ᠬᠦᠰᠡᠯ ᠲᠠᠯᠠᠯᠤᠬᠰᠠᠨ ᠰᠤᠶᠤᠯᠴᠢ ᠠᠮᠢᠳᠤᠷᠠᠯ
ᠨᠡᠶᠢᠲᠡᠯᠡᠭᠰᠡᠨ ᠴᠠᠭ᠄
2019-03-26
 
      ᠲᠤᠭ ᠪᠠᠯᠭᠠᠰᠤᠨ ᠤ ᠲᠤᠭᠤᠯᠳᠠᠢ ᠭᠠᠴᠠᠭᠠᠨ ᠤ ᠵᠢᠷ ᠤᠨ ᠮᠠᠯᠴᠢᠨ ᠰᠠᠶᠢᠰᠢᠶᠠᠯᠲᠤ᠂ ᠰᠡᠴᠡᠨᠬᠤᠷᠯᠤ ᠶᠢᠨ ᠬᠢᠨ ᠮᠠᠯ ᠲᠠᠷᠢᠶᠠᠯᠠᠩ ᠢᠶᠠᠷ ᠭᠤᠤᠯᠯᠠᠬᠤ ᠶᠢᠨ ᠲᠠᠭᠠᠤ ᠦᠨᠳᠦᠰᠦᠲᠡᠨ ᠤ ᠦᠪ ᠰᠤᠶᠤᠯ ᠢᠶᠠᠨ ᠤᠯᠠᠮᠵᠢᠯᠠᠨ ᠬᠦᠭᠵᠢᠭᠦᠯᠭᠦ ᠬᠦᠰᠡᠯ ᠪᠤᠳᠤᠯ ᠲᠠᠢ ᠶᠠᠪᠤᠭ᠎ᠠ ᠦᠨᠢᠷ ᠵᠢᠷᠭᠠᠯᠲᠤ ᠠᠶᠢᠯ ᠪᠤᠯᠬᠤ ᠶᠤᠮ᠃ ᠨᠡᠶᠢᠬᠡᠮ ᠤᠨ ᠠᠰᠤᠷᠤ ᠶᠡᠭᠡ ᠬᠦᠭᠵᠢᠯᠲᠡ ᠲᠠᠪᠰᠢᠯᠲᠠ ᠶᠢᠨ ᠶᠠᠪᠤᠴᠠ ᠲᠤᠮᠳᠠ ᠦᠪ ᠰᠤᠶᠤᠯ ᠢᠶᠠᠨ ᠤᠯᠠᠮᠵᠢᠯᠠᠵᠤ ᠬᠦᠭᠵᠢᠭᠦᠯᠵᠤ ᠬᠠᠳᠠᠭᠠᠯᠠᠨ᠎ᠠ ᠭᠡᠳᠡᠭ ᠲᠡᠶᠢᠮᠤ ᠴᠤ ᠠᠮᠠᠷᠬᠠᠨ ᠠᠵᠢᠯ ᠪᠢᠰᠢ ᠪᠢᠯᠡ᠃ ᠬᠡᠪᠡᠴᠦ ᠰᠠᠶᠢᠰᠢᠶᠠᠯᠲᠤ ᠰᠡᠴᠡᠨᠬᠤᠷᠯᠤ ᠬᠤᠶᠠᠭᠤᠯᠠ ᠪᠠᠨ ᠡᠭᠦᠨ ᠢ ᠲᠠᠷᠬᠠᠨ ᠡᠭᠦᠷᠬᠡ ᠬᠠᠷᠢᠭᠤᠴᠠᠯᠭ᠎ᠠ ᠬᠡᠮᠡᠨ ᠦᠵᠡᠵᠤ᠂ ᠬᠤᠶᠠᠷ ᠬᠡᠤᠬᠡᠳ ᠲᠡᠭᠡᠨ ᠴᠤ ᠦᠪᠡᠷ ᠤᠨ ᠪᠡᠶ᠎ᠡ ᠪᠠᠷ ᠢᠶᠠᠨ ᠲᠠᠭᠤᠷᠢᠶᠠᠯ ᠦᠵᠡᠭᠦᠯᠵᠤ ᠰᠤᠷᠭᠠᠨ ᠬᠦᠮᠦᠵᠢᠭᠦᠯᠳᠡᠭ ᠪᠢᠯᠡ᠃ ᠦᠷ᠎ᠡ ᠬᠡᠤᠬᠡᠳ ᠨᠢ ᠴᠤ ᠠᠪᠤ ᠡᠵᠢ ᠶᠢᠨ ᠢᠶᠠᠨ ᠰᠤᠶᠤᠯ ᠤᠨ ᠤᠬᠢ ᠰᠢᠩᠭᠡᠭᠰᠡᠨ ᠤᠶᠤᠨ ᠤ ᠤᠨᠳᠤᠷᠤᠭ᠎ᠠ ᠠᠴᠠ ᠰᠢᠮ᠎ᠡ ᠬᠦᠷᠲᠡᠵᠤ ᠦᠪ ᠰᠤᠶᠤᠯ ᠳᠠᠭᠠᠨ ᠬᠠᠶᠢᠷᠲᠠᠢ ᠪᠤᠯᠤᠬᠰᠠᠨ ᠢᠶᠠᠷ ᠦᠯᠦ ᠪᠠᠷᠠᠨ ᠬᠢᠴᠢᠶᠡᠯ ᠰᠤᠷᠤᠯᠭ᠎ᠠ ᠳᠠᠭᠠᠨ ᠤᠨᠴᠠ ᠴᠢᠷᠮᠠᠶᠢᠯᠲᠠ ᠲᠠᠢ ᠰᠢᠯᠢᠳᠡᠭ ᠰᠤᠷᠤᠬᠴᠢ ᠪᠤᠯᠵᠤ ᠲᠤᠰ ᠲᠤᠰ ᠲᠠᠭᠠᠨ ᠡ᠊ᠡᠭᠭᠡᠷ ᠲᠡᠭᠡᠨ ᠮᠧᠳᠠᠯ ᠲᠠᠢ᠂ ᠭᠠᠷ ᠲᠠᠭᠠᠨ ᠢᠷᠠᠭᠤ ᠠᠯᠲᠠᠷ ᠤᠨ ᠦᠨᠡᠮᠯᠡᠯ ᠲᠠᠢ ᠴᠢᠷᠮᠠᠶᠢᠨ ᠰᠤᠷᠤᠯᠴᠠᠵᠤ ᠪᠠᠶᠢᠨ᠎ᠠ᠃           ᠦᠷ᠎ᠡ ᠬᠡᠤᠬᠡᠳ ᠤᠨ ᠢᠶᠠᠨ ᠤᠬᠠᠭᠠᠨ ᠲᠤᠮᠤᠭᠠᠲᠠᠢ᠂ ᠠᠵᠢᠯᠴᠢ ᠬᠦᠳᠡᠯᠮᠦᠷᠢᠴᠢ᠂ ᠬᠢᠴᠢᠶᠡᠯ ᠰᠤᠷᠤᠯᠭ᠎ᠠ ᠳᠠᠭᠠᠨ ᠠᠮᠵᠢᠯᠲᠠ ᠲᠠᠢ ᠪᠠᠶᠢᠬᠤ ᠶᠢ ᠬᠠᠷᠠᠨ ᠪᠠᠶᠠᠰᠴᠤ ᠬᠡᠷ ᠤᠨ ᠡᠵᠡᠨ ᠰᠠᠶᠢᠰᠢᠶᠠᠯᠲᠤ ᠠᠵᠢᠯ ᠤᠨ ᠴᠢᠯᠦᠭᠡᠨ ᠳᠡᠭᠡᠨ ᠬᠦᠭᠵᠢᠮ ᠰᠤᠷᠴᠤ᠂ ᠨᠤᠲᠤᠭ ᠤᠰᠤᠨ ᠳᠠᠭᠠᠨ ᠲᠠᠨᠢᠬᠳᠠᠬᠰᠠᠨ ᠠᠷᠠᠳ ᠤᠨ ᠬᠦᠭᠵᠢᠮᠴᠢᠨ ᠪᠤᠯᠵᠤ ᠪᠠᠶᠢᠬᠤ ᠳᠤ ᠬᠡᠷ ᠤᠨ ᠡᠵᠡᠭᠳᠡᠢ ᠰᠡᠴᠡᠨᠬᠤᠷᠯᠦ ᠶᠢᠨ ᠰᠡᠳᠬᠢᠯ ᠨᠢ ᠲᠡᠨᠢᠢᠨ 2010 ᠤᠨ ᠳᠤ ᠪᠠᠭ᠎ᠠ ᠠᠴᠠ ᠪᠠᠨ ᠲᠤᠷ ᠎ᠠ ᠪᠠᠬ᠎ᠠ ᠲᠠᠢ ᠪᠠᠶᠢᠬᠰᠠᠨ ᠮᠤᠩᠭᠤᠯ ᠪᠦᠰᠡᠭᠦᠢ ᠶᠢᠨ ᠭᠠᠷ ᠤᠨ ᠤᠷ ᠎ᠠ᠂ ᠰᠡᠳᠬᠢᠯ ᠤᠨ ᠳᠠᠮᠢᠷ ᠰᠢᠩᠭᠡᠭᠰᠡᠨ ᠤᠷᠠᠨ ᠬᠠᠳᠬᠤᠮᠠᠯ ᠢ ᠰᠤᠷᠴᠤ ᠡᠬᠢᠯᠡᠵᠡᠢ᠃     ︽ᠰᠠᠶᠢᠨ ᠬᠦᠮᠦᠨ ᠳᠤ ᠰᠠᠶᠢᠬᠠᠨ ᠤᠴᠠᠷᠠᠯ ᠲᠠᠢ︾ ᠭᠡᠳᠡᠭ ᠢᠶᠠᠷ 2012 ᠤᠨ ᠳᠤ ᠦᠨᠳᠦᠰᠦᠲᠡᠨ ᠤ ᠰᠤᠶᠤᠯ ᠢ ᠬᠦᠭᠵᠢᠭᠦᠯᠭᠦ ᠨᠠᠮ ᠲᠦᠷᠦ ᠶᠢᠨ ᠪᠤᠳᠤᠯᠭ᠎ᠠ ᠶᠢᠨ ᠬᠠᠯᠠᠮᠵᠢ ᠪᠠᠷ ᠲᠤᠭ ᠪᠠᠯᠭᠠᠰᠤᠨ ᠤ ᠡᠮᠡᠭᠲᠡᠶᠢᠴᠤᠳ ᠤᠨ ᠬᠤᠯᠪᠤᠭ᠎ᠠ ᠠᠴᠠ ᠡᠷᠬᠢᠯᠡᠭᠰᠡᠨ ᠤᠷᠠᠨ ᠬᠠᠳᠬᠤᠮᠠᠯ ᠤᠨ ᠪᠤᠯᠪᠠᠰᠤᠷᠠᠯ ᠤᠨ ᠠᠩᠭᠢ ᠳᠤ ᠰᠤᠷᠤᠯᠴᠠᠵᠤ ᠤᠷ᠎ᠠ ᠮᠡᠷᠭᠡᠵᠢᠯ ᠢᠶᠠᠨ ᠲᠡᠭᠡᠭᠰᠢᠯᠡᠭᠦᠯᠦᠨ ᠬᠢᠷᠢ ᠲᠡᠩᠴᠡᠭᠰᠡᠨ ᠦᠨᠡᠮᠯᠡᠯ ᠢᠶᠠᠨ ᠠᠪᠤᠬᠰᠠᠨ ᠪᠠᠶᠢᠨ᠎ᠠ᠃ ᠰᠡᠴᠡᠨᠬᠤᠷᠯᠤ ᠤᠢᠢᠷ᠎ᠠ ᠶᠢᠨ ᠬᠡᠳᠦᠨ ᠵᠢᠯ ᠳᠤ ᠮᠠᠯ ᠲᠠᠷᠢᠶᠠᠯᠠᠩ ᠤᠨ ᠠᠵᠢᠯ ᠤᠨ ᠴᠢᠯᠦᠭᠡᠨ ᠳᠡᠭᠡᠨ 400 ᠭᠠᠷᠤᠢ ᠪᠦᠲᠦᠭᠡᠯ ᠤᠷᠠᠯᠠᠵᠤ ᠮᠡᠷᠭᠡᠵᠢᠯ ᠴᠢᠳᠠᠪᠤᠷᠢ ᠪᠠᠨ ᠲᠡᠭᠡᠭᠰᠢᠯᠡᠭᠦᠯᠬᠦ ᠶᠢᠨ ᠬᠠᠮᠲᠤ ᠵᠠᠬ᠎ᠠ ᠲᠡᠯᠬᠡᠭᠦᠷ ᠲᠤ ᠪᠦᠲᠦᠭᠡᠭᠳᠡᠭᠦᠨ ᠢᠶᠠᠨ ᠭᠠᠷᠭᠠᠵᠤ ᠪᠠᠭ᠎ᠠ ᠰᠠᠭ᠎ᠠ ᠤᠷᠤᠯᠭ᠎ᠠ ᠤᠯᠵᠤ ᠠᠶᠢᠯ ᠭᠡᠷ ᠤᠨ ᠢᠶᠠᠨ ᠠᠷᠰᠠᠷ ᠵᠠᠷᠤᠳᠠᠯ ᠢ ᠰᠢᠢᠳᠪᠦᠷᠢᠯᠡᠬᠦ ᠪᠤᠯᠵᠠᠢ᠃     ︽ᠴᠢᠷᠮᠠᠶᠢᠯᠭ᠎ᠠ ᠬᠦᠮᠦᠨ ᠢ ᠬᠦᠰᠡᠷᠳᠡᠭᠦᠯᠭᠦ ᠦᠭᠡᠢ︾ ᠭᠡᠳᠡᠭ ᠢᠶᠠᠷ ᠲᠡᠭᠦᠨ ᠤ ᠤᠷᠠᠯᠠᠵᠤ ᠬᠢᠭᠰᠡᠨ ᠪᠦᠲᠦᠭᠡᠯ ᠤᠳ ᠨᠢ ᠬᠤᠰᠢᠭᠤ᠂ ᠪᠠᠯᠭᠠᠰᠤ᠂ ᠭᠠᠴᠠᠭᠠᠨ ᠤ ᠲᠡᠰ ᠤᠨ ᠤᠷᠤᠯᠳᠤᠭᠠᠨ ᠳᠤ ᠣᠯᠠᠨ ᠣᠳᠠᠭ᠎ᠠ ᠱᠠᠩᠨᠠᠯ ᠬᠦᠬᠢᠭᠦᠯᠦᠯ ᠢ ᠭᠠᠷᠳᠠᠬᠰᠠᠨ ᠢᠶᠠᠷ ᠪᠠᠷᠠᠬᠤ ᠦᠭᠡᠢ᠂ ᠦᠤᠰᠢᠨ ᠬᠤᠰᠢᠭᠤᠨ ᠤ ᠠᠷᠠᠳ ᠤᠨ ᠤᠳᠬ᠎ᠠ ᠤᠷᠠᠯᠢᠬᠴᠢᠳ ᠤᠨ ᠡᠪᠯᠡᠯ ᠤᠨ ᠬᠡᠰᠢᠭᠦᠨ᠂ ᠦᠪᠦᠷ ᠮᠤᠩᠭᠤᠯ ᠤᠨ ᠮᠤᠩᠭᠤᠯ ᠦᠨᠳᠦᠰᠦᠲᠡᠨ ᠤ ᠤᠷᠠᠴᠤᠳ ᠤᠨ ᠨᠡᠶᠢᠬᠡᠮᠯᠢᠭ ᠤᠨ ᠬᠡᠰᠢᠭᠦᠨ ᠪᠤᠯᠵᠠᠢ᠃        ᠡᠳᠡᠭᠡᠷ ᠢᠷᠠᠭᠤ ᠠᠯᠳᠠᠷ ᠴᠢᠷᠮᠠᠶᠢᠯᠭ᠎ᠠ ᠨᠢ ᠰᠠᠶᠢᠰᠢᠶᠠᠯᠲᠤ ᠰᠡᠴᠡᠨᠬᠤᠷᠯᠤ ᠶᠢᠨ ᠵᠤᠷᠢᠭ ᠢ ᠤᠯᠠᠮ ᠡᠷᠴᠢᠯᠡᠵᠤ᠂ ᠤᠯᠠᠨ ᠵᠢᠯ ᠤᠨ ᠲᠤᠷᠰᠢ ᠬᠤᠷᠢᠶᠠᠨ ᠴᠤᠬᠯᠠᠭᠤᠯᠤᠬᠰᠠᠨ ᠬᠤᠪᠤᠷ ᠴᠤᠬᠠᠭ ᠬᠠᠭᠤᠴᠢᠨ ᠡᠳ᠋ᠯᠡᠯ ᠪᠠ ᠦᠪᠡᠷ ᠤᠨ ᠭᠠᠷ ᠢᠶᠠᠷ ᠢᠶᠠᠨ ᠤᠷᠠᠯᠠᠵᠤ ᠪᠦᠲᠦᠭᠡᠭᠰᠡᠨ ᠪᠦᠲᠦᠭᠡᠯ ᠢᠶᠠᠨ ᠨᠡᠶᠢᠯᠡᠭᠦᠯᠦᠨ ᠲᠤᠰᠬᠠᠢ ᠦᠵᠡᠭᠦᠯᠭᠡ ᠶᠢᠨ ᠭᠡᠷ ᠭᠠᠷᠭᠠᠵᠤ ᠦᠵᠡᠭᠴᠢ ᠲᠦᠮᠡᠨ ᠤ ᠪᠠᠨ ᠬᠡᠬᠡᠨ ᠮᠡᠯᠮᠡᠢ ᠳᠤ ᠬᠦᠷᠬᠡᠵᠤ ᠪᠠᠶᠢᠨ᠎ᠠ᠃     ᠡᠨᠡ ᠲᠤᠬᠠᠢ ᠰᠠᠶᠢᠰᠢᠶᠠᠯᠲᠤ᠂ ᠰᠡᠴᠡᠨᠬᠤᠷᠯᠤ ᠶᠠᠷᠢᠬᠤ ᠳᠠᠭᠠᠨ᠄ ︽ᠠᠪᠤ ᠡᠵᠢ ᠶᠢᠨ ᠢᠶᠠᠨ ᠦᠯᠡᠳᠡᠭᠡᠵᠤ ᠦᠭᠭᠦᠭᠰᠡᠨ ᠦᠪ ᠰᠤᠶᠤᠯ᠂ ᠨᠤᠲᠤᠭ ᠤᠰᠤᠨ ᠤ ᠪᠠᠨ ᠵᠠᠩ ᠲᠠᠳᠬᠠᠯ ᠢ ᠬᠠᠷᠠᠭᠤᠯᠤᠬᠰᠠᠨ ᠡᠳ᠋ᠯᠡᠯ ᠬᠡᠷᠡᠭᠰᠡᠯ ᠢᠶᠠᠷ ᠮᠤᠩᠭᠤᠯ ᠲᠡᠤᠬᠡ ᠰᠤᠶᠤᠯ ᠳᠠᠭᠠᠨ ᠦᠴᠦᠬᠡᠨ ᠴᠤ ᠬᠡᠰᠡᠨ ᠬᠤᠪᠢ ᠨᠡᠮᠡᠷᠢ ᠦᠵᠡᠭᠦᠯᠭᠦ ᠪᠤᠯ ᠪᠢᠳᠠᠨ ᠤ ᠵᠤᠷᠢᠯᠭ᠎ᠠ ᠪᠤᠶᠤ ᠭᠤᠤᠯ ᠡᠭᠦᠷᠬᠡ ᠬᠠᠷᠢᠭᠤᠴᠠᠯᠭ᠎ᠠ ᠪᠤᠯᠬᠤ ᠶᠤᠮ᠃ ᠪᠢᠳᠠ ᠦᠷᠭᠦᠯᠵᠢᠯᠡᠨ ᠴᠢᠷᠮᠠᠶᠢᠵᠤ ᠤᠯᠠᠨ ᠠᠷᠪᠢᠨ ᠤᠯᠠᠮᠵᠢᠯᠠᠯᠲᠤ ᠬᠠᠭᠤᠴᠢᠨ ᠡᠳ᠋ᠯᠡᠯ ᠬᠡᠷᠡᠭᠰᠡᠯ ᠴᠤᠬᠯᠠᠭᠤᠯᠤᠨ ᠬᠠᠳᠠᠭᠠᠯᠠᠵᠤ᠂ ᠦᠷ᠎ᠠ ᠬᠤᠶᠢᠴᠢᠰ ᠲᠠᠭᠠᠨ ᠤᠯᠠᠮᠵᠢᠯᠠᠨ ᠦᠯᠡᠳᠡᠭᠡᠶ ᠎ᠡ ᠬᠡᠵᠤ ᠪᠤᠳᠤᠵᠤ ᠪᠠᠶᠢᠨ᠎ᠠ︾ ᠬᠡᠵᠤ ᠪᠠᠶᠢᠯ᠎ᠠ᠃     ᠰᠠᠶᠢᠰᠢᠶᠠᠯᠲᠤ ᠶᠢᠨ ᠨᠢᠬᠡ ᠬᠡᠷ ᠤᠨ ᠬᠢᠨ ᠤ ᠦᠪ ᠰᠤᠶᠤᠯ ᠢᠶᠠᠨ ᠬᠡᠰᠡᠨ ᠬᠠᠳᠠᠭᠠᠯᠠᠮᠵᠢ ᠤᠯᠠᠮ ᠠᠴᠠ ᠤᠯᠠᠮ ᠦᠷᠬᠡᠵᠢᠨ ᠵᠤᠵᠠᠭᠠᠷᠠᠬᠤ ᠪᠤᠯᠲᠤᠭᠠᠢ᠃  
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号