎ᠠ ᠪᠠ ᠳᠡᠮᠵᠢᠯᠭᠡ ᠪᠠᠨ ᠴᠢᠩᠭᠠᠳᠬᠠᠶ᠎ᠠ᠃ ᠬᠤᠶᠠᠷ ᠲᠠᠯ᠎ᠠ ᠪᠠᠷ ᠢᠶᠠᠨ ᠨᠡᠭᠡᠭᠡᠯᠳᠠᠳᠤ ᠬᠠᠮᠳᠤᠷᠠᠯᠴᠠᠭ᠎ᠠ ᠶᠢ ᠪᠠᠷᠢᠮᠳᠠᠯᠠᠵᠦ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠬᠦᠨᠵᠡᠭᠡᠶᠢᠷᠡᠬᠦᠯᠦᠶ᠎ᠠ᠃ ᠳᠤᠮᠳᠠᠳᠤ ᠶᠢᠨ ᠲᠠᠯ᠎ᠠ ᠮᠤᠨᠠᠺᠦ ᠶᠢᠨ ᠲᠠᠯ᠎ᠠ ᠶᠢᠨ ᠬᠢᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭ᠎ᠠ ᠳᠤ ᠢᠳᠡᠪᠬᠢᠳᠠᠢ ᠤᠷᠤᠯᠴᠠᠬᠤ ᠶᠢ ᠪᠠᠶᠠᠷᠯᠠᠨ ᠤᠬᠳᠤᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠤᠷᠴᠢᠨ ᠲᠤᠭᠤᠷᠢᠨ ᠢ ᠬᠠᠮᠠᠭᠠᠯᠠᠬᠤ ᠬᠠᠮᠳᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠬᠦᠯᠦᠶ᠎ᠠ᠃ ᠳᠤᠮᠳᠠᠳᠤ ᠶᠢᠨ ᠲᠠᠯ᠎ᠠ ᠠᠴᠠ ᠴᠢᠨ ᠸᠠᠩ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠬᠢᠨ ᠳᠤᠮᠳᠠᠳᠤ ᠤᠯᠤᠰ ᠲᠤ ᠤᠷᠴᠢᠨ ᠲᠤᠭᠤᠷᠢᠨ ᠢ ᠬᠠᠮᠠᠭᠠᠯᠠᠬᠤ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠬᠦᠯᠵᠦ᠂ ᠰᠤᠶᠤᠯ ᠢᠷᠭᠡᠨᠰᠢᠯ ᠤᠨ ᠰᠤᠯᠢᠯᠴᠠᠭᠠᠨ ᠤ ᠠᠭᠤᠯᠤᠬᠳᠠᠬᠤᠨ ᠢ ᠳᠠᠰᠤᠷᠠᠯᠳᠠ ᠦᠭᠡᠢ ᠡᠯᠪᠡᠭᠵᠢᠬᠦᠯᠬᠦ ᠶᠢ ᠪᠠᠶᠠᠷᠯᠠᠨ ᠤᠬᠳᠤᠨ᠎ᠠ ᠭᠡᠵᠦ ᠴᠢᠬᠤᠯᠠᠴᠢᠯᠠᠪᠠ᠃
     ᠠᠯᠪᠸᠢ ᠬᠤᠶᠠᠳᠤᠭᠠᠷ ᠴᠢᠨ ᠸᠠᠩ ᠮᠤᠨᠠᠺᠤ ᠶᠢᠨ ᠸᠠᠩ ᠤᠨ ᠤᠬᠰᠠᠭ᠎ᠠ᠂ ᠵᠠᠰᠠᠬ ᠤᠨ ᠤᠷᠳᠤᠨ ᠪᠤᠯᠤᠨ ᠠᠷᠠᠳ ᠳᠦᠮᠡᠨ ᠤ ᠡᠮᠤᠨ᠎ᠡ ᠠᠴᠠ ᠳᠡᠷᠢᠬᠦᠯᠡᠭᠴᠢ ᠰᠢ ᠶᠢᠨ ᠫᠢᠩ ᠤᠨ ᠮᠤᠨᠠᠺᠤ ᠳᠤ ᠳᠡᠥᠬᠡᠳᠤ ᠴᠢᠨᠠᠷᠳᠠᠢ ᠠᠶᠢᠯᠴᠢᠯᠠᠯᠳᠠ ᠬᠢᠭᠰᠡᠨ ᠢ ᠪᠠᠶᠠᠷᠯᠠᠨ ᠤᠬᠳᠤᠪᠠ᠃ ᠠᠯᠪᠸᠢ ᠬᠤᠶᠠᠳᠤᠭᠠᠷ ᠴᠢᠨ ᠸᠠᠩ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠠᠨ ᠤᠬᠳᠤᠬᠤ ᠳᠠᠰᠢᠷᠠᠮ ᠳᠤ᠂ ᠪᠢ ᠳᠤᠮᠳᠠᠳᠤ ᠤᠯᠤᠰ ᠤᠨ ᠬᠦᠭᠵᠢᠯᠳᠡ ᠯᠤᠳᠤ ᠶᠡᠭᠡ ᠠᠮᠵᠢᠯᠳᠠ ᠤᠯᠤᠬᠰᠠᠨ ᠢ ᠪᠠᠶᠠᠷᠯᠠᠨ ᠪᠡᠯᠬᠡᠯᠡᠶ᠎ᠡ᠃ ᠮᠤᠨᠠᠺᠤ ᠳᠤᠮᠳᠠᠳᠤ ᠶᠢᠨ ᠬᠠᠷᠢᠯᠴᠠᠭ᠎ᠠ ᠶᠢᠨ ᠬᠦᠭᠵᠢᠯᠳᠠ ᠰᠠᠶᠢᠨ ᠰᠠᠶᠢᠬᠠᠨ ᠪᠠᠶᠢᠨ᠎ᠠ᠃ ᠮᠤᠨᠠᠺᠤ ᠳᠤᠷᠠᠳᠠᠶ᠎ᠠ ᠳᠤᠮᠳᠠᠳᠤ ᠤᠯᠤᠰ ᠯᠤᠭ᠎ᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠰᠢᠨ᠎ᠡ ᠶᠢ ᠡᠬᠦᠳᠬᠦ᠂ ᠠᠮᠢ ᠠᠬᠤᠢ ᠶᠢᠨ ᠬᠠᠮᠠᠭᠠᠯᠠᠯᠳᠠ᠂ ᠬᠡᠬᠡᠷ᠎ᠡ ᠶᠢᠨ ᠠᠮᠢᠳᠠᠨ ᠢ ᠬᠠᠮᠠᠭᠠᠯᠠᠬᠤ᠂ ᠳᠠᠬᠢᠯᠳᠠ ᠡᠨᠧᠷᠬᠢ ᠵᠡᠷᠬᠡ ᠬᠦᠷᠢᠶᠡᠨ ᠳᠠᠬᠢ ᠬᠠᠮᠳᠤᠷᠠᠯᠴᠠᠭ᠎ᠠ ᠪᠠᠨ ᠦᠷᠬᠡᠳᠬᠡᠨ᠎ᠡ᠂ ᠮᠤᠨᠠᠺᠤ ᠶᠢᠨ ᠳᠠᠯ᠎ᠠ ᠶᠢᠨ ᠬᠢᠨ ᠳᠤᠮᠳᠠᠳᠤ ᠤᠯᠤᠰ ᠤᠨ ᠠᠭᠤᠷ ᠠᠮᠢᠰᠬᠤᠯ ᠤᠨ ᠬᠤᠪᠢᠷᠠᠯᠳᠠ ᠵᠡᠷᠬᠡ ᠳᠡᠯᠡᠬᠡᠢ ᠨᠡᠶᠢᠬᠡᠮ ᠤᠨ ᠬᠡᠷᠡᠭ ᠶᠠᠪᠤᠳᠠᠯ ᠳᠤᠮᠳᠠ ᠴᠢᠬᠤᠯᠠ ᠦᠢᠯᠡᠳᠦᠯ ᠦᠵᠡᠭᠦᠯᠦᠭᠰᠡᠨ ᠢ ᠳᠡᠬᠡᠳᠤ ᠬᠡᠮᠵᠢᠶ᠎ᠡ ᠪᠠᠷ ᠮᠠᠬᠳᠠᠨ ᠰᠠᠶᠢᠰᠢᠶᠠᠵᠤ ᠪᠠᠶᠢᠨ᠎ᠠ᠂ ᠳᠤᠷᠠᠳᠠᠶ᠎ᠠ ᠳᠤᠮᠳᠠᠳᠤ ᠶᠢᠨ ᠳᠠᠯ᠎ᠠ ᠶᠢᠨ ᠢᠷᠡᠬᠦ ᠵᠢᠯ ᠤᠨ ︽ᠠᠮᠢᠳᠤ ᠪᠤᠳᠠᠰ ᠤᠨ ᠤᠯᠠᠨ ᠶᠠᠩᠵᠤᠴᠢᠯᠠᠯᠳᠠ ᠶᠢᠨ ᠨᠡᠶᠢᠳᠡ ᠶᠢᠨ ᠬᠡᠷ᠎ᠡ︾ ᠶᠢᠨ ᠠᠷᠪᠠᠨ ᠳᠠᠪᠤᠳᠤᠭᠠᠷ ᠤᠳᠠᠭ᠎ᠠ ᠶᠢᠨ ᠬᠡᠷᠡᠳᠤ ᠳᠠᠯ᠎ᠠ ᠶᠢᠨ ᠬᠤᠷᠠᠯ ᠢ ᠰᠠᠶᠢᠳᠤᠷ ᠬᠢᠬᠦ ᠶᠢ ᠳᠡᠮᠵᠢᠵᠥ᠂ 2022 ᠤᠨ ᠤ ᠪᠡᠬᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠠᠮᠵᠢᠯᠳᠠ ᠤᠯᠬᠤ ᠶᠢ ᠳᠡᠮᠵᠢᠬᠦ ᠶᠢᠨ ᠬᠠᠮᠳᠦ ᠵᠦᠩᠨᠡᠵᠦ ᠪᠠᠶᠢᠨ᠎ᠠ᠂ ᠳᠤᠷᠠᠳᠠᠶ᠎ᠠ ᠮᠤᠨᠠᠺᠤ ᠳᠤᠮᠳᠠᠳᠤ ᠶᠢᠨ ᠰᠤᠶᠤᠯ ᠤᠨ ᠰᠤᠯᠢᠯᠴᠠᠭ᠎ᠠ ᠶᠢ ᠠᠬᠢᠭᠤᠯᠵᠥ᠂ ᠬᠤᠶᠠᠷ ᠤᠯᠤᠰ ᠤᠨ ᠠᠷᠠᠳ ᠳᠦᠮᠡᠨ ᠤ ᠨᠦᠬᠦᠷᠰᠡᠭ ᠢᠶᠠᠷ ᠶᠠᠪᠤᠯᠴᠠᠬᠤ ᠶᠢ ᠠᠬᠢᠭᠤᠯᠤᠨ᠎ᠡ ᠬᠡᠵᠥ ᠢᠯᠡᠳᠬᠡᠪᠡ᠃      ᠬᠡᠯᠡᠯᠴᠡᠭᠡ ᠠᠴᠠ ᠡᠮᠤᠨ᠎ᠡ᠂ ᠠᠯᠪᠸᠢ ᠬᠤᠶᠠᠳᠤᠭᠠᠷ ᠴᠢᠨ ᠸᠠᠩ ᠰᠢ ᠶᠢᠨ ᠫᠢᠩ ᠢ ᠤᠬᠳᠤᠬᠤ ᠦᠪᠡᠳᠡᠭᠰᠢ ᠶᠡᠭᠡ ᠶᠤᠰᠤᠯᠠᠯ ᠶᠠᠪᠤᠭᠤᠯᠪᠠ᠃
     ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠳᠡᠷᠬᠡᠨ ᠳᠤ ᠰᠠᠭᠤᠵᠥ ᠸᠠᠩ ᠤᠨ ᠤᠷᠳᠤᠨ ᠤ ᠳᠠᠯᠠᠪᠠᠢ ᠳᠤ ᠬᠦᠷᠴᠤ ᠢᠷᠡᠬᠦ ᠳᠤ᠂ ᠠᠯᠪᠸᠢ ᠬᠤᠶᠠᠳᠤᠭᠠᠷ ᠴᠢᠨ ᠸᠠᠩ ᠬᠠᠳᠤᠨ ᠲᠠᠢ ᠪᠠᠨ ᠬᠠᠯᠠᠭᠤᠨ ᠢᠶᠠᠷ ᠤᠬᠳᠤᠨ ᠠᠪᠴᠠᠢ᠃ ᠴᠡᠷᠢᠭ ᠤᠨ ᠬᠦᠭᠵᠢᠮ ᠤᠨ ᠪᠦᠯᠬᠦᠮ ᠳᠤᠮᠳᠠᠳᠤ ᠮᠤᠨᠠᠺᠤ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠦᠭᠵᠢᠮᠳᠡᠪᠡ᠃ ᠬᠤᠶᠠᠷ ᠤᠯᠤᠰ ᠤᠨ ᠳᠡᠷᠢᠬᠦᠨ ᠬᠠᠮᠳᠤ ᠪᠠᠷ ᠶᠤᠰᠤᠯᠠᠯ ᠤᠨ ᠴᠡᠷᠢᠭ ᠠᠩᠬᠢ ᠶᠢ ᠰᠢᠯᠭᠠᠨ ᠦᠵᠡᠪᠡ᠃ ᠰᠢᠯᠭᠠᠨ ᠦᠵᠡᠭᠰᠡᠨ ᠤ ᠳᠠᠷᠠᠭ᠎ᠠ᠂ ᠬᠤᠶᠠᠷ ᠤᠯᠤᠰ ᠤᠨ ᠳᠡᠷᠢᠬᠦᠨ ᠬᠠᠳᠤᠨ ᠲᠠᠢ ᠪᠠᠨ ᠵᠢᠬᠰᠠᠭᠠᠯ ᠢ ᠦᠵᠡᠪᠡ᠃ ᠰᠢ ᠶᠢᠨ ᠫᠢᠩ ᠮᠤᠨᠠᠺᠤ ᠶᠢᠨ ᠳᠠᠯ᠎ᠠ ᠶᠢᠨ ᠭᠤᠤᠯ ᠠᠯᠪᠠᠨ ᠳᠤᠰᠢᠶᠠᠯᠳᠠᠨ ᠯᠤᠭ᠎ᠠ ᠭᠠᠷ ᠠᠳᠬᠤᠵᠥ᠂ ᠠᠯᠪᠸᠢ ᠬᠤᠶᠠᠳᠤᠭᠠᠷ ᠴᠢᠨ ᠸᠠᠩ ᠳᠤᠮᠳᠠᠳᠤ ᠶᠢᠨ ᠳᠠᠯ᠎ᠠ ᠶᠢᠨ ᠪᠠᠷ᠎ᠠ ᠪᠤᠯᠤᠬᠰᠠᠳ ᠯᠤᠭ᠎ᠠ ᠭᠠᠷ ᠠᠳᠬᠤᠪᠠ᠃      ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠸᠠᠩ ᠢ᠂ ᠾᠧ ᠯᠢ ᠹᠧᠩ ᠨᠠᠷ ᠳᠡᠬᠡᠷᠡᠬᠢ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号